ᠮᠠᠨ ᠤ ᠤᠷᠤᠨ ᠤ ᠨᠡᠶᠢᠭᠡᠮ ᠤᠨ ᠲᠤᠰᠠᠯᠠᠮᠵᠢ ᠶᠢᠨ ᠲᠠᠶᠢᠯᠤᠮᠵᠢ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠲᠤᠰᠠᠯᠠᠮᠵᠢ  ᠨᠢ ᠣᠨᠴᠠ ᠬᠦᠴᠢᠷᠳᠡᠯᠲᠡᠶ ᠬᠥᠮᠦᠰ ᠢ  ᠬᠡᠷᠬᠢᠨ  ᠲᠤᠰᠠᠯᠠᠨ ᠲᠡᠳᠭᠦᠳᠡᠭ ᠪᠤᠢ
ᠨᠡᠶᠢᠲᠡᠯᠡᠭᠰᠡᠨ ᠴᠠᠭ᠄
2021/11/10
    ᠨᠢᠭᠡ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ     ︽ᠨᠡᠶᠢᠭᠡᠮ ᠤᠨ ᠲᠤᠰᠠᠯᠠᠮᠵᠢ ᠶᠢᠨ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649  ᠳ᠋ᠤᠭᠡᠷ ᠲᠣᠭᠠᠲᠤ︶᠂ ︽ᠨᠡᠶᠢᠭᠡᠮ ᠤᠨ ᠲᠤᠰᠠᠯᠠᠮᠵᠢ ᠶᠢᠨ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︵ᠥᠪᠥᠷ ᠨᠠᠮ ᠠᠯᠪᠠᠨ ᠲᠠᠷᠬᠠᠭᠠᠭᠰᠠᠨ ︹ 2021 ︺ 5 ᠳ᠋ᠤᠭᠠᠷ ᠲᠣᠭᠠᠲᠤ︶᠂ ︽ᠣᠨᠴᠠ ᠬᠦᠴᠢᠷᠳᠡᠯᠲᠡᠶ ᠬᠥᠮᠦᠰ ᠢ  ᠲᠤᠰᠠᠯᠠᠵᠤ ᠲᠡᠳᠭᠦᠬᠦ ᠲᠦᠷᠢᠮ ᠢ ᠤᠯᠠᠮ  ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2016 ︺ 106 ᠳ᠋ᠤᠭᠠᠷ ᠲᠣᠭᠠᠲᠤ︶᠂ ︽︿ᠣᠨᠴᠠ ᠬᠦᠴᠢᠷᠳᠡᠯᠲᠡᠶ ᠬᠥᠮᠦᠰ ᠢ ᠨᠤᠳᠠᠯᠠᠨ ᠲᠤᠬᠳᠠᠭᠠᠬᠤ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠠᠷᠠᠳ ᠤᠨ ᠶᠠᠪᠤᠳᠠᠯ ᠤᠨ ᠶᠠᠮᠤᠨ ᠤ ᠮᠡᠳᠡᠭᠳᠡᠯ︾ ︵ᠠᠷᠠᠳ ᠲᠠᠷᠬᠠᠭᠠᠭᠰᠠᠨ ︹ 2021 ︺ 43 ᠳ᠋ᠤᠭᠠᠷ ᠲᠣᠭᠠᠲᠤ︶᠃    ᠬᠤᠶᠠᠷ᠂ ᠨᠤᠲᠠᠯᠠᠨ ᠲᠣᠭᠲᠠᠭᠠᠬᠤ ᠨᠥᠬᠦᠴᠡᠯ     ︵ᠨᠢᠭᠡ︶ ᠪᠠᠲᠤᠯᠠᠭ᠎ᠠ ᠶᠢᠨ ᠬᠡᠪᠴᠢᠶ᠎ᠡ    ᠲᠠᠷᠠᠭᠠᠬᠢ ᠨᠥᠬᠦᠴᠡᠯ ᠢ ᠵᠡᠷᠬᠡ ᠪᠠᠷ ᠪᠦᠷᠢᠯᠳᠦᠭᠦᠯᠦᠭᠰᠡᠨ ᠨᠠᠰᠤᠲᠠᠶᠢᠴᠤᠳ᠂ ᠵᠡᠮᠳᠡᠭᠴᠦᠳ ᠪᠠ ᠨᠠᠰᠤᠨ ᠳᠤ ᠥᠯᠥ ᠭᠦᠷᠦᠭᠰᠡᠳ ᠢ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠬᠠᠤᠯᠢ ᠶᠣᠰᠣᠭᠠᠷ ᠣᠷᠣᠭᠤᠯᠬᠤ ᠬᠡᠷᠡᠭᠲᠡᠶ᠄ 1᠂ ᠬᠥᠳᠡᠯᠮᠦᠷᠢᠯᠡᠬᠦ ᠴᠢᠳᠠᠪᠤᠷᠢ ᠤᠢᠭᠡᠢ︔ 2᠂ ᠠᠮᠢᠳᠤᠷᠠᠯ ᠤᠨ ᠢᠷᠡᠯᠳᠡ ᠦᠭᠡᠢ︔ 3᠂ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠡᠭᠦᠷᠭᠡᠲᠦ ᠬᠥᠮᠦᠨ ᠪᠤᠶᠤ ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠦᠨ ᠨᠢ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠢ᠃     ︵ᠬᠤᠶᠠᠷ︶ ᠬᠥᠳᠡᠯᠮᠦᠷᠢᠯᠡᠬᠦ ᠴᠢᠳᠠᠪᠤᠷᠢ ᠦᠭᠡᠢ ᠪᠠᠶᠢᠳᠠᠯ ᠢ ᠮᠠᠭᠠᠳᠯᠠᠨ ᠲᠣᠭᠲᠠᠭᠠᠬᠤ 1᠂ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠃2᠂ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ᠃3᠂ ᠵᠡᠮᠳᠡᠭ ᠤᠨ ᠲᠡᠰ ᠨᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠤᠢ ᠪᠢᠯᠢᠭ᠂ ᠤᠶᠤᠨ ᠮᠡᠳᠡᠷᠡᠯ  ᠨᠢ ᠵᠡᠮᠳᠡᠭᠴᠤᠳ᠂ ᠵᠡᠮᠳᠡᠭ ᠤᠨ ᠲᠡᠰ ᠨᠢ ᠨᠢᠭᠡᠳᠦᠭᠡᠷ᠂ ᠬᠤᠶᠠᠳᠤᠭᠠᠷ ᠳᠡᠰ ᠤᠨ ᠮᠥᠴᠢ ᠵᠡᠮᠳᠡᠭᠴᠤᠤᠯ᠂ ᠵᠡᠮᠳᠡᠭ  ᠤᠨ ᠲᠡᠰ ᠨᠢ ᠨᠢᠭᠡᠳᠦᠭᠡᠷ ᠳᠡᠰ ᠤᠨ ᠬᠠᠷᠠᠭ᠎ᠠ ᠵᠡᠮᠳᠡᠭᠴᠤᠳ᠃ ᡾ 4᠂ ᠡᠯ᠎ᠡ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠪᠠᠶᠢᠳᠠᠯ᠃     ︵ᠭᠤᠷᠪᠠ︶ ᠠᠮᠢᠳᠤᠷᠠᠯ ᠤᠨ ᠢᠷᠡᠯᠳᠡ ᠦᠭᠡᠢ ᠶᠢ ᠮᠠᠭᠠᠳᠯᠠᠨ ᠲᠣᠭᠲᠠᠭᠠᠬᠤ     ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠮᠥᠷᠲᠡᠭᠡᠨ ᠡᠳ᠋ ᠬᠥᠷᠥᠩᠭᠡ ᠨᠢ ᠡᠯ᠎ᠡ ᠭᠠᠵᠠᠷ ᠤᠨ ᠣᠨᠴᠠ ᠬᠦᠴᠢᠷᠳᠡᠯᠲᠡᠶ ᠬᠥᠮᠦᠰ ᠤᠨ ᠡᠳ᠋ ᠬᠥᠷᠥᠩᠭᠡ ᠶᠢᠨ ᠪᠠᠶᠢᠳᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠲᠣᠰ ᠠᠷᠭ᠎ᠠ ᠳᠤ ᠬᠡᠯᠡᠵᠦ ᠪᠠᠶᠢᠭ᠎ᠠ ᠠᠮᠢᠳᠤᠷᠠᠯ ᠤᠨ ᠢᠷᠡᠯᠲᠡ ᠥᠬᠡᠶ ᠪᠠᠷ ᠮᠠᠭᠠᠳᠯᠠᠨ ᠲᠣᠭᠲᠠᠭᠠᠬᠤ ᠬᠡᠷᠡᠭᠲᠡᠶ᠃     ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠣᠷᠣᠯᠭ᠎ᠠ ᠳᠤ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠦᠷᠦᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠵᠡᠷᠭᠡ ᠡᠯ᠎ᠡ ᠲᠦᠷᠦᠯ ᠤᠨ ᠣᠷᠣᠯᠭ᠎ᠠ ᠪᠠᠭᠲᠠᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ ᠂ ᠦᠨᠳᠦᠰᠦᠨ ᠡᠮᠴᠢᠯᠡᠭᠡ ᠶᠢᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠪᠠ ᠬᠠᠷᠠᠭᠠᠯᠵᠠᠯ ᠤᠨ ᠠᠰᠠᠷᠠᠮᠵᠢ ᠶᠢᠨ ᠮᠥᠩᠭᠦ ᠶᠢᠨ ᠥᠨᠳᠥᠷ ᠨᠠᠰᠤᠨ ᠤ ᠨᠦᠬᠦᠪᠤᠷᠢ ᠶᠢ ᠡᠭᠦᠨ ᠳᠤ ᠪᠤᠳᠤᠵᠤ ᠣᠷᠣᠭᠤᠯᠬᠤ ᠥᠬᠡᠶ᠃      ︵ᠲᠦᠷᠪᠡ︶ ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠦᠨ     ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠢ ᠪᠠᠶᠢᠳᠠᠯ ᠤᠨ ᠮᠠᠭᠠᠳᠯᠠᠯᠲᠠ 1᠂ ᠣᠨᠴᠠ ᠬᠦᠴᠢᠷᠳᠡᠯᠲᠡᠶ ᠬᠥᠮᠦᠰ᠃2᠂ ᠪᠦᠬᠦᠯᠢ 60 ᠨᠠᠰᠤᠨ ᠠᠴᠠ ᠳᠡᠭᠡᠭᠰᠢᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠴᠢᠳ᠃ 3᠂ ᠣᠷᠣᠯᠭ᠎ᠠ ᠨᠢ ᠲᠤᠬᠠᠶ ᠶᠢᠨ ᠭᠠᠵᠠᠷ ᠤᠨ ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ ᠮᠥᠷᠲᠡᠭᠡᠨ ᠡᠳ᠋ ᠬᠦᠷᠦᠩᠭᠡ ᠨᠢ ᠲᠤᠬᠠᠶ ᠶᠢᠨ ᠭᠠᠵᠠᠷ ᠤᠨ ᠣᠷᠣᠯᠭ᠎ᠠ ᠪᠠᠭᠠᠲᠠᠶ ᠭᠡᠷ ᠪᠦᠯᠢ ᠶᠢᠨ ᠡᠳ᠋ ᠬᠦᠷᠦᠩᠭᠡ ᠶᠢᠨ ᠪᠠᠶᠢᠳᠠᠯ ᠤᠨ ᠲᠤᠬᠠᠶ ᠲᠣᠭᠲᠠᠭᠠᠯ ᠳᠤ ᠨᠡᠶᠢᠴᠡᠭᠰᠡᠨ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ︔ 4᠂ ᠣᠷᠣᠯᠭ᠎ᠠ ᠨᠢ ᠲᠤᠬᠠᠶ ᠶᠢᠨ ᠭᠠᠵᠠᠷ ᠤᠨ ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ ᠮᠥᠷᠲᠡᠭᠡᠨ ᠡᠳ᠋ ᠬᠦᠷᠦᠩᠭᠡ ᠨᠢ ᠲᠤᠬᠠᠶ ᠶᠢᠨ ᠭᠠᠵᠠᠷ ᠤᠨ ᠣᠷᠣᠯᠭ᠎ᠠ ᠪᠠᠭᠠᠲᠠᠶ ᠭᠡᠷ ᠪᠦᠯᠢ ᠶᠢᠨ ᠡᠳ᠋ ᠬᠦᠷᠦᠩᠭᠡ ᠶᠢᠨ ᠪᠠᠶᠢᠳᠠᠯ ᠤᠨ ᠲᠤᠬᠠᠶ ᠲᠣᠭᠲᠠᠭᠠᠯ ᠳᠤ ᠨᠡᠶᠢᠴᠡᠭᠰᠡᠨ ᠨᠤᠴᠢᠳᠠᠢ ᠵᠡᠮᠳᠡᠭ ᠪᠠ ᠵᠡᠮᠳᠡᠭ ᠤᠨ ᠲᠡᠰ ᠨᠢ ᠭᠤᠷᠪᠠᠳᠤᠭᠠᠷ ᠳᠡᠰ ᠤᠨ ᠤᠶᠤᠨ ᠤ ᠮᠡᠳᠡᠷᠡᠯ ᠤᠨ ᠡᠪᠡᠳᠴᠢᠨ ᠲᠠᠢ ᠵᠡᠮᠳᠡᠭᠴᠤᠤᠯ᠃ 5᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ᠂ ᠠᠯᠠᠭ᠎ᠠ ᠪᠣᠯᠤᠭᠰᠠᠨ ᠢᠶᠠᠷ ᠵᠠᠷᠯᠠᠭᠳᠠᠭᠰᠠᠨ ᠪᠤᠶᠤ ᠭᠢᠨᠳᠠᠨ ᠳᠤ ᠡᠷᠡᠭᠦᠦ ᠶᠢᠨ ᠰᠢᠢᠳᠬᠡᠯ ᠭᠦᠢᠴᠡᠳᠬᠡᠵᠦ ᠪᠠᠶᠢᠭ᠎ᠠ ᠬᠥᠮᠦᠰ᠂ ᠲᠡᠷᠡ ᠮᠥᠷᠲᠡᠭᠡᠨ ᠡᠳ᠋ ᠬᠦᠷᠦᠩᠭᠡ ᠨᠢ ᠲᠤᠬᠠᠶ ᠶᠢᠨ ᠭᠠᠵᠠᠷ ᠤᠨ ᠣᠷᠣᠯᠭ᠎ᠠ ᠪᠠᠭᠠᠲᠠᠶ ᠭᠡᠷ ᠪᠦᠯᠢ ᠶᠢᠨ ᠡᠳ᠋ ᠬᠦᠷᠦᠩᠭᠡ ᠶᠢᠨ ᠪᠠᠶᠢᠳᠠᠯ ᠤᠨ ᠲᠤᠬᠠᠶ ᠲᠣᠭᠲᠠᠭᠠᠯ ᠳᠤ ᠨᠡᠶᠢᠴᠡᠭᠰᠡᠨ ᠪᠠᠶᠢᠬᠤ᠃6᠂ ᠡᠯ᠎ᠡ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠪᠠᠶᠢᠳᠠᠯ᠃      ᠭᠤᠷᠪᠠ᠂ ᠬᠢᠨᠠᠨ ᠬᠠᠷᠭᠤᠭᠤᠯᠵᠤ ᠨᠤᠲᠠᠯᠠᠭᠤᠯᠬᠤ ᠪᠠᠷ ᠭᠤᠶᠤᠴᠢᠯᠠᠬᠤ ᠵᠢᠷᠤᠮ     ︵ᠨᠢᠭᠡ︶ ᠭᠤᠶᠤᠴᠢᠯᠠᠬᠤ    ᠭᠤᠶᠤᠴᠢᠯᠠᠭᠴᠢ ᠨᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠢᠴᠢᠭ ᠤᠨ ᠭᠤᠶᠤᠴᠢᠯᠠᠯ ᠭᠠᠷᠭᠠᠨ᠎ᠠ᠃ ᠦᠪᠡᠷ ᠢᠶᠠᠨ ᠭᠤᠶᠤᠴᠢᠯᠠᠵᠤ ᠲᠡᠶᠢᠯᠬᠦ ᠦᠬᠡᠢ ᠪᠣᠯ ᠭᠠᠴᠠᠭ᠎ᠠ ᠲᠣᠰᠬᠤᠨ ᠤ ︵ᠰᠠᠭᠤᠭᠠᠯᠢ ᠠᠷᠠᠳ ᠤᠨ ᠵᠦᠪᠯᠡᠯ︶ ᠠᠷᠠᠳ ᠤᠨ ᠵᠥᠪᠯᠡᠯ ᠪᠤᠶᠤ ᠪᠤᠰᠤᠳ ᠬᠥᠮᠦᠨ ᠳᠤ ᠨᠠᠶᠢᠳᠠᠵᠤ ᠣᠷᠣᠯᠠᠨ ᠭᠤᠶᠤᠴᠢᠯᠠᠭᠤᠯᠵᠤ ᠪᠣᠯᠤᠨ᠎ᠠ᠃     ︵ᠬᠤᠶᠠᠷ︶ ᠠᠩᠬᠠᠨ ᠤ ᠬᠢᠨᠠᠯᠲᠠ    ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠠᠷᠭ᠎ᠠ ᠪᠠᠷ ᠭᠤᠶᠤᠴᠢᠯᠠᠭᠴᠢ ᠶᠢᠨ ᠠᠵᠤ ᠠᠬᠤᠶ ᠶᠢᠨ ᠪᠠᠶᠢᠳᠠᠯ᠂ ᠪᠣᠳᠠᠲᠠᠶ ᠠᠮᠢᠳᠤᠷᠠᠯ ᠤᠨ ᠪᠠᠶᠢᠳᠠᠯ ᠪᠤᠯᠤᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠵᠦ ᠪᠠᠶᠢᠭ᠎ᠠ ᠪᠠᠶᠢᠳᠠᠯ ᠵᠡᠷᠭᠡ ᠶᠢ ᠪᠠᠶᠢᠴᠠᠭᠠᠨ ᠬᠠᠷᠭᠤᠭᠤᠯᠬᠤ ᠶᠢᠨ ᠬᠠᠮᠲᠤ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠠᠩᠬ᠎ᠠ ᠬᠢᠨᠠᠭᠰᠠᠨ ᠰᠠᠨᠠᠯ ᠢ ᠭᠤᠶᠤᠴᠢᠯᠠᠭᠴᠢ ᠶᠢᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ ᠴᠠᠭ ᠲᠤᠬᠠᠢ  ᠳᠤ ᠨᠢ ᠢᠯᠡᠵᠢᠬᠦᠯᠬᠦ ᠬᠡᠷᠡᠭᠲᠡᠶ᠃     ︵ᠭᠤᠷᠪᠠ︶ ᠬᠢᠨᠠᠨ ᠬᠠᠷᠭᠤᠭᠤᠯᠵᠤ ᠨᠤᠲᠠᠯᠠᠬᠤ    ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠳᠡᠭᠡᠭᠰᠢ ᠮᠡᠳᠡᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ᠂ ᠪᠠᠶᠢᠴᠠᠭᠠᠯᠲᠠ ᠶᠢᠨ ᠮᠠᠲ᠋ᠧᠷᠢᠶᠠᠯ ᠪᠠ ᠠᠩᠬ᠎ᠠ ᠬᠢᠨᠠᠭᠰᠠᠨ ᠰᠠᠨᠠᠯ ᠢ ᠪᠥᠬᠦ ᠲᠠᠯ᠎ᠠ ᠪᠠᠷ ᠬᠢᠨᠠᠨ ᠬᠠᠷᠭᠤᠭᠤᠯᠵᠤ᠂ ᠬᠠᠷᠢᠴᠠᠯ ᠶᠣᠰᠣᠭᠠᠷ ᠰᠤᠭᠤᠴᠢᠨ ᠪᠠᠶᠢᠴᠠᠭᠠᠵᠤ ᠬᠠᠷᠭᠤᠭᠤᠯᠤᠭᠰᠠᠨ ᠤ ᠳᠠᠷᠠᠭ᠎ᠠ ᠨᠤᠲᠠᠯᠠᠬᠤ ᠰᠠᠨᠠᠯ ᠢᠶᠠᠨ ᠴᠠᠭ ᠲᠤᠬᠠᠶ ᠳᠤ ᠨᠢ ᠳᠤᠷᠠᠳᠬᠤ ᠬᠡᠷᠡᠭᠲᠡᠶ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号