ᠪᠦᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠰᠠᠶᠢᠴᠤᠤᠯ  ᠢ ᠬᠦᠬᠢᠭᠦᠯᠬᠦ  ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2020/9/16
    ᠪᠦᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠭᠦᠯᠤᠨ ᠰᠠᠶᠢᠰᠢᠶᠠᠬᠤ ᠶᠡᠭᠡ ᠬᠤᠷᠠᠯ 9 ᠳ᠋ᠤᠭᠡᠷ ᠰᠠᠷ᠎ᠠ ᠶᠢᠨ 8 ᠤ ᠡᠳᠤᠷ ᠤᠨ ᠦᠳᠡ ᠶᠢᠨ ᠡᠮᠤᠨ᠎ᠡ ᠪᠡᠭᠡᠵᠢᠩ ᠤᠨ ᠠᠷᠠᠳ  ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠲᠡᠮᠲᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠲᠤ ᠭᠠᠪᠢᠶᠠᠨ ᠲᠡᠮᠲᠡᠭ ᠱᠠᠩᠨᠠᠯ ᠤᠨ ᠲᠡᠮᠲᠡᠭ ᠣᠯᠭᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠢ᠃ ᠰᠢ ᠶᠢᠨ ᠫᠢᠩ᠂ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠮᠡᠴᠡᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠤᠭᠡᠯ ᠣᠯᠤᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠬᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠬᠠᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠤᠰᠤᠲᠡᠨ ᠤ ᠠᠭᠤᠤ ᠶᠡᠭᠡ ᠬᠦᠴᠤᠨ ᠴᠢᠳᠠᠯ ᠢ ᠭᠦᠢᠴᠡᠳ ᠬᠠᠷᠠᠭᠤᠯᠵᠤ᠂ ᠳᠤᠮᠳᠠᠳᠤ ᠶᠢᠨ ᠪᠣᠯᠪᠠᠰᠤᠨ ᠤ ᠭᠦᠨ ᠵᠤᠵᠠᠭᠠᠨ ᠲᠣᠲᠤᠭᠠᠳᠤ ᠠᠭᠤᠯᠬᠤᠨ ᠢ ᠭᠦᠢᠴᠡᠳ ᠬᠠᠷᠠᠭᠤᠯᠵᠤ᠂ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠣᠮᠣ ᠤᠯᠤᠰ  ᠤᠨ ᠤᠬᠠᠮᠰᠠᠷᠲᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠬᠠᠷᠠᠭᠤᠯᠵᠤ᠂ ᠪᠦᠬᠦ ᠨᠠᠮ ᠪᠦᠬᠦ ᠤᠯᠤᠰ ᠤᠨ ᠦᠨᠳᠤᠰᠤᠲᠡᠨ ᠨᠦᠭᠦᠳ ᠤᠨ ᠠᠷᠠᠳ ᠲᠦᠮᠡᠨ ᠤ ᠢᠲᠡᠭᠡᠯ ᠪᠠ ᠣᠮᠣᠭᠰᠢᠯᠲᠤ ᠰᠡᠳᠬᠢᠯᠭᠡ᠂ ᠨᠢᠭᠲᠠᠷᠠᠯ ᠤᠨ ᠬᠦᠴᠤ ᠪᠠ ᠲᠦᠪᠯᠡᠷᠡᠯ ᠤᠨ ᠬᠦᠴᠤ ᠶᠢ ᠲᠤᠶᠢᠯ ᠤᠨ ᠶᠡᠭᠡ ᠪᠠᠷ ᠨᠡᠮᠡᠭᠳᠡᠭᠦᠯᠪᠡ  ᠂ ᠡᠨᠡ ᠨᠢ ᠪᠢᠳᠠᠨ ᠢ ᠰᠢᠨ᠎ᠡ ᠴᠠᠭ ᠦᠶ᠎ᠡ  ᠶᠢᠨ ᠰᠢᠨ᠎ᠡ ᠠᠶᠠᠨ ᠳᠤ ᠪᠠᠨ ᠬᠠᠷᠰᠢ ᠰᠠᠭᠠᠳ ᠢ ᠢᠯᠠᠨ ᠳᠠᠪᠠᠵᠤ᠂ ᠡᠷᠡᠮᠡᠭᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠨᠢ ᠯᠠᠪᠲᠠᠢ  ᠶᠤᠮ ᠭᠡᠵᠤ ᠴᠢᠬᠤᠯᠠᠴᠢᠯᠠᠪᠠ᠃
       9 ᠰᠠᠷ᠎ᠠ ᠶᠢᠨ 8 ᠤ ᠡᠳᠤᠷ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ  ᠲᠠᠢ ᠲᠡᠮᠡᠴᠡᠭᠰᠡᠨ ᠬᠦᠬᠢᠬᠦᠯᠤᠨ  ᠶᠡᠭᠡ ᠰᠠᠶᠢᠰᠢᠶᠠᠬᠤ ᠬᠤᠷᠠᠯ ᠪᠡᠭᠡᠵᠢᠩ ᠳᠤ ᠶᠠᠪᠤᠬᠳᠠᠪᠠ᠃ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ  ᠤ ᠲᠡᠷᠢᠬᠦᠯᠡᠭᠴᠢ ᠰᠢ ᠶᠢᠨ ᠫᠢᠡᠭ ᠶᠡᠭᠡ ᠬᠤᠷᠠᠯ ᠲᠡᠬᠡᠷ᠎ᠡ ᠴᠢᠬᠤᠯᠨ ᠶᠠᠷᠢᠶ᠎ᠠ ᠲᠠᠯᠪᠢᠪᠠ᠃       ᠰᠢ ᠶᠢᠨ ᠫᠢᠩ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠨᠢ ᠳᠤᠮᠳᠠᠳᠤ ᠶᠢᠨ ᠦᠨᠳᠤᠰᠤᠲᠡᠨ ᠤ ᠤᠷᠲᠤ ᠬᠤᠭᠤᠴᠠᠭᠠᠨ ᠳᠤ ᠪᠦᠷᠢᠯᠳᠤᠭ᠍ᠰᠡᠨ ᠣᠨᠴᠠᠭᠠᠢ ᠲᠦᠷᠣᠯᠬᠢ ᠠᠪᠢᠶᠠᠰ ᠪᠣᠯᠤᠨ ᠰᠤᠶᠤᠯ ᠤᠨ ᠤᠳᠤᠮᠰᠢᠯ ᠯᠤᠭ᠎ᠠ ᠤᠳᠤᠮ ᠤᠭᠰᠠᠭ᠎ᠠ ᠨᠢᠭᠡᠲᠠᠢ ᠪᠠᠶᠢᠵᠤ᠂ ᠤᠯᠤᠰ ᠢᠶᠠᠨ ᠬᠠᠶᠢᠷᠠᠯᠠᠬᠤ ᠦᠵᠡᠯ᠂ ᠬᠠᠮᠲᠤᠴᠢ ᠦᠵᠡᠯ ᠂ ᠨᠡᠶᠢᠬᠡᠮ ᠵᠢᠷᠤᠮ ᠤᠨ ᠵᠣᠷᠢᠭ ᠰᠠᠨᠠᠭᠠᠨ ᠤ ᠤᠯᠠᠮᠵᠢᠯᠠᠯ ᠪᠠ ᠬᠦᠭᠵᠢᠭᠦᠯᠤᠯᠲᠠ ᠮᠦᠨ᠂ ᠳᠤᠮᠳᠠᠳᠤ ᠤᠯᠤᠰ ᠤᠨ  ᠵᠣᠷᠢᠭ ᠰᠠᠨᠠᠭᠠᠨ ᠤ ᠠᠮᠢᠳᠤᠯᠢᠭ ᠲᠠᠶᠢᠯᠪᠤᠷᠢᠯᠠᠯ ᠮᠦᠨ᠂ ᠡᠨᠡ   ᠨᠢ ᠦᠨᠳᠤᠰᠤᠲᠡᠨ ᠤ ᠵᠣᠷᠢᠭ ᠰᠠᠨᠠᠭ᠎ᠠ ᠪᠣᠯᠤᠨ ᠴᠠᠭ ᠦᠶ᠎ᠡ ᠶᠢᠨ ᠵᠣᠷᠢᠭ ᠰᠠᠨᠠᠭᠠᠨ ᠤ ᠳᠣᠲᠣᠭᠠᠳᠤ ᠠᠭᠤᠯᠬᠤᠨ ᠢ ᠡᠯᠪᠡᠭᠵᠢᠭᠦᠯᠵᠠᠢ᠃ ᠪᠢᠳᠠ ᠪᠦᠬᠦ ᠨᠡᠶᠢᠬᠡᠮ ᠳᠤ ᠬᠢᠵᠢᠭ  ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠭᠦᠨ ᠢ ᠨᠡᠶᠢᠬᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠤᠭᠡᠨ ᠪᠠᠶᠢᠭᠤᠯᠬᠤ᠂ ᠳᠤᠮᠳᠠᠳᠤ ᠶᠢᠨ ᠦᠨᠳᠤᠰᠤᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠤ ᠶᠢ ᠲᠡᠷᠭᠡᠯᠰᠢᠭᠦᠯᠬᠦ ᠬᠦᠴᠤᠷᠬᠡᠭ ᠶᠡᠭᠡ ᠬᠦᠴᠤᠨ ᠴᠢᠳᠠᠯ ᠪᠣᠯᠭᠠᠨ ᠬᠤᠪᠢᠷᠠᠭᠤᠯᠬᠤ ᠬᠡᠷᠡᠭᠲᠠᠢ ᠭᠡᠵᠤ ᠴᠢᠬᠤᠯᠠᠴᠢᠯᠠᠪᠠ᠃      
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号