ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ  ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2020/8/17
     ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠲᠤᠷᠠᠨ ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ 2020 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠣᠣᠯ ᠤᠨ ᠰᠠᠭᠤᠷᠢᠨ ᠳᠡᠭᠡᠷ᠎ᠡ 30 ᠲᠥᠭᠦᠷᠢᠭ ᠨᠡᠮᠡᠭᠳᠡᠭᠦᠯᠵᠤ᠂ ᠬᠥᠮᠦᠨ ᠨᠢᠭᠡᠪᠦᠷᠢ ᠳᠤ ᠵᠢᠯ ᠪᠦᠷᠢ 550 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ ᠭᠡᠵᠦ ᠲᠣᠭᠲᠠᠭᠠᠪᠠ᠃ ᠡᠭᠦᠨ ᠤ ᠬᠠᠮᠲᠤ ᠬᠤᠪᠢ ᠬᠥᠮᠦᠨ ᠤ ᠰᠦᠢᠳᠬᠡᠯ   ᠲᠤᠰᠢᠶᠠᠬᠤ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠵᠦ᠂ ᠬᠥᠮᠦᠨ ᠨᠢᠭᠡᠪᠤᠷᠢ ᠵᠢᠯ ᠳᠤ 280 ᠲᠥᠭᠦᠷᠢᠭ ᠲᠤ ᠬᠦᠷᠭᠡᠭᠰᠡᠨ ᠪᠠᠶᠢᠨ᠎ᠠ᠃ ᠡᠭᠦᠨ ᠠᠴᠠ ᠭᠠᠳᠠᠨ᠎ᠠ ︽ᠮᠡᠳᠡᠭᠳᠡᠯ︾ ᠳᠤ ᠨᠢᠭᠡᠳᠦᠯᠲᠡᠶ ᠲᠥᠯᠥᠪᠯᠡᠬᠦ ᠡᠯ᠎ᠡ ᠭᠠᠵᠠᠷ ᠣᠷᠣᠨ ᠨᠢ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠵᠢᠴᠢ ᠲᠦᠷᠦᠭᠦᠤ ᠭᠤᠷᠪᠠᠨ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃    ᠬᠠᠷᠠᠭᠠᠯᠵᠠᠯ ᠤᠨ ᠲᠦᠪᠰᠢᠨ ᠢ ᠲᠣᠭᠲᠠᠪᠤᠷᠢᠵᠢᠭᠤᠯᠬᠤ ᠲᠠᠯ᠎ᠠ ᠪᠠᠷ ︽ᠮᠡᠳᠡᠭᠳᠡᠯ︾ ᠳᠤ ᠡᠯ᠎ᠡ ᠭᠠᠵᠠᠷ ᠤᠨ ᠬᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠳᠤᠰᠠᠯᠠᠮᠵᠢ ᠵᠡᠷᠭᠡ  ᠭᠤᠷᠪᠠᠨ ᠳᠠᠪᠬᠤᠷ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ ᠬᠡᠮᠵᠢᠶ᠎ᠡ ᠶᠢ ᠳᠣᠭᠲᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠬᠤ ᠵᠠᠷᠤᠳᠠᠯ ᠤᠨ ᠥᠭᠬᠦ ᠬᠠᠷᠢᠴᠠᠯ ᠢ 75% ᠣᠷᠴᠢᠮ ᠳᠤ ᠬᠦᠷᠦᠭᠦᠯᠦᠨ᠎ᠡ᠃ ᠬᠦᠨᠳᠦ ᠡᠪᠡᠳᠴᠢᠨ ᠤ ᠳᠠᠭᠠᠳᠬᠠᠯ ᠤᠨ ᠪᠠᠲᠤᠯᠠᠭ᠎ᠠ ᠶᠢᠨ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠨ ᠤ ᠲᠥᠯᠥᠬᠦ ᠪᠠᠷᠢᠮᠵᠢᠶ᠎ᠠ ᠶᠢ 1.4 ᠲᠦᠮᠡᠨ ᠲᠥᠭᠦᠷᠢᠭ ᠪᠣᠯᠭᠠᠵᠤ᠂ ᠲᠥᠷᠦ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠥᠭᠬᠦ ᠬᠠᠷᠢᠴᠠᠯ ᠢ 60% ᠠᠴᠠ ᠳᠡᠭᠡᠭᠰᠢ ᠳᠤ ᠬᠦᠷᠭᠡᠨ᠎ᠡ᠃    ᠬᠦᠨᠳᠦ ᠡᠪᠡᠳᠴᠢᠨ ᠤ ᠳᠠᠭᠠᠳᠬᠠᠯ ᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠡᠯᠪᠠᠶᠢᠯᠭᠡᠵᠦ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠮᠠᠯᠵᠢᠬᠤ ᠲᠠᠷᠢᠶᠠᠯᠠᠬᠤ ᠣᠷᠣᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠡᠬᠢᠯᠡᠵᠦ ᠥᠭᠬᠦ ᠪᠠᠷᠢᠮᠵᠢᠶ᠎ᠠ ᠶᠢ ᠳᠠᠭᠠᠳᠬᠠᠯ ᠳᠤ ᠣᠷᠣᠭᠰᠠᠨ ᠡᠩ ᠤᠨ ᠰᠠᠭᠤᠭᠠᠯᠢ ᠠᠷᠠᠳ ᠤᠨ ᠬᠢ ᠠᠴᠠ ᠬᠠᠭᠠᠰ ᠢᠶᠠᠷ ᠪᠠᠭᠤᠷᠠᠭᠤᠯᠵᠤ᠂ ᠨᠦᠬᠦᠪᠤᠷᠢ ᠣᠯᠭᠤᠬᠤ ᠬᠠᠷᠢᠴᠠᠯ ᠢ 5% ᠪᠠᠷ ᠳᠡᠭᠡᠭᠰᠢᠯᠡᠭᠦᠯᠵᠦ᠂ ᠨᠦᠬᠦᠪᠤᠷᠢ ᠣᠯᠭᠤᠬᠤ ᠬᠠᠮᠤᠭ ᠤᠨ ᠦᠨᠳᠤᠷ ᠬᠢᠵᠠᠭᠠᠷᠯᠠᠯ ᠢ     ᠬᠦᠴᠦᠨ ᠥᠬᠡᠶ ᠪᠣᠯᠭᠠᠨ᠎ᠡ᠃ ᠡᠮᠨᠡᠯᠭᠡ ᠳᠤ ᠰᠠᠭᠤᠬᠤ ᠪᠠ ᠡᠭᠦᠳᠡᠨ ᠡᠮᠨᠡᠯᠭᠡ ᠶᠢᠨ ᠳᠤᠰᠠᠯᠠᠮᠵᠢ ᠬᠢᠷᠢ ᠬᠡᠮᠵᠢᠶ᠎ᠡ ᠶᠢ ᠪᠠᠬᠢᠵᠢᠭᠦᠯᠦᠨ  ᠂ ᠬᠦᠨᠳᠦ᠂ ᠣᠨᠴᠠ᠂ ᠶᠡᠭᠡ ᠡᠪᠡᠳᠴᠢᠲᠡᠨ ᠢ ᠲᠤᠰᠠᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠤ᠂ ᠡᠪᠡᠳᠴᠢᠨ ᠤ ᠲᠥᠷᠥᠯ ᠢᠶᠠᠷ  ᠬᠦᠨᠳᠦ᠂ ᠣᠨᠴᠠ᠂ ᠶᠡᠭᠡ ᠡᠪᠡᠳᠴᠢᠲᠡᠨ ᠢ ᠲᠤᠰᠠᠯᠠᠬᠤ ᠪᠠᠷᠢᠮᠵᠢᠶ᠎ᠠ ᠪᠣᠯᠭᠠᠬᠤ ᠶᠢ ᠰᠦᠪᠡᠭᠴᠢᠯᠡᠨ᠎ᠡ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号