ᠬᠢᠵᠢᠭ ᠢ ᠰᠡᠷᠬᠡᠶᠢᠯᠡᠬᠦ ᠬᠤᠭᠤᠴᠠᠭᠠᠨ ᠳᠤ ᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠢᠯ  ᠤᠨ ᠬᠦᠴᠢᠷᠳᠡᠯ ᠢ ᠮᠠᠨ ᠤ ᠤᠷᠤᠨ ᠨᠠᠢᠮᠨᠨ ᠠᠷᠭ᠎ᠠ ᠪᠠᠷ ᠰᠢᠢᠳᠪᠤᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2020/7/6
ᠤᠶᠢᠷ᠎ᠠ ᠳᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ᠂ ᠡᠳ᠋ ᠤᠨ ᠵᠠᠰᠠᠭ ᠤᠨ ᠲᠢᠩᠭᠢᠮ᠂ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠬᠡᠮ ᠤᠨ ᠠᠰᠠᠷᠠᠮᠵᠢ ᠶᠢᠨ ᠲᠢᠩᠭᠢᠮ ᠵᠡᠷᠬᠡ 9 ᠰᠠᠯᠠᠭ᠎ᠠ ᠮᠦᠴᠢᠷ ᠬᠠᠮᠳᠤᠷᠠᠨ ︽ᠬᠢᠵᠢᠭ ᠢ ᠰᠡᠷᠬᠡᠶᠢᠯᠡᠬᠦ ᠬᠤᠭᠤᠴᠠᠭᠠᠨ ᠳᠤ ᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠢᠯ ᠤᠨ ᠬᠦᠴᠢᠷᠳᠡᠯ ᠢ ᠰᠢᠢᠳᠪᠤᠷᠢᠯᠡᠬᠦ ᠬᠡᠳᠤᠨ ᠠᠷᠭ᠎ᠠ︾ ᠶᠢ ᠨᠡᠶᠢᠳᠡᠯᠡᠵᠤ᠂ ᠪᠦᠬᠦ ᠤᠷᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠢᠯ ᠤᠨ ᠬᠢᠨ ᠬᠢᠵᠢᠭ ᠤᠨ ᠨᠦᠯᠦᠬᠡ ᠶᠢ ᠢᠳᠡᠪᠬᠢᠳᠡᠢ ᠠᠷᠭᠠᠴᠠᠭᠠᠬᠤ ᠪᠠᠷ ᠲᠡᠮᠵᠢᠵᠤ᠂ ᠠᠵᠢᠯ ᠲᠦᠷᠤᠯ ᠤᠨ ᠡᠷᠡᠬᠦᠯ ᠬᠦᠭᠵᠢᠯᠳᠡ ᠶᠢ ᠠᠬᠢᠭᠤᠯᠵᠤ ᠪᠤᠢ᠃ ᠦᠪᠤᠷ ᠮᠤᠩᠭᠤᠯ ᠤᠨ ᠪᠤᠳᠠᠳᠠᠢ ᠠᠴᠠ ᠡᠬᠦᠰᠴᠤ ᠠᠪᠤᠬᠰᠠᠨ ᠨᠠᠢᠮᠠᠨ ᠲᠡᠮᠵᠢᠬᠦ ᠪᠤᠳᠤᠯᠭ᠎ᠠ᠄ ᠨᠢᠬᠡ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠤ ᠠᠬᠤᠶᠢᠯᠠᠯ ᠤᠨ ᠭᠠᠶᠢᠯᠢ ᠶᠢᠨ ᠲᠠᠷᠤᠭᠠᠰᠤ ᠶᠢ ᠬᠦᠡᠭᠭᠡᠯᠡᠨ᠎ᠡ᠃ ᠬᠢᠵᠢᠭ ᠠᠴᠠ ᠪᠤᠯᠵᠤ ᠡᠵᠡᠩᠨᠡᠬᠦ ᠳᠤ ᠪᠠᠨ ᠬᠦᠴᠢᠷᠳᠡᠵᠤ᠂ ᠭᠠᠶᠢᠯᠢ ᠪᠠᠨ ᠴᠠᠭ ᠲᠤ ᠪᠠᠨ ᠲᠤᠰᠢᠶᠠᠵᠤ ᠲᠡᠶᠢᠯᠬᠦ ᠦᠬᠡᠢ ᠪᠠᠶᠢᠭ᠎ᠠ ᠠᠰᠢᠭ ᠤᠷᠤᠯᠭ᠎ᠠ ᠶᠢᠨ ᠰᠢᠨᠵᠢ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠤ ᠠᠬᠤᠶᠢᠯᠠᠯ ᠪᠤᠶᠤ ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠵᠦᠪᠰᠢᠶᠡᠷᠡᠯ ᠢᠶᠠᠷ ᠬᠠᠤᠯᠢ ᠶᠤᠰᠤᠭᠠᠷ ᠭᠠᠶᠢᠯᠢ ᠪᠠᠨ ᠬᠤᠶᠢᠰᠢᠯᠠᠭᠤᠯᠤᠨ ᠲᠤᠰᠢᠶᠠᠵᠤ ᠪᠤᠯᠬᠤ ᠪᠦᠬᠡᠳ ᠬᠠᠮᠤᠭ ᠤᠷᠳᠤ ᠳᠤ ᠪᠠᠨ 3 ᠰᠠᠷ᠎ᠠ ᠠᠴᠠ ᠬᠡᠳᠤᠷᠡᠵᠤ ᠪᠤᠯᠬᠤ ᠦᠬᠡᠢ᠃ ᠬᠤᠶᠠᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠬᠡᠮ ᠤᠨ ᠲᠠᠭᠠᠳᠬᠠᠯ ᠢ ᠬᠠᠰᠤᠨ ᠬᠡᠯᠳᠦᠷᠢᠬᠦᠯᠵᠤ᠂ ᠬᠤᠶᠢᠰᠢᠯᠠᠭᠤᠯᠤᠨ ᠲᠤᠰᠢᠶᠠᠵᠤ ᠪᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠬᠢᠵᠢᠭ ᠤᠨ ᠬᠤᠭᠤᠴᠠᠭᠠᠨ ᠳᠤ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠬᠳᠠᠭᠠᠯ ᠢᠶᠠᠷ ᠨᠡᠶᠢᠬᠡᠮ ᠤᠨ ᠲᠠᠭᠠᠳᠬᠠᠯ ᠤᠨ ᠬᠡᠰᠡᠭ ᠬᠤᠭᠤᠴᠠᠭᠠᠨ ᠤ ᠬᠢ ᠶᠢ ᠬᠠᠰᠤᠵᠤ ᠬᠡᠯᠳᠤᠷᠢᠬᠦᠯᠬᠦ ᠪᠠ ᠬᠤᠶᠢᠰᠢᠯᠠᠭᠤᠯᠤᠨ ᠲᠤᠰᠢᠶᠠᠵᠤ ᠪᠤᠯᠤᠨ᠎ᠠ᠃ ᠬᠠᠰᠤᠵᠤ ᠬᠡᠯᠳᠤᠷᠢᠬᠦᠯᠬᠦ ᠪᠠ ᠬᠤᠶᠢᠰᠢᠯᠠᠭᠤᠯᠵᠤ ᠲᠤᠰᠢᠶᠠᠬᠤ ᠰᠦᠢᠳᠬᠡᠯ ᠤᠨ ᠲᠦᠷᠤᠯ ᠵᠦᠢᠯ᠂ ᠬᠤᠭᠤᠴᠠᠭ᠎ᠠ ᠪᠠ ᠪᠠᠷᠢᠮᠵᠢᠶ᠎ᠠ  ᠶᠢ ᠦᠪᠡᠷᠳᠡᠬᠡᠨ ᠵᠠᠰᠠᠬᠤ ᠤᠷᠤᠨ ᠤ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠭᠢᠮ᠂ ᠡᠳ᠋ ᠤᠨ ᠶᠠᠪᠤᠳᠠᠯ ᠤᠨ ᠲᠢᠩᠭᠢᠮ᠂ ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ︽ᠠᠵᠤ ᠠᠬᠤᠶᠢᠯᠠᠯ  ᠤᠨ ᠨᠡᠶᠢᠬᠡᠮ ᠤᠨ ᠲᠠᠭᠠᠳᠬᠠᠯ ᠤᠨ ᠰᠦᠢᠳᠬᠡᠯ ᠢ ᠬᠡᠰᠡᠭ ᠬᠤᠭᠤᠴᠠᠭ᠎ᠠ ᠪᠠᠷ ᠬᠠᠰᠤᠵᠤ ᠬᠡᠯᠳᠤᠷᠢᠬᠦᠯᠬᠦ ᠶᠢ ᠬᠡᠷᠡᠭᠵᠢᠬᠦᠯᠬᠦ ᠰᠠᠨᠠᠯ︾  ᠶᠤᠰᠤᠭᠠᠷ ᠨᠠᠶᠢᠳᠠᠪᠤᠷᠢᠵᠢᠭᠤᠯᠤᠨ᠎ᠠ᠃ᠭᠤᠷᠪᠠ᠂ ᠠᠵᠢᠯᠳᠠᠳ ᠤᠨ ᠦᠨᠳᠤᠰᠤᠨ ᠡᠮ ᠡᠮᠨᠡᠯᠬᠡ ᠶᠢᠨ ᠲᠠᠭᠠᠳᠬᠠᠯ ᠢ ᠬᠠᠰᠤᠵᠤ ᠲᠠᠳᠠᠪᠤᠷᠢᠯᠠᠨ᠎ᠠ᠃ ︽︿ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠵᠢᠯᠳᠠᠳ ᠤᠨ ᠦᠨᠳᠤᠰᠤᠨ ᠡᠮ ᠡᠮᠨᠡᠯᠬᠡ ᠶᠢᠨ ᠲᠠᠭᠠᠳᠬᠠᠯ ᠢ ᠬᠠᠰᠤᠵᠤ ᠲᠠᠳᠠᠪᠤᠷᠢᠯᠠᠬᠤ ᠲᠦᠰᠤᠯ﹀ ᠤᠨ ᠲᠤᠬᠠᠢ ᠲᠠᠷᠤᠮᠠᠯᠯᠠᠨ ᠲᠠᠷᠬᠠᠭᠠᠬᠰᠠᠨ ᠮᠡᠳᠡᠭᠳᠡᠯ︾ ᠢ ᠦᠨᠳᠤᠰᠤᠯᠡᠨ ᠭᠠᠵᠠᠷ ᠤᠷᠤᠨ ᠤ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠲᠦᠷᠢᠮ ᠲᠤᠬᠳᠠᠭᠠᠯ ᠶᠤᠰᠤᠭᠠᠷ ᠨᠢᠬᠡᠳᠤᠯᠳᠡᠢ ᠬᠡᠷᠡᠭᠵᠢᠬᠦᠯᠤᠨ᠎ᠡ᠃ᠲᠦᠷᠪᠡ᠂ ᠬᠢᠵᠢᠭ ᠲᠤ ᠨᠦᠯᠦᠬᠡᠯᠡᠭᠳᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠤᠷᠤᠨ ᠰᠠᠭᠤᠴᠨ ᠶᠢᠨ ᠨᠡᠶᠢᠳᠡ ᠶᠢᠨ ᠬᠤᠷᠲᠠᠮᠳᠤᠭᠤᠯᠭ᠎ᠠ ᠶᠢᠨ ᠮᠦᠡᠭᠭᠦ ᠶᠢ ᠬᠤᠶᠢᠰᠢᠯᠠᠭᠤᠯᠤᠨ ᠲᠤᠰᠢᠶᠠᠬᠤ ᠪᠠᠷ ᠡᠷᠡᠮᠡᠯᠵᠡᠯᠡᠵᠤ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠰᠢᠯᠵᠢᠬᠦᠯᠤᠨ ᠨᠡᠶᠢᠳᠡᠯᠡᠭᠰᠡᠨ᠂ ᠦᠪᠡᠷᠳᠡᠬᠡᠨ ᠵᠠᠰᠠᠬᠤ ᠤᠷᠤᠨ ᠤ ᠤᠷᠤᠨ ᠰᠠᠭᠤᠴᠨ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠭᠢᠮ ᠵᠡᠷᠬᠡ ᠭᠤᠷᠪᠠᠨ ᠰᠠᠯᠠᠭ᠎ᠠ ᠮᠦᠴᠢᠷ ᠤᠨ ︽ᠬᠢᠵᠢᠭ ᠢ ᠰᠡᠷᠬᠡᠶᠢᠯᠡᠬᠦ ᠬᠤᠭᠤᠴᠠᠭᠠᠨ ᠳᠤ ᠤᠷᠤᠨ ᠰᠠᠭᠤᠴᠨ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠭᠦ ᠶᠢ ᠬᠠᠮᠢᠶᠠᠷᠬᠤ ᠪᠠ ᠦᠢᠯᠡᠴᠢᠯᠡᠬᠦ ᠠᠵᠢᠯ ᠤᠨ ᠰᠠᠨᠠᠯ ᠤᠨ ᠲᠤᠬᠠᠢ ᠮᠡᠳᠡᠭᠳᠡᠯ︾ ᠤᠨ ᠱᠠᠭᠠᠷᠳᠠᠯᠭ᠎ᠠ ᠪᠠᠷ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ 6 ᠳ᠋ᠤᠭᠠᠷ ᠰᠠᠷ᠎ᠠ ᠶᠢᠨ 30 ᠠᠴᠠ ᠡᠮᠦᠨ᠎ᠡ ᠤᠷᠤᠨ ᠰᠠᠭᠤᠴᠨ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠭᠦ ᠶᠢ ᠬᠤᠶᠢᠰᠢᠯᠠᠭᠤᠯᠤᠨ ᠲᠤᠰᠢᠶᠠᠬᠤ ᠶᠢ ᠲᠤᠬᠳᠠᠭᠠᠯ ᠶᠤᠰᠤᠭᠠᠷ ᠡᠷᠡᠮᠡᠯᠵᠡᠯᠡᠵᠤ ᠪᠤᠯᠤᠨ᠎ᠠ᠂ ᠡᠶᠢᠮᠤ ᠪᠠᠶᠢᠳᠠᠯ ᠲᠤᠤᠷ᠎ᠠ ᠬᠤᠶᠢᠰᠢᠯᠠᠵᠤ ᠲᠤᠰᠢᠶᠠᠪᠠᠯ ᠲᠤᠰᠢᠶᠠᠬᠤ ᠴᠠᠭ ᠢᠶᠠᠨ ᠲᠠᠰᠤᠯᠳᠠᠭᠤᠯᠤᠬᠰᠠᠨ ᠢᠶᠠᠷ ᠪᠤᠳᠤᠬᠤ ᠦᠬᠡᠢ᠂ ᠠᠵᠢᠯᠳᠠᠳ ᠤᠨ ᠤᠷᠤᠨ ᠰᠠᠭᠤᠴᠨ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠭᠦ ᠪᠠᠨ ᠭᠠᠷᠭᠠᠨ ᠠᠪᠬᠤ ᠪᠠ ᠤᠷᠤᠨ ᠰᠠᠭᠤᠴᠨ ᠶᠢᠨ ᠨᠡᠶᠢᠳᠡ ᠶᠢᠨ ᠬᠤᠷᠠᠮᠳᠤᠯᠭ᠎ᠠ  ᠶᠢᠨ ᠮᠦᠡᠭᠭᠦ ᠶᠢᠨ ᠵᠢᠬᠡᠯᠡᠯᠬᠡ ᠡᠷᠡᠮᠡᠯᠵᠡᠯᠡᠬᠦ ᠶᠢ ᠨᠦᠯᠦᠬᠡᠯᠡᠬᠦ ᠦᠬᠡᠢ᠃ᠲᠠᠪᠤ᠂ ᠬᠡᠷ ᠤᠨ ᠲᠦᠷᠢᠶᠡᠰᠤ ᠶᠢ ᠵᠤᠬᠢᠰᠳᠠᠢ ᠪᠠᠷ ᠬᠡᠯᠳᠤᠷᠢᠬᠦᠯᠤᠨ᠎ᠡ᠃ ᠲᠦᠷᠢᠶᠡᠰᠤ ᠲᠤᠰᠢᠶᠠᠵᠤ ᠪᠤᠢ ᠠᠯᠪᠠᠨ ᠠᠴᠠ ᠪᠠᠶᠢᠭᠤᠯᠵᠤ ᠠᠷᠠᠳ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠷ ᠤᠨ ᠲᠦᠷᠢᠶᠡᠰᠤ ᠠᠴᠠ 2 ᠰᠠᠷ᠎ᠠ ᠬᠡᠯᠳᠤᠷᠢᠬᠦᠯᠤᠨ᠎ᠡ᠃ ᠲᠤᠰᠢᠶᠠᠵᠤ ᠲᠡᠶᠢᠯᠬᠦ ᠦᠬᠡᠢ  ᠪᠠᠶᠢᠪᠠᠯ ᠬᠤᠶᠢᠰᠢᠯᠠᠭᠤᠯᠤᠨ ᠲᠤᠰᠢᠶᠠᠬᠰᠠᠨ ᠴᠦ ᠪᠤᠯᠤᠨ᠎ᠠ᠃ ᠦᠮᠴᠢᠯᠡᠬᠦ ᠡᠷᠬᠡ ᠶᠢᠨ ᠰᠢᠨᠵᠢ ᠪᠦᠬᠦᠢ ᠬᠡᠷ ᠪᠠᠷᠢᠯᠭ᠎ᠠ ᠶᠢ ᠲᠦᠷᠢᠶᠡᠰᠤᠯᠡᠵᠤ ᠪᠤᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠷ ᠤᠨ ᠡᠵᠡᠨ ᠢ ᠬᠡᠷ ᠤᠨ ᠲᠦᠷᠢᠶᠡᠰᠤ ᠠᠴᠠ ᠬᠡᠯᠳᠤᠷᠢᠬᠦᠯᠬᠦ ᠶᠢ ᠵᠤᠷᠢᠬᠵᠢᠭᠤᠯᠵᠤ᠂ ᠪᠤᠳᠠᠳᠠᠢ ᠵᠦᠢᠯ ᠢ ᠬᠤᠶᠠᠷ ᠲᠠᠯ᠎ᠠ ᠪᠠᠷ ᠢᠶᠠᠨ ᠵᠦᠪᠯᠡᠵᠤ ᠪᠠᠶᠢᠭᠠᠳ ᠰᠢᠢᠳᠤᠨ᠎ᠡ᠃ᠵᠢᠷᠭᠤᠭ᠎ᠠ᠂ ᠮᠦᠡᠭᠭᠦᠨ ᠬᠦᠢᠯᠬᠡᠬᠡᠨ ᠢᠶᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠬᠦᠭᠵᠢᠯᠳᠡ ᠶᠢ ᠴᠢᠩᠭᠠᠳᠬᠠᠨ᠎ᠠ᠃ ᠬᠦᠭᠵᠢᠯᠳᠡ ᠶᠢᠨ ᠢᠷᠡᠬᠡᠳᠤᠢ ᠲᠠᠢ ᠪᠤᠯᠪᠠᠴᠤ ᠬᠢᠵᠢᠭ ᠲᠤ ᠨᠦᠯᠦᠬᠡᠯᠡᠭᠳᠡᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠤ ᠠᠬᠤᠶᠢᠯᠠᠯ ᠠᠴᠠ ᠬᠠᠮᠢᠶ᠎ᠠ ᠪᠦᠬᠦᠢ ᠮᠦᠡᠭᠭᠦᠨ ᠬᠦᠢᠯᠬᠡᠬᠡᠨ ᠤ ᠪᠠᠶᠢᠭᠤᠯᠤᠮᠵᠢ ᠵᠢᠬᠡᠯᠡᠯᠬᠡ ᠪᠠᠷ ᠲᠠᠳᠠᠵᠤ᠂ ᠵᠢᠬᠡᠯᠡᠯᠬᠡ ᠪᠠᠨ ᠲᠠᠰᠤᠯᠬᠤ ᠪᠤᠶᠤ ᠵᠢᠬᠡᠯᠡᠯᠬᠡ ᠶᠢ ᠲᠠᠷᠤᠵᠤ ᠪᠤᠯᠬᠤ ᠦᠬᠡᠢ ᠪᠦᠬᠡᠳ ᠦᠷᠬᠦᠯᠵᠢᠯᠡᠨ ᠵᠢᠬᠡᠯᠡᠬᠦᠯᠵᠤ ᠪᠤᠯᠬᠤ ᠳᠤ ᠨᠢ ᠦᠷᠬᠦᠯᠵᠢᠯᠡᠨ ᠵᠢᠬᠡᠯᠡᠬᠦᠯᠬᠦ ᠬᠡᠷᠡᠭᠳᠡᠢ᠃ ᠬᠢᠵᠢᠭ ᠲᠤ ᠨᠦᠯᠦᠬᠡᠯᠡᠭᠳᠡᠭᠰᠡᠨ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠬᠡᠨ ᠤ ᠠᠵᠤ ᠠᠬᠤᠶᠢᠯᠠᠯ ᠤᠨ ᠪᠡᠯᠨ ᠲᠤᠬᠢᠷᠠᠭᠤᠯᠭ᠎ᠠ ᠶᠢᠨ ᠲᠠᠭᠠᠭᠠᠯᠳᠠ ᠶᠢ ᠤᠯᠠᠮ ᠲᠡᠮᠵᠢᠵᠤ᠂ ᠠᠵᠤ ᠠᠬᠤᠶᠢᠯᠠᠯ ᠤᠨ ︽ᠪᠡᠯᠨ ᠬᠤᠷᠠᠮᠳᠤᠭᠤᠯᠬᠤ ᠳᠤ ᠬᠦᠴᠢᠷ︾᠂ ︽ᠪᠡᠯᠨ ᠬᠤᠷᠠᠮᠳᠤᠭᠤᠯᠬᠤ ᠳᠤ ᠦᠨᠡᠳᠡᠢ︾ ᠪᠠᠶᠢᠬᠤ ᠠᠰᠠᠭᠤᠳᠠᠯ ᠢ ᠨᠠᠮᠳᠠᠭᠤᠯᠤᠨ᠎ᠠ᠃ᠲᠤᠯᠤᠭ᠎ᠠ᠂ ᠬᠤᠳᠠᠯᠳᠤᠭᠠᠨ ᠤ ᠲᠠᠭᠠᠳᠬᠠᠯ ᠤᠨ ᠦᠢᠯᠡᠳᠤᠯ ᠢ ᠪᠠᠳᠠᠷᠠᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭ᠎ᠠ  ᠶᠢᠨ ᠲᠠᠭᠠᠳᠬᠠᠯ ᠢ ᠲᠠᠭᠠᠭᠠᠴᠢᠯᠠᠨ ᠠᠪᠤᠬᠰᠠᠨ ᠪᠠᠶᠢᠭᠤᠯᠤᠮᠵᠢ ᠨᠢ ᠬᠢᠵᠢᠭ ᠤᠨ ᠬᠤᠭᠤᠴᠠᠭᠠᠨ ᠳᠤ ᠬᠢ ᠨᠠᠰᠤᠵᠢᠯ  ᠤᠨ ᠠᠰᠠᠷᠠᠮᠵᠢ ᠶᠢᠨ ᠪᠠᠶᠢᠭᠤᠯᠤᠮᠵᠢ ᠳᠤ ᠡᠬᠦᠰᠦᠭᠰᠡᠨ ᠬᠠᠷᠢᠭᠤᠴᠠᠯᠭ᠎ᠠ ᠶᠢᠨ ᠲᠠᠭᠠᠳᠬᠠᠯ ᠤᠨ ᠬᠦᠷᠢᠶ᠎ᠡ ᠬᠡᠪᠴᠢᠶ᠎ᠡ  ᠳᠤ ᠬᠢ ᠠᠳᠡᠯ ᠤᠨ ᠭᠠᠷ ᠬᠦᠢᠴᠡᠳᠬᠡᠯ ᠢ ᠲᠦᠬᠦᠮ ᠪᠤᠯᠭᠠᠵᠤ᠂ ᠲᠦᠯᠦᠬᠦ ᠴᠢᠬᠤᠯᠨ ᠲᠠᠢ ᠶᠢ ᠨᠢ ᠦᠳᠳᠡᠷ ᠲᠦᠯᠤᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠳᠡ ᠶᠢᠨ ᠲᠠᠷᠤᠭᠠᠰᠤ ᠶᠢ ᠬᠦᠡᠭᠭᠡᠯᠡᠬᠦ ᠬᠡᠷᠡᠭᠳᠡᠢ᠃ᠨᠠᠢᠮᠨ᠂ ᠠᠰᠠᠷᠠᠮᠵᠢ ᠶᠢᠨ ᠯᠤᠲᠲ᠋ᠧᠷᠢ ᠶᠢᠨ ᠨᠡᠶᠢᠳᠡ ᠶᠢᠨ ᠠᠰᠠᠷᠠᠮᠵᠢ ᠶᠢᠨ ᠮᠦᠡᠭᠭᠦ ᠪᠠᠷ ᠲᠡᠮᠵᠢᠬᠦ ᠠᠵᠢᠯ ᠢ ᠴᠢᠩᠭᠠᠳᠬᠠᠨ᠎ᠠ᠃ 2020 ᠤᠨ ᠤ ᠡᠯ᠎ᠡ ᠱᠠᠳᠤᠨ ᠤ ᠠᠰᠠᠷᠠᠮᠵᠢ ᠶᠢᠨ ᠯᠤᠲᠲ᠋ᠧᠷᠢ ᠶᠢᠨ ᠨᠡᠶᠢᠳᠡ ᠶᠢᠨ ᠠᠰᠠᠷᠠᠮᠵᠢ ᠶᠢᠨ ᠮᠦᠡᠭᠭᠦ ᠶᠢᠨ 50% ᠠᠴᠠ ᠲᠡᠭᠡᠭᠰᠢᠬᠢ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠬᠦᠭᠵᠢᠯᠳᠡ ᠳᠤ ᠵᠠᠷᠤᠴᠠᠭᠤᠯᠵᠤ᠂ ᠡᠬᠦᠨ ᠢ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠵᠢᠭ ᠢ ᠰᠡᠷᠬᠡᠶᠢᠯᠡᠬᠦ ᠡᠳ᠋ ᠪᠤᠳᠠᠰ ᠬᠤᠳᠠᠯᠳᠤᠨ ᠠᠪᠬᠤ᠂ ᠠᠶᠤᠯᠬᠦᠢ ᠬᠠᠮᠢᠶᠠᠷᠤᠯᠳᠠ ᠶᠢᠨ ᠪᠡᠯᠡᠳᠬᠡᠯ ᠲᠦᠬᠦᠬᠡᠷᠤᠮᠵᠢ ᠬᠤᠳᠠᠯᠳᠤᠨ ᠠᠪᠬᠤ ᠳᠤ ᠬᠡᠷᠡᠭᠯᠡᠵᠤ ᠪᠤᠯᠬᠤ ᠪᠦᠬᠡᠳ ᠬᠢᠵᠢᠭ ᠲᠤ ᠨᠤᠴᠢᠳᠠᠢ ᠨᠦᠯᠦᠬᠡᠯᠡᠭᠳᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠵᠤᠬᠢᠰᠳᠠᠢ ᠨᠦᠬᠦᠪᠤᠷᠢ ᠤᠯᠭᠤᠵᠤ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠲᠡᠰ ᠤᠨ ᠠᠰᠠᠷᠠᠮᠵᠢ ᠶᠢᠨ ᠯᠤᠲᠲ᠋ᠧᠷᠢ ᠶᠢᠨ  ᠬᠢᠨ 2020 ᠤᠨ ᠤ ᠠᠰᠠᠷᠠᠮᠵᠢ ᠶᠢᠨ ᠯᠤᠲᠲ᠋ᠧᠷᠢ ᠶᠢᠨ ᠨᠡᠶᠢᠳᠡ ᠶᠢᠨ ᠠᠰᠠᠷᠠᠮᠵᠢ ᠶᠢᠨ ᠮᠦᠡᠭᠭᠦ ᠶᠢ ᠬᠤᠪᠢᠶᠠᠷᠢᠯᠠᠬᠤ  ᠳᠤ ᠪᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠢᠵᠢᠭ ᠢ ᠰᠡᠷᠬᠡᠶᠢᠯᠡᠬᠦ ᠪᠡᠯᠨ ᠮᠦᠡᠭᠭᠦ  ᠵᠤᠬᠢᠰᠳᠠᠢ ᠪᠠᠷ ᠨᠦᠬᠦᠵᠤ ᠦᠭᠴᠤ ᠪᠤᠯᠤᠨ᠎ᠠ᠃︽ᠲᠡᠮᠵᠢᠬᠦ ᠪᠤᠳᠤᠯᠭ᠎ᠠ︾ ᠳᠤ ᠡᠮᠦᠨᠡᠬᠢ ᠲᠦᠷᠤ ᠶᠢᠨ ᠪᠤᠳᠤᠯᠭ᠎ᠠ ᠶᠢ ᠬᠡᠪᠯᠡᠬᠦᠯᠤᠨ ᠲᠠᠷᠬᠠᠭᠠᠬᠰᠠᠨ ᠡᠳᠤᠷ ᠠᠴᠠ ᠡᠬᠢᠯᠡᠨ ᠬᠡᠷᠡᠭᠵᠢᠬᠦᠯᠵᠤ᠂ ᠬᠢᠵᠢᠭ ᠤᠨ ᠰᠡᠷᠬᠡᠶᠢᠯᠡᠨ ᠡᠵᠡᠮᠳᠡᠬᠦ ᠠᠵᠢᠯ ᠵᠤᠬᠰᠤᠬᠰᠠᠨ ᠤ ᠲᠠᠷᠠᠭ᠎ᠠ ᠠᠶᠠᠨᠳᠠᠭᠠᠨ ᠬᠦᠴᠤᠨ ᠦᠬᠡᠢ ᠪᠤᠯᠤᠨ᠎ᠠ᠃ ᠲᠡᠷᠡᠴᠢᠯᠡᠨ ᠤᠯᠤᠰ ᠪᠠ ᠦᠪᠡᠷᠳᠡᠬᠡᠨ ᠵᠠᠰᠠᠬᠤ ᠤᠷᠤᠨ ᠠᠴᠠ ᠨᠢᠬᠡᠨᠳᠡ ᠦᠬᠡᠷ᠎ᠡ ᠲᠦᠷᠢᠮ ᠲᠤᠬᠳᠠᠭᠠᠯ ᠭᠠᠷᠤᠬᠰᠠᠨ ᠢ ᠨᠢ ︽ᠬᠠᠮᠤᠭ ᠤᠨ ᠲᠡᠬᠡᠷᠡᠬᠢ ᠲᠤᠬᠳᠠᠭᠠᠯ ᠢ ᠵᠢᠷᠤᠮᠯᠠᠬᠤ︾ ᠵᠠᠷᠴᠢᠮ ᠢᠶᠠᠷ ᠬᠡᠷᠡᠭᠵᠢᠬᠦᠯᠤᠨ᠎ᠡ ᠭᠡᠵᠤ ᠲᠤᠬᠳᠠᠵᠠᠢ᠃  
 
ᠢᠷᠡᠯᠲᠡ᠄ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号