ᠲᠦᠡᠭᠯᠢᠶᠤᠤ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠦᠨᠳᠤᠰᠤᠨ ᠵᠦᠢᠯ ᠢ ᠪᠠᠳᠤᠯᠠᠬᠤ ᠰᠡᠷᠬᠡᠶᠢᠯᠡᠯᠳᠡ ᠶᠢᠨ ᠱᠤᠭᠤᠮ ᠢ ᠪᠠᠳᠤᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2020/7/6
ᠲᠦᠡᠭᠯᠢᠶᠤᠤ ᠬᠤᠳᠠ ᠶᠢᠨ ᠬᠢᠨ ᠦᠨᠤ ᠵᠢᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠤᠷᠢᠳᠤ ᠢᠯᠠᠯᠳᠠ ᠶᠢ ᠲᠡᠮᠡᠴᠡᠨ ᠤᠯᠬᠤ ᠬᠠᠷᠠᠯᠳᠠ ᠡᠬᠦᠷᠬᠡ ᠶᠢᠨ ᠲᠤᠭᠤᠷᠢᠨ  ᠳᠤ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠳᠤᠯᠠᠬᠤ︾ ᠶᠢ ᠠᠳᠬᠤᠵᠤ᠂ ᠲᠦᠷᠪᠡᠨ ᠠᠷᠭ᠎ᠠ ᠪᠠᠷ ᠦᠨᠳᠤᠰᠤᠨ ᠵᠦᠢᠯ ᠢ ᠪᠠᠳᠤᠯᠠᠬᠤ ᠰᠡᠷᠬᠡᠶᠢᠯᠡᠯᠳᠡ ᠶᠢ ᠪᠠᠬᠢᠵᠢᠬᠦᠯᠵᠤ ᠪᠤᠢ᠃ᠨᠢᠬᠡ ᠳᠤ᠂ ᠭᠤᠤᠯᠳᠠᠯᠭ᠎ᠠ ᠲᠠᠢ ᠬᠦᠮᠦᠰ ᠤᠨ ᠪᠠᠶᠢᠳᠠᠯ ᠢ ᠤᠶᠢᠯᠠᠭᠠᠵᠤ ᠵᠠᠬ᠎ᠠ ᠲᠠᠷᠠᠭᠠᠯᠠᠨ ᠪᠠᠶᠢᠴᠠᠭᠠᠵᠤ ᠪᠠᠶᠢᠨ᠎ᠠ᠃ ᠶᠠᠳᠠᠭᠤ ᠠᠴᠠ ᠠᠩᠭᠢᠵᠢᠷᠠᠭᠠᠳᠤᠢ ᠶᠠᠳᠠᠭᠤ ᠬᠦᠴᠢᠷ ᠲᠠᠢ ᠬᠦᠮᠦᠰ᠂ ᠶᠠᠳᠠᠭᠤ ᠠᠴᠠ ᠠᠩᠭᠢᠵᠢᠷᠠᠬᠰᠠᠨ ᠪᠤᠯᠪᠠᠴᠤ ᠲᠠᠬᠢᠭᠠᠳ ᠶᠠᠳᠠᠭᠤᠷᠠᠬᠤ ᠪᠤᠯᠤᠯᠴᠠᠭ᠎ᠠ  ᠲᠠᠢ ᠬᠦᠮᠦᠰ᠂ ᠠᠨ᠎ᠠ ᠮᠠᠨ᠎ᠠ ᠪᠠᠶᠢᠭ᠎ᠠ ᠡᠷᠤᠬᠡ ᠶᠢᠨ ᠶᠠᠳᠠᠭᠤᠷᠠᠬᠤ ᠪᠤᠯᠤᠮᠵᠢ ᠲᠠᠢ ᠬᠦᠮᠦᠰ᠂ ᠬᠦᠳᠡᠯᠮᠤᠷᠢᠯᠡᠭᠦ ᠴᠢᠳᠠᠪᠤᠷᠢ ᠦᠬᠡᠢ ᠶᠠᠳᠠᠭᠤ ᠬᠦᠮᠦᠰ᠂ ᠡᠪᠡᠳᠴᠢᠨ ᠬᠠᠭᠤᠴᠢᠨ᠂ ᠪᠠᠶᠢᠭᠠᠯᠢ ᠶᠢᠨ ᠭᠠᠮᠰᠢᠭ ᠠᠴᠠ ᠪᠤᠯᠵᠤ ᠠᠶᠢᠯ ᠪᠦᠯᠢ ᠶᠢᠨ ᠤᠷᠤᠯᠭ᠎ᠠ ᠨᠢ ᠦᠳᠳᠤᠷ ᠪᠠᠭᠠᠰᠤᠬᠰᠠᠨ ᠪᠤᠶᠤ ᠵᠠᠷᠤᠯᠭ᠎ᠠ ᠨᠢ ᠦᠳᠳᠡᠷ ᠨᠡᠮᠡᠭᠳᠡᠭᠰᠡᠨ ᠵᠡᠷᠬᠡ ᠲᠠᠪᠤᠨ ᠵᠦᠢᠯ ᠤᠨ ᠡᠷᠤᠬᠡ ᠶᠢ ᠭᠠᠴᠠᠭ᠎ᠠ ᠲᠤᠰᠬᠤᠨ ᠢᠶᠠᠷ ᠨᠢᠬᠡᠴᠨ ᠪᠤᠯᠭᠠᠨ ᠡᠷᠤᠬᠡ ᠲᠠᠷᠠᠭᠠᠯᠠᠨ ᠪᠠᠶᠢᠴᠠᠭᠠᠵᠠᠢ᠃ ᠤᠳᠤ ᠪᠤᠯᠳᠠᠯ᠎ᠠ 1.8 ᠲᠦᠮᠡᠨ ᠡᠷᠤᠬᠡ ᠶᠢ ᠪᠠᠶᠢᠴᠠᠭᠠᠵᠤ᠂ ᠪᠦᠬᠦ ᠬᠤᠳᠠ ᠶᠢᠨ ᠲᠠᠩᠰᠠᠯᠠᠵᠤ ᠺᠠᠷᠲ᠋ᠠᠯᠠᠬᠰᠠᠨ 4.4 ᠲᠦᠮᠡᠨ ᠬᠦᠮᠦᠨ ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠬᠦᠮᠦᠨ ᠠᠮᠨ᠂ ᠤᠨᠴᠨ ᠬᠦᠴᠢᠷᠳᠡᠯ ᠲᠠᠢ  ᠠᠰᠠᠷᠠᠨ ᠬᠠᠷᠠᠭᠠᠯᠵᠠᠬᠰᠠᠳ ᠢ ᠪᠦᠬᠦᠨ ᠢ ᠪᠠᠳᠤᠯᠠᠬᠤ ᠬᠡᠪᠴᠢᠶᠠᠨ ᠳᠤ ᠤᠷᠤᠭᠤᠯᠵᠤ᠂ ᠡᠨᠡ ᠨᠢ ᠶᠠᠳᠠᠭᠤ ᠠᠴᠠ ᠠᠩᠭᠢᠵᠢᠷᠠᠬᠰᠠᠳ ᠤᠨ 22.4% ᠶᠢ ᠡᠵᠡᠯᠡᠵᠡᠢ᠃ᠬᠤᠶᠠᠷ ᠲᠤ᠂ ᠨᠡᠶᠢᠬᠡᠮ ᠤᠨ ᠲᠤᠰᠠᠯᠠᠮᠵᠢ ᠶᠢᠨ ᠪᠠᠳᠤᠯᠠᠭ᠎ᠠ ᠶᠢᠨ ᠪᠠᠷᠢᠮᠵᠢᠶ᠎ᠠ ᠶᠢ ᠦᠷᠬᠦᠯᠵᠢᠯᠡᠨ ᠲᠡᠭᠡᠭᠰᠢᠯᠡᠬᠦᠯᠵᠤ ᠪᠤᠢ ᠃ 2020 ᠤᠨ ᠳᠤ ᠪᠦᠬᠦ ᠬᠤᠳᠠ ᠶᠢᠨ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠨᠢᠳᠤᠨᠤᠨ  ᠠᠴᠠ ᠲᠤᠰ ᠲᠤᠰ 28 ᠲᠦᠬᠦᠷᠢᠭ ᠪᠠ 327 ᠲᠦᠬᠦᠷᠢᠭ ᠲᠡᠭᠡᠭᠰᠢᠯᠡᠬᠦᠯᠦᠭᠰᠡᠨ ᠢᠶᠠᠷ ᠲᠤᠰ ᠲᠤᠰ ᠰᠠᠷ᠎ᠠ ᠳᠤ ᠪᠠᠨ 738 ᠲᠦᠬᠦᠷᠢᠭ ᠪᠠ ᠵᠢᠯ ᠳᠤ 5777 ᠲᠦᠬᠦᠷᠢᠭ ᠪᠤᠯᠵᠠᠢ᠃ ᠬᠤᠳᠠ ᠶᠢᠨ ᠶᠠᠳᠠᠭᠤ ᠬᠦᠴᠢᠷ ᠲᠠᠢ ᠬᠦᠮᠦᠰ ᠢ ᠲᠦᠪᠯᠡᠷᠡᠬᠦᠯᠤᠨ ᠬᠠᠨᠭ᠍ᠭᠠᠯᠭ᠎ᠠ ᠪᠠᠷ ᠤᠨᠳᠤᠷᠤᠭᠤᠯᠬᠤ ᠪᠠ ᠬᠠᠨᠭ᠍ᠭᠠᠯᠭ᠎ᠠ ᠪᠠᠷ ᠰᠠᠯᠤᠡᠩᠭᠢ ᠪᠠᠷ ᠤᠨᠳᠤᠷᠤᠭᠤᠯᠬᠤ ᠪᠠᠷᠢᠮᠵᠢᠶ᠎ᠠ ᠶᠢ ᠨᠢᠳᠤᠨᠤᠨ ᠤ ᠬᠢ ᠠᠴᠠ 100 ᠲᠦᠬᠦᠷᠢᠭ ᠨᠡᠮᠡᠭᠳᠡᠬᠦᠯᠦᠭᠰᠡᠨ ᠢᠶᠠᠷ ᠰᠠᠷ᠎ᠠ ᠳᠤ ᠬᠦᠮᠦᠨ ᠪᠦᠷᠢ ᠳᠤ 1700 ᠲᠦᠬᠦᠷᠢᠭ ᠪᠠ 1200 ᠲᠦᠬᠦᠷᠢᠭ ᠲᠤᠰᠬᠤ ᠪᠤᠯᠵᠠᠢ᠃ ᠲᠠᠷᠢᠶᠠᠯᠠᠬᠤ ᠮᠠᠯᠵᠢᠬᠤ ᠤᠷᠤᠨ ᠤ ᠤᠨᠴᠨ ᠬᠦᠴᠢᠷᠳᠡᠯᠳᠡᠢ ᠬᠦᠮᠦᠰ ᠢ ᠬᠠᠨᠭ᠍ᠭᠠᠯᠭ᠎ᠠ ᠪᠠᠷ ᠲᠦᠪᠯᠡᠷᠡᠬᠦᠯᠤᠨ ᠤᠨᠳᠤᠷᠠᠭᠤᠯᠬᠤ ᠪᠠ ᠬᠠᠨᠭ᠍ᠭᠠᠯᠭ᠎ᠠ ᠪᠠᠷ ᠲᠠᠷᠬᠠᠭᠠᠵᠤ ᠤᠨᠳᠤᠷᠠᠭᠤᠯᠬᠤ ᠪᠠᠷᠢᠮᠵᠢᠶ᠎ᠠ ᠶᠢ ᠨᠢᠳᠤᠨᠤᠨ ᠤ ᠬᠢ ᠠᠴᠠ 1000 ᠲᠦᠬᠦᠷᠢᠭ ᠪᠠ 400 ᠲᠦᠬᠦᠷᠢᠭ ᠨᠡᠮᠡᠭᠳᠡᠬᠦᠯᠵᠤ ᠂ ᠬᠦᠮᠦᠨ ᠪᠦᠷᠢ ᠵᠢᠯ ᠳᠤ 12000 ᠲᠦᠬᠦᠷᠢᠭ ᠪᠠ 7500 ᠲᠦᠬᠦᠷᠢᠭ ᠪᠤᠯᠭᠠᠵᠠᠢ᠃ ᠡᠶᠢᠨ ᠬᠦ ᠬᠤᠳᠠ ᠬᠦᠳᠡᠭᠡ ᠶᠢᠨ 1.6 ᠲᠦᠮᠡᠨ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠤᠯᠠᠭᠠᠳᠤ ᠬᠦᠮᠦᠨ ᠪᠠ ᠤᠨᠴᠨ ᠬᠦᠴᠢᠷᠳᠡᠯᠳᠡᠢ ᠠᠴᠠ ᠪᠤᠯᠵᠤ ᠲᠡᠳᠬᠦᠭᠳᠡᠵᠤ ᠪᠤᠢ 1.16 ᠲᠦᠮᠡᠨ ᠬᠦᠮᠦᠰ ᠤᠨ ᠦᠨᠳᠤᠰᠤᠨ ᠠᠮᠢᠳᠤᠷᠠᠯ ᠨᠢ ᠨᠡᠯᠢᠶᠡᠳ ᠪᠠᠳᠤᠯᠠᠭ᠎ᠠ ᠲᠠᠢ ᠪᠤᠯᠵᠠᠢ᠃ᠭᠤᠷᠪᠠ᠂ ᠨᠡᠶᠢᠬᠡᠮ ᠤᠨ ᠲᠤᠰᠠᠯᠠᠮᠵᠢ ᠶᠢᠨ ᠠᠵᠢᠯ ᠢᠶᠠᠨ ᠤᠯᠠᠮ ᠲᠦᠷᠢᠮᠵᠢᠬᠦᠯᠵᠤ ᠪᠠᠶᠢᠨ᠎ᠠ᠃ ︽2020 ᠤᠨ ᠤ ᠪᠦᠬᠦ ᠬᠤᠳᠠ ᠶᠢᠨ ᠲᠠᠷᠢᠶᠠᠯᠠᠬᠤ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠲᠤᠰᠬᠠᠶᠢᠯᠠᠨ ᠵᠠᠰᠠᠬᠤ ᠠᠵᠢᠯ ᠤᠨ ᠭᠤᠤᠯᠳᠠᠯᠭ᠎ᠠ︾ ᠭᠠᠷᠭᠠᠵᠤ᠂ ᠲᠠᠷᠢᠶᠠᠯᠠᠬᠤ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ  ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠠᠢ᠃ ︽ᠲᠦᠡᠭᠯᠢᠶᠤᠤ ᠬᠤᠳᠠ ᠶᠢᠨ ᠠᠵᠢᠯ  ᠤᠨ ᠴᠢᠳᠠᠪᠤᠷᠢ ᠪᠠᠨ ᠪᠦᠷᠢᠮᠤᠰᠤᠨ ᠠᠯᠳᠠᠬᠰᠠᠨ ᠪᠠ ᠠᠵᠢᠯ ᠤᠨ ᠴᠢᠳᠠᠪᠤᠷᠢ ᠲᠤᠷᠤᠢ ᠶᠠᠳᠠᠭᠤ ᠬᠦᠴᠢᠷᠳᠡᠯᠳᠡᠢ ᠬᠦᠮᠦᠰ ᠤᠨ ᠠᠰᠠᠷᠠᠨ ᠬᠠᠷᠠᠭᠠᠯᠵᠠᠬᠤ ᠠᠵᠢᠯ ᠢ ᠬᠠᠮᠢᠶᠠᠷᠬᠤ ᠠᠷᠭ᠎ᠠ︾ ᠶᠢ ᠲᠡᠬᠦᠯᠳᠡᠷᠵᠢᠬᠦᠯᠵᠤ᠂ ᠠᠵᠢᠯ ᠤᠨ ᠴᠢᠳᠠᠪᠤᠷᠢ ᠪᠠᠨ ᠪᠦᠷᠢᠮᠤᠰᠤᠨ ᠠᠯᠳᠠᠬᠰᠠᠨ ᠪᠠ ᠠᠵᠢᠯ ᠤᠨ ᠴᠢᠳᠠᠪᠤᠷᠢ ᠲᠤᠷᠤᠢ ᠨᠦᠬᠦᠴᠡᠯ ᠳᠤ ᠬᠦᠷᠦᠭᠰᠡᠳ ᠢ ᠠᠰᠠᠷᠠᠨ ᠬᠠᠷᠠᠭᠠᠯᠵᠠᠬᠤ ᠬᠡᠪᠴᠢᠶᠡᠨ ᠳᠤ ᠲᠠᠷᠤᠢ ᠤᠷᠤᠭᠤᠯᠪᠠ᠃ ᠢᠳᠡᠬᠡᠮᠵᠢ ᠶᠢ ᠨᠢ ᠮᠡᠳᠡᠭᠳᠡᠬᠦ ᠲᠦᠷᠢᠮ ᠪᠠ ᠨᠡᠶᠢᠬᠡᠮ ᠤᠨ ᠲᠤᠰᠠᠯᠠᠮᠵᠢ ᠶᠢᠨ ᠠᠵᠢᠯ ᠳᠤ ᠢᠳᠡᠬᠡᠯ ᠢᠶᠠᠨ ᠠᠯᠳᠠᠬᠰᠠᠳ ᠲᠤ ᠬᠡᠷᠡᠭᠵᠢᠬᠦᠯᠬᠦ ᠴᠡᠬᠡᠷᠯᠡᠯ ᠦᠵᠡᠬᠦᠯᠬᠦ ᠲᠤᠬᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠦᠬᠦ ᠬᠤᠳᠠ ᠶᠢᠨ ᠨᠡᠶᠢᠬᠡᠮ ᠤᠨ ᠲᠤᠰᠠᠯᠠᠮᠵᠢ ᠶᠢᠨ ᠠᠵᠢᠯ ᠤᠨ ᠢᠳᠡᠬᠡᠮᠵᠢ ᠶᠢᠨ ᠰᠢᠰᠲ᠋ᠧᠮ ᠢ ᠯᠠᠪᠳᠠᠭᠤᠨ ᠪᠠᠳᠤᠳᠠᠢ ᠪᠠᠶᠢᠭᠤᠯᠵᠤ ᠪᠠᠶᠢᠨ᠎ᠠ᠃ ᠦᠨᠳᠤᠰᠤᠨ ᠱᠠᠳᠤᠨ ᠤ ᠨᠡᠶᠢᠬᠡᠮ ᠤᠨ ᠲᠤᠰᠠᠯᠠᠮᠵᠢ ᠶᠢᠨ ᠠᠵᠢᠯ ᠤᠨ ᠬᠦᠢᠴᠡᠳᠬᠡᠬᠦ ᠴᠢᠳᠠᠪᠤᠷᠢ ᠶᠢᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠵᠠᠰᠠᠭ ᠤᠨ ᠤᠷᠳᠤᠨ ᠠᠴᠠ ᠬᠤᠳᠠᠯᠳᠤᠨ ᠠᠪᠤᠬᠰᠠᠨ ᠨᠡᠶᠢᠬᠡᠮ ᠤᠨ ᠲᠤᠰᠠᠯᠠᠮᠵᠢ ᠳᠤ ᠦᠢᠯᠡᠴᠢᠯᠡᠬᠦ ᠲᠦᠷᠤᠯ ᠵᠦᠢᠯ ᠤᠨ ᠬᠡᠷ᠎ᠡ ᠶᠢᠨ ᠮᠦᠡᠭᠭᠦ 1183 ᠲᠦᠮᠡᠨ ᠲᠦᠬᠦᠷᠢᠭ ᠪᠤᠯᠵᠠᠢ᠃ᠲᠦᠷᠪᠡ ᠳᠤ᠂ ᠲᠦᠷ ᠴᠠᠭ ᠤᠨ ᠲᠤᠰᠠᠯᠠᠮᠵᠢ ᠶᠢᠨ ᠦᠨᠳᠤᠰᠤᠨ ᠵᠦᠢᠯ ᠢ ᠪᠠᠳᠤᠯᠠᠬᠤ ᠠᠵᠢᠯ ᠤᠨ ᠦᠢᠯᠡᠳᠤᠯ ᠢ ᠦᠨᠡᠨ ᠬᠦ ᠪᠠᠳᠠᠷᠠᠭᠤᠯᠵᠤ ᠪᠠᠶᠢᠨ᠎ᠠ᠃ ᠬᠦᠴᠢᠷᠳᠠᠯᠳᠠᠢ ᠤᠯᠠᠨ ᠲᠦᠮᠡᠨ ᠢ ᠬᠦᠳᠡᠯᠤᠩᠭᠦᠢ ᠪᠠᠷ ᠤᠯᠵᠤ ᠮᠡᠳᠡᠬᠦ ᠲᠤᠬᠳᠠᠴᠨ ᠶᠢ ᠲᠡᠬᠦᠯᠳᠡᠷᠵᠢᠬᠦᠯᠤᠨ᠂ ᠬᠤᠯᠪᠤᠭᠠᠴᠢᠨ᠂ ᠬᠠᠪᠰᠤᠷᠤᠬᠴᠢ᠂ ᠰᠠᠶᠢᠨ ᠲᠤᠷᠠᠴᠤᠤᠯ ᠪᠤᠯᠤᠨ ᠰᠦᠯᠵᠢᠶᠡᠨ ᠤ ᠬᠠᠨᠳᠢᠪ ᠴᠤᠬᠯᠠᠭᠤᠯᠬᠤ ᠲᠠᠪᠴᠠᠩ  ᠢᠶᠠᠷ ᠲᠠᠮᠵᠢᠭᠤᠯᠤᠨ ᠬᠦᠳᠡᠯᠤᠩᠭᠦᠢ ᠪᠠᠷ ᠰᠡᠷᠡᠵᠤ ᠮᠡᠳᠡᠬᠦ ᠠᠷᠭ᠎ᠠ ᠵᠠᠮ ᠢᠶᠠᠨ ᠦᠷᠬᠡᠳᠬᠡᠵᠤ᠂ ᠵᠡᠮᠳᠡᠭ᠂ ᠬᠦᠨᠳᠤ ᠡᠪᠡᠳᠴᠢᠨ ᠲᠠᠢ ᠪᠤᠶᠤ ᠬᠡᠤᠬᠡᠳ ᠨᠢ ᠪᠢᠴᠢᠭ ᠦᠵᠡᠵᠤ ᠪᠤᠢ ᠠᠶᠢᠯ᠂ ᠠᠵᠢᠯ ᠠᠯᠳᠠᠬᠰᠠᠨ᠂ ᠠᠵᠢᠯ ᠤᠯᠬᠤ ᠳᠤ ᠬᠦᠴᠢᠷ ᠵᠡᠷᠬᠡ ᠰᠢᠯᠳᠠᠭᠠᠨ ᠠᠴᠠ ᠪᠤᠯᠵᠤ ᠬᠡᠷ ᠪᠦᠯᠢ ᠶᠢᠨ ᠤᠷᠤᠯᠭ᠎ᠠ ᠨᠢ ᠬᠦᠷᠤᠯᠴᠡᠬᠦ ᠦᠬᠡᠢ ᠪᠠᠶᠢᠭ᠎ᠠ ᠬᠦᠴᠢᠷᠳᠡᠯᠳᠡᠢ ᠠᠶᠢᠯ ᠡᠷᠤᠬᠡ ᠶᠢ ᠪᠦᠬᠦ ᠲᠠᠯ᠎ᠠ ᠪᠠᠷ ᠪᠠᠶᠢᠴᠠᠭᠠᠵᠤ᠂ ᠬᠦᠳᠡᠯᠤᠩᠭᠦᠢ ᠪᠠᠷ ᠲᠡᠮᠵᠢᠵᠤ ᠪᠤᠢ᠃ ᠦᠨᠤ ᠵᠢᠯ ᠨᠢᠬᠡᠨᠳᠡ 2709 ᠬᠦᠮᠦᠨ ᠤᠳᠠᠭ᠎ᠠ ᠲᠦᠷ ᠴᠠᠭ ᠲᠤᠰᠠᠯᠠᠨ ᠲᠡᠮᠵᠢᠵᠤ᠂ ᠲᠤᠰᠠᠯᠠᠨ ᠲᠡᠮᠵᠢᠬᠦ ᠪᠡᠯᠨ ᠮᠦᠡᠭᠭᠦ 673 ᠲᠦᠮᠡᠨ ᠲᠦᠬᠦᠷᠢᠭ ᠲᠠᠷᠬᠠᠭᠠᠵᠠᠢ᠃ ᠨᠡᠶᠢᠬᠡᠮ ᠤᠨ ᠲᠤᠰᠠᠯᠠᠮᠵᠢ ᠶᠢ ᠬᠦᠰᠡᠬᠦ ᠡᠷᠡᠮᠡᠯᠵᠡᠯ ᠢ ᠬᠦᠯᠢᠶᠡᠨ ᠠᠪᠬᠤ᠂ ᠬᠢᠨᠠᠨ ᠰᠢᠯᠭᠠᠬᠤ ᠪᠠ ᠬᠢᠨᠠᠨ ᠵᠦᠪᠰᠢᠶᠡᠷᠡᠬᠦ ᠠᠯᠬᠤᠮ ᠲᠠᠷᠠᠭ᠎ᠠ ᠶᠢ ᠰᠦᠯᠵᠢᠶ᠎ᠡ ᠪᠠᠷ ᠬᠦᠢᠴᠡᠳᠬᠡᠵᠤ᠂ ᠲᠧᠯᠸᠢᠰ᠂ ᠸᠢᠴᠠᠲ ᠵᠡᠷᠬᠡ ᠵᠠᠭᠤᠴᠢᠯᠠᠭᠤᠷ ᠢᠶᠠᠷ ᠨᠡᠶᠢᠬᠡᠮ ᠨᠡᠶᠢᠳᠡ ᠳᠤ ᠨᠡᠶᠢᠳᠡᠯᠡᠬᠦ ᠪᠠ ᠬᠤᠳᠠ᠂ ᠬᠤᠰᠢᠭᠤ ᠬᠤᠶᠠᠷ ᠱᠠᠳᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠡᠶᠢᠬᠡᠮ ᠤᠨ ᠲᠤᠰᠠᠯᠠᠮᠵᠢ ᠶᠢ ᠭᠤᠶᠤᠴᠢᠯᠠᠬᠤ ᠤᠳᠠᠰᠤ ᠶᠢ ᠰᠠᠭᠠᠳ ᠦᠬᠡᠢ ᠨᠡᠪᠳᠡᠷᠡᠬᠦᠯᠬᠦ ᠪᠠᠷ ᠲᠠᠮᠵᠢᠨ ᠬᠢᠵᠢᠭ ᠢ ᠰᠡᠷᠬᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠲᠤᠤᠷ᠎ᠠ ᠨᠡᠶᠢᠬᠡᠮ ᠤᠨ ᠲᠤᠰᠠᠯᠠᠮᠵᠢ ᠶᠢᠨ ᠠᠵᠢᠯ ᠢ ᠵᠠᠯᠭᠠᠭ᠎ᠠ ᠪᠠᠷ ᠬᠢᠵᠤ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号