︵ᠲᠦᠷᠪᠡᠳᠤᠬᠡᠷ ᠪᠦᠯᠦᠭ︶ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠶᠤᠨ ᠤ ᠡᠷᠡᠬᠦᠯ ᠬᠠᠮᠠᠭᠠᠯᠠᠯ ᠤᠨ ᠬᠠᠤᠯᠢ
ᠨᠡᠶᠢᠲᠡᠯᠡᠭᠰᠡᠨ ᠴᠠᠭ᠄
2021/11/12
  ᠲᠦᠷᠪᠡᠳᠤᠬᠡᠷ ᠪᠦᠯᠦᠭ      ᠤᠶᠤᠨ ᠤ ᠰᠠᠭᠠᠳ ᠢ ᠡᠷᠡᠬᠦᠯᠵᠢᠬᠦᠯᠬᠦ                                            ᠶᠢᠨ ᠲᠠᠨ᠎ᠠ ᠤᠷᠴᠢᠭᠤᠯᠪᠠ    ᠲᠠᠪᠢᠨ ᠲᠦᠷᠪᠡᠳᠤᠬᠡᠷ ᠵᠦᠢᠯ᠄ ᠨᠡᠶᠢᠬᠡᠮ ᠲᠤᠭᠤᠷᠢᠭ ᠤᠨ ᠡᠷᠡᠬᠦᠯᠵᠢᠬᠦᠯᠬᠦ ᠪᠠᠶᠢᠭᠤᠯᠤᠮᠵᠢ ᠨᠢ ᠡᠷᠡᠬᠦᠯᠵᠢᠬᠦᠯᠬᠦ ᠱᠠᠭᠠᠷᠳᠠᠯᠭ᠎ᠠ ᠲᠠᠢ ᠤᠶᠤᠨ ᠤ ᠰᠠᠭᠠᠳ ᠲᠠᠢ ᠡᠪᠡᠳᠴᠢᠳᠠᠨ ᠳᠤ ᠲᠠᠯᠠᠪᠤᠷ ᠪᠠ ᠨᠦᠬᠦᠴᠡᠯ ᠬᠠᠨᠭ᠍ᠭᠠᠵᠤ᠂ ᠡᠪᠡᠳᠴᠢᠳᠠᠨ  ᠳᠤ ᠪᠡᠶ᠎ᠡ ᠳᠤ ᠪᠠᠨ ᠵᠦᠪ ᠪᠤᠯᠬᠤ ᠴᠢᠳᠠᠪᠤᠷᠢ ᠪᠠ ᠨᠡᠶᠢᠬᠡᠮ ᠳᠤ ᠵᠤᠬᠢᠴᠠᠬᠤ ᠴᠢᠳᠠᠪᠤᠷᠢ ᠵᠡᠷᠬᠡ ᠲᠠᠯ᠎ᠠ ᠪᠠᠷ ᠡᠷᠡᠬᠦᠯᠵᠢᠬᠦᠯᠬᠦ ᠪᠤᠯᠪᠠᠰᠤᠷᠠᠯ ᠬᠢᠯᠬᠡᠬᠦ ᠬᠡᠷᠡᠭᠳᠡᠢ᠃     ᠲᠠᠪᠢᠨ ᠲᠠᠪᠤᠳᠤᠭᠠᠷ ᠵᠦᠢᠯ᠄ ᠡᠮᠴᠢᠯᠡᠬᠡᠨ ᠤ ᠪᠠᠶᠢᠭᠤᠯᠤᠮᠵᠢ ᠨᠢ ᠬᠡᠷ ᠲᠤ ᠪᠠᠨ ᠰᠠᠭᠤᠭ᠎ᠠ ᠨᠤᠴᠢᠳᠠᠢ ᠤᠶᠤᠨ  ᠤ ᠰᠠᠭᠠᠳ ᠲᠠᠢ ᠡᠪᠡᠳᠴᠢᠳᠠᠨ ᠳᠤ ᠮᠡᠳᠡᠷᠡᠯ ᠤᠨ ᠰᠠᠯᠠᠭᠠᠨ ᠤ ᠦᠨᠳᠤᠰᠤᠨ ᠡᠮ ᠲᠠᠡ ᠢ ᠪᠠᠳᠤᠯᠠᠬᠤ ᠡᠮᠴᠢᠯᠡᠭᠡ ᠬᠠᠨᠭ᠍ᠭᠠᠬᠤ ᠪᠦᠬᠡᠳ ᠨᠡᠶᠢᠬᠡᠮ ᠲᠤᠭᠤᠷᠢᠭ ᠤᠨ ᠡᠷᠡᠬᠦᠯᠵᠢᠬᠦᠯᠬᠦ ᠪᠠᠶᠢᠭᠤᠯᠤᠮᠵᠢ ᠨᠢ ᠤᠶᠤᠨ ᠤ ᠰᠠᠭᠠᠳ ᠲᠠᠢ ᠡᠪᠡᠳᠴᠢᠳᠠᠨ ᠢ ᠡᠷᠡᠬᠦᠯᠵᠢᠬᠦᠯᠬᠦ ᠮᠡᠷᠬᠡᠵᠢᠯ ᠤᠨ ᠵᠢᠯᠤᠭᠤᠳᠤᠯᠭ᠎ᠠ ᠬᠠᠨᠭ᠍ᠭᠠᠬᠤ ᠪᠠ ᠲᠡᠮᠵᠢᠬᠡ ᠦᠵᠡᠬᠦᠯᠬᠦ ᠬᠡᠷᠡᠭᠳᠡᠢ᠃    ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠵᠡᠷᠬᠡ ᠨᠢ ᠨᠤᠴᠢᠳᠠᠢ ᠤᠶᠤᠨ ᠤ ᠰᠠᠭᠠᠳ ᠲᠠᠢ ᠡᠪᠡᠳᠴᠢᠳᠠᠨ ᠤ ᠡᠷᠡᠬᠦᠯ ᠮᠡᠨᠳᠤ ᠶᠢᠨ ᠲᠠᠩᠰᠨ ᠡᠪᠬᠡᠮᠡᠯ ᠪᠠᠶᠢᠭᠤᠯᠵᠤ᠂ ᠬᠡᠷ ᠲᠤ ᠪᠠᠨ ᠰᠠᠭᠤᠭ᠎ᠠ ᠨᠤᠴᠢᠳᠠᠢ ᠤᠶᠤᠨ ᠤ ᠰᠠᠭᠠᠳ ᠲᠠᠢ ᠡᠪᠡᠳᠴᠢᠳᠠᠨ ᠢ ᠲᠤᠬᠳᠠᠬᠰᠠᠨ ᠬᠤᠭᠤᠴᠠᠭ᠎ᠠ ᠪᠠᠷ ᠨᠡᠬᠡᠨ ᠰᠤᠷᠪᠤᠯᠵᠢᠯᠠᠵᠤ᠂ ᠡᠪᠡᠳᠴᠢᠳᠠᠨ ᠤ ᠡᠮ ᠲᠠᠩ ᠢᠶᠠᠨ ᠤᠤᠭᠤᠬᠤ ᠪᠠ ᠡᠷᠡᠬᠦᠯᠵᠢᠬᠦᠯᠬᠦ ᠪᠤᠯᠪᠠᠰᠤᠷᠠᠯ ᠬᠢᠬᠦ ᠶᠢ ᠵᠢᠯᠤᠭᠤᠳᠬᠤ ᠶᠢᠨ ᠬᠠᠮᠳᠤ ᠡᠪᠡᠳᠴᠢᠳᠠᠨ ᠤ ᠬᠠᠷᠠᠭᠠᠯᠵᠠᠨ ᠬᠠᠮᠠᠭᠠᠯᠠᠬᠴᠢ ᠳᠤ ᠨᠢ ᠤᠶᠤᠨ ᠤ ᠡᠷᠡᠬᠦᠯ ᠬᠠᠮᠠᠭᠠᠯᠠᠯ ᠤᠨ ᠮᠡᠳᠡᠯᠬᠡ ᠪᠠ ᠬᠠᠷᠠᠵᠤ ᠬᠠᠷᠠᠭᠠᠯᠵᠠᠬᠤ ᠮᠡᠳᠡᠯᠬᠡ ᠶᠢᠨ ᠪᠤᠯᠪᠠᠰᠤᠷᠠᠯ ᠬᠦᠷᠳᠡᠬᠡᠬᠦ ᠬᠡᠷᠡᠭᠳᠡᠢ᠃ ᠰᠢᠶᠠᠨ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠨᠡᠶᠢᠬᠡᠮ ᠲᠤᠭᠤᠷᠢᠭ ᠤᠨ ᠦᠢᠯᠡᠴᠢᠯᠡᠬᠡᠨ  ᠤ ᠪᠠᠶᠢᠭᠤᠯᠤᠮᠵᠢ᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠲᠤᠰᠬᠤᠨ ᠤ ᠡᠷᠡᠬᠦᠯ ᠬᠠᠮᠠᠭᠠᠯᠠᠯ  ᠤᠨ ᠲᠠᠰᠤᠭ ᠲᠤ ᠡᠮᠦᠨ᠎ᠡ ᠦᠬᠦᠯᠡᠭᠰᠡᠨ ᠠᠵᠢᠯ ᠤᠨ ᠲᠤᠬᠠᠢ ᠵᠢᠯᠤᠭᠤᠳᠤᠯᠭ᠎ᠠ ᠪᠠ ᠪᠤᠯᠪᠠᠰᠤᠷᠠᠯ ᠬᠦᠷᠳᠡᠬᠡᠬᠦ ᠬᠡᠷᠡᠭᠳᠡᠢ     ᠲᠠᠪᠢᠨ ᠵᠢᠷᠭᠤᠳᠤᠭᠠᠷ ᠵᠦᠢᠯ᠄ ᠲᠤᠰᠬᠤᠨ ᠤ ᠠᠷᠠᠳ ᠤᠨ ᠵᠦᠪᠯᠡᠯ ᠰᠠᠭᠤᠭᠠᠯᠢ ᠠᠷᠠᠳ ᠤᠨ ᠵᠦᠪᠯᠡᠯ ᠨᠢ ᠠᠮᠢᠳᠤᠷᠠᠯ ᠨᠢ ᠬᠦᠴᠢᠷᠳᠡᠯᠳᠡᠢ ᠤᠶᠤᠨ ᠤ ᠰᠠᠭᠠᠳ ᠲᠠᠢ ᠡᠪᠡᠳᠴᠢᠳᠠᠨ ᠤ ᠬᠡᠷ ᠪᠦᠯᠢ ᠳᠤ ᠬᠠᠪᠰᠤᠷᠤᠯᠭ᠎ᠠ ᠦᠵᠡᠬᠦᠯᠬᠦ ᠪᠦᠬᠡᠳ ᠪᠠᠶᠢᠭ᠎ᠠ ᠭᠠᠵᠠᠷ ᠤᠨ ᠬᠢ ᠨᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠪᠤᠶᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ ᠰᠢᠶᠠᠨ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠡᠪᠡᠳᠴᠢᠳᠠᠨ ᠪᠤᠶᠤ ᠬᠡᠷ ᠪᠦᠯᠢ ᠶᠢᠨ ᠬᠢ ᠨᠢ ᠪᠠᠶᠢᠳᠠᠯ ᠪᠠ ᠱᠠᠭᠠᠷᠳᠠᠯᠭ᠎ᠠ ᠶᠢ ᠲᠤᠰᠬᠠᠵᠤ᠂ ᠬᠦᠴᠢᠷᠳᠡᠯ ᠢ ᠨᠢ ᠬᠠᠪᠰᠤᠷᠤᠨ ᠰᠢᠢᠳᠪᠤᠷᠢᠯᠡᠵᠤ ᠡᠪᠡᠳᠴᠢᠳᠠᠨ ᠤ ᠨᠡᠶᠢᠬᠡᠮ ᠳᠤ ᠠᠭᠤᠰᠤᠯᠴᠠᠬᠤ ᠳᠤ ᠨᠦᠬᠦᠴᠡᠯ ᠪᠦᠷᠢᠯᠳᠤᠬᠦᠯᠵᠤ ᠦᠭᠭᠦ ᠬᠡᠷᠡᠭᠳᠡᠢ᠃    ᠲᠠᠪᠢᠨ ᠲᠤᠯᠤᠳᠤᠭᠠᠷ ᠵᠦᠢᠯ᠄ ᠵᠡᠮᠳᠡᠭᠴᠤᠳ ᠤᠨ ᠵᠤᠬᠢᠶᠠᠨ ᠪᠠᠶᠢᠭᠤᠯᠤᠯᠳᠠ ᠪᠤᠶᠤ ᠵᠡᠮᠳᠡᠭᠴᠤᠳ ᠢ ᠡᠷᠡᠬᠦᠯᠵᠢᠬᠦᠯᠬᠦ ᠪᠠᠶᠢᠭᠤᠯᠤᠮᠵᠢ ᠨᠢ ᠤᠶᠤᠨ ᠤ ᠰᠠᠭᠠᠳ ᠲᠠᠢ ᠡᠪᠡᠳᠴᠢᠳᠠᠨ ᠤ ᠡᠷᠡᠬᠦᠯᠵᠢᠬᠦᠯᠬᠦ ᠬᠡᠷᠡᠭᠴᠡᠭᠡ ᠶᠢ ᠦᠨᠳᠤᠰᠤᠯᠡᠨ ᠡᠪᠡᠳᠴᠢᠳᠠᠨ ᠢ ᠵᠤᠬᠢᠶᠠᠨ ᠪᠠᠶᠢᠭᠤᠯᠵᠤ ᠡᠷᠡᠬᠦᠵᠢᠬᠦᠯᠬᠦ ᠠᠵᠢᠯᠯᠠᠭᠠᠨ ᠳᠤ ᠤᠷᠤᠯᠴᠠᠭᠤᠯᠬᠤ ᠬᠡᠷᠡᠭᠳᠡᠢ᠃    ᠲᠠᠪᠢᠨ ᠨᠠᠢᠮᠠᠳᠤᠭᠠᠷ ᠵᠦᠢᠯ᠄ ᠬᠦᠮᠦᠨ ᠬᠡᠷᠡᠭᠯᠡᠬᠦ ᠪᠠᠶᠢᠭᠤᠯᠭ᠎ᠠ ᠨᠢ ᠤᠶᠤᠨ ᠤ ᠰᠠᠭᠠᠳ ᠲᠠᠢ ᠡᠪᠡᠳᠴᠢᠳᠠᠨ ᠤ ᠪᠤᠳᠠᠳᠠᠢ ᠪᠠᠶᠢᠳᠠᠯ ᠢ ᠨᠢ ᠦᠨᠳᠤᠰᠤᠯᠡᠵᠤ ᠪᠠᠶᠢᠭᠠᠳ ᠡᠪᠡᠳᠴᠢᠳᠠᠨ ᠢᠶᠠᠷ ᠬᠢᠵᠤ ᠲᠡᠶᠢᠯᠬᠦ ᠠᠵᠢᠯ ᠢ ᠬᠢᠯᠬᠡᠵᠤ ᠡᠪᠡᠳᠴᠢᠳᠠᠨ ᠳᠤ ᠠᠳᠠᠯᠢ ᠲᠡᠰ ᠤᠨ ᠬᠠᠷᠠᠭᠠᠯᠵᠠᠯ ᠬᠦᠷᠳᠡᠬᠡᠨ ᠡᠪᠡᠳᠴᠢᠳᠠᠨ ᠢ ᠬᠡᠷᠡᠭᠴᠡᠭᠡ ᠪᠦᠬᠦᠢ ᠠᠵᠢᠯ ᠮᠡᠷᠬᠡᠵᠢᠯ  ᠤᠨ ᠴᠢᠳᠠᠪᠤᠷᠢ ᠶᠢᠨ ᠪᠤᠯᠪᠠᠰᠤᠷᠠᠯ ᠲᠤᠬᠢᠷᠠᠭᠤᠯᠤᠨ ᠤᠷᠤᠯᠴᠠᠭᠤᠯᠵᠤ᠂ ᠡᠪᠡᠳᠴᠢᠳᠠᠨ ᠤ ᠠᠵᠢᠯ ᠤᠯᠬᠤ ᠴᠢᠳᠠᠪᠤᠷᠢ  ᠶᠢ ᠲᠡᠭᠡᠭᠰᠢᠯᠡᠬᠦᠯᠤᠨ᠂ ᠡᠪᠡᠳᠴᠢᠳᠠᠨ ᠳᠤ ᠵᠤᠬᠢᠷᠠᠮᠵᠢᠳᠠᠢ ᠠᠵᠢᠯ ᠤᠨ ᠤᠷᠴᠢᠨ ᠲᠤᠭᠤᠷᠢᠨ ᠢ ᠪᠦᠷᠢᠯᠳᠤᠬᠦᠯᠤᠨ ᠦᠭᠴᠤ᠂ ᠡᠪᠡᠳᠴᠢᠳᠠᠨ ᠤ ᠠᠵᠢᠯ ᠤᠨ ᠲᠤᠮᠳᠠ ᠪᠠᠨ ᠤᠯᠤᠬᠰᠠᠨ ᠬᠢᠷᠢ ᠪᠦᠳᠦᠮᠵᠢ ᠶᠢ ᠨᠢ ᠬᠦᠬᠢᠬᠦᠯᠬᠦ ᠬᠡᠷᠡᠭᠳᠡᠢ᠃    ᠲᠠᠪᠢᠨ ᠶᠢᠰᠣᠳᠤᠬᠡᠷ ᠵᠦᠢᠯ᠄ ᠤᠶᠤᠨ ᠤ ᠰᠠᠭᠠᠳ ᠲᠠᠢ ᠡᠪᠡᠳᠴᠢᠳᠠᠨ ᠤ ᠬᠠᠷᠠᠭᠠᠯᠵᠠᠨ ᠬᠠᠮᠠᠭᠠᠯᠠᠬᠴᠢ ᠨᠢ ᠡᠪᠡᠳᠴᠢᠳᠠᠨ ᠳᠤ ᠬᠠᠮᠵᠢᠵᠤ ᠪᠠᠶᠢᠭᠠᠳ ᠪᠡᠶ᠎ᠡ ᠳᠤ ᠪᠠᠨ ᠵᠦᠪ ᠪᠤᠯᠬᠤ ᠴᠢᠳᠠᠪᠤᠷᠢ ᠪᠠ ᠨᠡᠶᠢᠬᠡᠮ ᠳᠤ ᠵᠤᠬᠢᠴᠠᠬᠤ ᠴᠢᠳᠠᠪᠤᠷᠢ ᠵᠡᠷᠬᠡ ᠲᠠᠯ᠎ᠠ ᠪᠠᠷ ᠬᠢ ᠡᠷᠡᠬᠦᠯᠵᠢᠬᠦᠯᠬᠦ ᠪᠤᠯᠪᠠᠰᠤᠷᠠᠯ ᠢ ᠬᠢᠯᠬᠡᠬᠦ ᠬᠡᠷᠡᠭᠳᠡᠢ᠃ᠤᠶᠤᠨ ᠤ ᠰᠠᠭᠠᠳ ᠲᠠᠢ ᠡᠪᠡᠳᠴᠢᠳᠠᠨ ᠤ ᠬᠠᠷᠠᠭᠠᠯᠵᠠᠨ ᠬᠠᠮᠠᠭᠠᠯᠠᠬᠴᠢ ᠨᠢ ᠡᠪᠡᠳᠴᠢᠳᠠᠨ ᠢ ᠬᠠᠷᠠᠵᠤ ᠬᠠᠷᠠᠭᠠᠯᠵᠠᠬᠤ ᠶᠠᠪᠤᠴᠨ ᠳᠤ ᠪᠠᠨ ᠮᠡᠷᠬᠡᠵᠢᠯ  ᠤᠨ ᠵᠢᠯᠤᠭᠤᠳᠤᠯᠭ᠎ᠠ ᠬᠡᠷᠡᠭᠰᠡᠪᠡᠯ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ ᠪᠤᠶᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ᠂ ᠨᠡᠶᠢᠬᠡᠮ ᠲᠤᠭᠤᠷᠢᠭ ᠤᠨ ᠡᠷᠡᠬᠦᠯᠵᠢᠬᠦᠯᠬᠦ ᠪᠠᠶᠢᠭᠤᠯᠤᠮᠵᠢ ᠨᠢ ᠮᠡᠷᠬᠡᠵᠢᠯ ᠤᠨ ᠵᠢᠯᠤᠭᠤᠳᠤᠯᠭ᠎ᠠ ᠬᠠᠨᠭ᠍ᠭᠠᠬᠤ ᠬᠡᠷᠡᠭᠳᠡᠢ᠃ ᠤᠷᠴᠢᠭᠤᠯᠤᠬᠴᠢ ᠶᠢᠨ ᠬᠠᠶ᠋ᠢᠭ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ 
 
ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号