ᠮᠠᠨ ᠤ ᠤᠷᠤᠨ ᠤ ᠲᠦᠷ ᠴᠠᠭ ᠤᠨ ᠲᠤᠰᠠᠯᠠᠮᠵᠢ ᠶᠢᠨ ᠲᠠᠶᠢᠯᠤᠮᠵᠢ᠄ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷ ᠴᠠᠭ ᠤᠨ ᠲᠤᠰᠠᠯᠠᠮᠵᠢ ᠶᠢᠨ ᠲᠦᠷᠤ ᠶᠢᠨ ᠪᠤᠳᠤᠯᠭ᠎ᠠ
ᠨᠡᠶᠢᠲᠡᠯᠡᠭᠰᠡᠨ ᠴᠠᠭ᠄
2021/11/17
      ᠨᠢᠭᠡ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ     ︽ᠨᠡᠶᠢᠭᠡᠮ ᠤᠨ ᠲᠤᠰᠠᠯᠠᠮᠵᠢ ᠶᠢᠨ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ   649  ᠳ᠋ᠤᠬᠡᠷ ᠲᠣᠭᠠᠲᠤ︶᠂ ︽ᠲᠦᠷ ᠴᠠᠭ ᠤᠨ ᠲᠤᠰᠠᠯᠠᠮᠵᠢ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2014 ︺ 47 ᠳ᠋ᠤᠭᠠᠷ ᠲᠣᠭᠠᠲᠤ︶᠂ ︽ᠲᠦᠷ ᠴᠠᠭ ᠤᠨ ᠲᠤᠰᠠᠯᠠᠮᠵᠢ ᠶᠢᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2015 ︺ 47 ᠳ᠋ᠤᠭᠠᠷ ᠲᠣᠭᠠᠲᠤ︶᠂ ︽ᠲᠦᠷ ᠴᠠᠭ ᠤᠨ ᠲᠤᠰᠠᠯᠠᠮᠵᠢ ᠶᠢᠨ ᠠᠵᠢᠯ ᠢ ᠤᠯᠠᠮ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠠᠳ ᠤᠨ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ︹ 2018 ︺ 69 ᠳ᠋ᠤᠬᠡᠷ ᠲᠣᠭᠠᠲᠤ︶᠃    ᠬᠤᠶᠠᠷ᠂ ᠲᠤᠰᠠᠯᠠᠮᠵᠢ ᠬᠦᠷᠳᠡᠭᠰᠡᠳ ᠤᠨ ᠬᠦᠷᠢᠶ᠎ᠡ ᠬᠡᠪᠴᠢᠶ᠎ᠡ    ᠪᠠᠴᠢᠮ ᠬᠦᠴᠢᠷᠳᠡᠯᠳᠡᠢ ᠲᠤᠰᠠᠯᠠᠮᠵᠢ ᠬᠦᠰᠡᠭᠰᠡᠳ᠄ ᠭᠤᠤᠯᠳᠠᠭᠤ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠳᠤ ᠥᠬᠡᠶ ᠬᠡᠷᠡᠭ᠂ ᠬᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠬᠦᠨᠳᠦ ᠡᠪᠡᠳᠴᠢᠨ ᠪᠤᠯᠤᠨ ᠪᠤᠰᠤᠳ ᠬᠦᠴᠢᠷᠳᠡᠯ ᠳᠤ ᠲᠤᠯᠭᠠᠷᠠᠭᠰᠠᠨ ᠵᠡᠷᠭᠡ ᠰᠢᠯᠲᠠᠭᠠᠨ ᠠᠴᠠ ᠪᠣᠯᠵᠣ᠂ ᠦᠨᠳᠦᠰᠦᠨ ᠠᠮᠢᠳᠤᠷᠠᠯ ᠳᠤ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠰᠠᠨ᠂ ᠳᠠᠷᠦ᠋ᠢᠬᠠᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠬᠡᠷ ᠪᠦᠯᠢ ᠪᠠ ᠬᠤᠪᠢ ᠬᠥᠮᠦᠨ ᠪᠠᠭᠲᠠᠨ᠎ᠠ᠃   ᠵᠠᠷᠤᠯᠭ᠎ᠠ ᠶᠢᠨ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ᠄ ᠭᠤᠤᠯᠳᠠᠭᠤ ᠰᠤᠷᠭᠠᠨ ᠬᠥᠮᠦᠵᠢᠯ᠂ ᠡᠮᠴᠢᠯᠡᠭᠡ ᠵᠡᠷᠭᠡ ᠠᠴᠠ ᠪᠤᠯᠵᠤ ᠵᠠᠷᠤᠯᠭ᠎ᠠ ᠨᠢ ᠭᠡᠨᠡᠳᠲᠡ ᠨᠡᠮᠡᠭᠳᠡᠬᠡᠳ ᠬᠡᠷ ᠪᠦᠯᠢ ᠶᠢᠨ ᠠᠵᠤ ᠠᠬᠤᠢ ᠶᠢᠨ ᠲᠠᠭᠠᠭᠠᠴᠠ ᠠᠴᠠ ᠬᠡᠳᠤᠷᠡᠭᠰᠡᠨ᠂ ᠦᠨᠳᠦᠰᠦᠨ ᠠᠮᠢᠳᠤᠷᠠᠯ ᠨᠢ ᠵᠣᠬᠢᠬᠤ ᠬᠤᠭᠤᠴᠠᠭᠠᠨ ᠳᠤ ᠨᠣᠴᠢᠲᠠᠶ ᠬᠦᠴᠢᠷᠳᠡᠯ  ᠳᠤ ᠲᠤᠯᠭᠠᠷᠠᠬᠰᠠᠨ ᠬᠡᠷ ᠪᠦᠯᠢ ᠶᠢ ᠪᠠᠭᠲᠠᠭᠠᠨ᠎ᠠ᠂ ᠵᠠᠷᠴᠢᠮ ᠳᠡᠭᠡᠷ᠎ᠡ ᠪᠠᠨ ᠬᠡᠷ ᠪᠦᠯᠢ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠤᠬᠠᠶ ᠶᠢᠨ ᠭᠠᠵᠠᠷ ᠤᠨ ᠲᠦᠷᠦᠭᠦᠤ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠣᠤᠷ᠎ᠠ ᠪᠠᠶᠢᠬᠤ ᠬᠡᠷᠡᠭᠲᠡᠶ ᠮᠥᠷᠲᠡᠭᠡᠨ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠶ ᠶᠢᠨ ᠭᠠᠵᠠᠷ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃     ᠭᠤᠷᠪᠠ᠂ ᠭᠤᠶᠤᠴᠢᠯᠠᠬᠤ᠂ ᠶᠠᠪᠤᠴᠠ 1᠂ ᠡᠩ ᠤᠨ ᠵᠢᠷᠤᠮ     ᠲᠤᠬᠠᠶ ᠶᠢᠨ ᠭᠠᠵᠠᠷ ᠤᠨ ᠡᠷᠦᠬᠡ ᠠᠮᠠ ᠶᠢᠨ ᠲᠠᠩᠰᠠ ᠲᠠᠢ ᠪᠤᠶᠤ ᠲᠤᠬᠠᠶ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠲᠠᠢ ᠪᠤᠯ ᠤᠷᠤᠰᠢᠨ ᠠᠮᠢᠳᠤᠷᠠᠵᠤ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠭᠤᠶᠤᠴᠢᠯᠠᠯ ᠢᠶᠠᠨ ᠲᠡᠪᠰᠢᠬᠦᠯᠵᠤ᠂ ᠲᠤᠬᠠᠢ ᠶᠢᠨ ᠭᠠᠵᠠᠷ ᠤᠨ ᠪᠤᠰᠤ ᠨᠡᠭᠦᠳᠡᠯ ᠬᠦᠮᠦᠰ ᠪᠠᠴᠢᠮ ᠪᠡᠷᠬᠡ ᠪᠠᠶᠢᠳᠠᠯ ᠡᠬᠦᠰᠦᠭᠰᠡᠨ ᠭᠠᠵᠠᠷ ᠤᠨ ᠢᠶᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠭᠤᠶᠤᠴᠢᠯᠠᠯ ᠢᠶᠠᠨ ᠲᠡᠪᠰᠢᠬᠦᠯᠬᠦ ᠬᠡᠷᠡᠭᠲᠡᠶ᠃     ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠬᠥᠯᠢᠶᠡᠨ ᠠᠪᠴᠤ ᠰᠢᠢᠳᠪᠤᠷᠢᠯᠡᠬᠦ  ᠶᠢᠨ ᠬᠠᠮᠲᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ  ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠶᠢᠨ ᠬᠠᠮᠲᠤ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠣᠰᠬᠤᠨ᠂ ᠰᠠᠭᠤᠭᠠᠯᠢ ᠠᠷᠠᠳ ᠤᠨ ᠵᠥᠪᠯᠡᠯ ᠳᠤ ᠵᠠᠷ ᠨᠠᠭᠠᠵᠤ ᠢᠯᠡᠵᠢᠬᠦᠯᠦᠬᠡᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ 2᠂ ᠪᠠᠴᠢᠮ ᠠᠯᠬᠤᠮ ᠲᠠᠷᠠᠭ᠎ᠠ ᠪᠠᠶᠢᠳᠠᠯ ᠨᠢ ᠪᠠᠴᠢᠮ᠂ ᠳᠠᠷᠦ᠋ᠢᠬᠠᠨ ᠠᠷᠭ᠎ᠠ ᠬᠡᠮᠵᠢᠶ᠎ᠡ ᠠᠪᠴᠤ ᠪᠠᠶᠢᠭᠠᠳ ᠡᠷᠬᠢᠰᠢ ᠦᠬᠡᠢ ᠬᠤᠬᠢᠷᠠᠯ ᠡᠬᠦᠰᠬᠦ ᠠᠴᠠ ᠰᠡᠷᠬᠡᠶᠢᠯᠡᠬᠦ ᠬᠡᠷᠡᠭᠳᠡᠢ ᠪᠤᠶᠤ ᠨᠤᠴᠢᠳᠠᠢ ᠦᠷ᠎ᠡ ᠳ᠋ᠦᠡᠭ ᠭᠠᠷᠤᠬᠰᠠᠨ ᠪᠠᠶᠢᠳᠠᠯ ᠲᠤᠤᠷ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠬᠤᠰᠢᠭᠤ ᠰᠢᠶᠠᠨ ᠤᠨ ᠱᠠᠲᠤᠨ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠭᠤᠶᠤᠴᠢᠯᠠᠯ ᠢ ᠰᠢᠭᠤᠳ ᠬᠥᠯᠢᠶᠡᠨ ᠠᠪᠴᠤ ᠰᠢᠢᠳᠪᠤᠷᠢᠯᠡᠬᠦ᠂ ᠰᠢᠭᠤᠳ ᠬᠢᠨᠠᠨ ᠵᠥᠪᠰᠢᠶᠡᠷᠡᠬᠦ᠂ ᠴᠠᠭ ᠲᠤᠬᠠᠶ ᠳᠤ ᠨᠢ ᠣᠯᠭᠤᠬᠤ ᠠᠷᠭ᠎ᠠ ᠪᠠᠷ ᠤᠷᠢᠳ ᠢᠶᠠᠷ ᠲᠡᠩᠬᠡᠷᠡᠭᠦᠯᠦᠨ ᠲᠤᠰᠠᠯᠠᠬᠤ ᠬᠡᠷᠡᠭᠲᠡᠶ᠃ ᠪᠠᠴᠢᠮ ᠪᠠᠶᠢᠳᠠᠯ ᠢ ᠲᠤᠭᠤᠯᠤᠬᠰᠠᠨ ᠤ ᠳᠠᠷᠠᠭ᠎ᠠ᠂ ᠬᠠᠮᠢᠶ᠎ᠠ ᠪᠥᠬᠦᠶ ᠭᠠᠷᠳᠠᠮ ᠢ ᠲᠣᠭᠲᠠᠭᠠᠯ ᠶᠣᠰᠣᠭᠠᠷ ᠨᠥᠬᠦᠵᠦ ᠬᠦᠢᠴᠡᠳᠬᠡᠨ᠎ᠡ᠃     ᠳᠥᠷᠪᠡ᠂ ᠲᠤᠰᠠᠯᠠᠮᠵᠢ ᠶᠢᠨ ᠪᠠᠷᠢᠮᠵᠢᠶ᠎ᠠ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷ ᠴᠠᠭ ᠤᠨ ᠲᠤᠰᠠᠯᠠᠮᠵᠢ ᠶᠢᠨ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠦᠨ ᠤ ᠲᠤᠭ᠎ᠠ ᠪᠣᠯᠤᠨ ᠬᠦᠴᠢᠷᠳᠡᠯ ᠤᠨ ᠦᠷᠭᠦᠯᠵᠢᠯᠡᠬᠦ ᠴᠠᠭ ᠤᠨ ᠬᠢᠵᠠᠭᠠᠷ ᠵᠡᠷᠬᠡ ᠭᠤᠷᠪᠠᠨ ᠬᠦᠴᠦᠨ ᠵᠦᠢᠯ ᠢᠶᠠᠷ ᠨᠢᠭᠡᠳᠦᠯᠲᠡᠶ ᠪᠤᠳᠤᠵᠤ ᠲᠣᠭᠲᠠᠭᠠᠨ᠎ᠠ᠃ ᠣᠨᠴᠠᠭᠠᠶ ᠬᠡᠷᠡᠭ᠂ ᠣᠨᠴᠠᠭᠠᠶ ᠡᠲᠡᠭᠡᠳ ᠢ ᠲᠤᠰᠠᠯᠠᠬᠤ ᠳᠤ ᠨᠢᠭᠡ ᠬᠡᠷᠡᠭ ᠢ ᠨᠢᠭᠡ ᠵᠥᠪᠯᠡᠬᠦ ᠠᠷᠭ᠎ᠠ ᠪᠠᠷ ᠲᠤᠰᠠᠯᠠᠮᠵᠢ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠨ᠎ᠠ᠃     ᠲᠤᠰᠠᠯᠠᠮᠵᠢ ᠶᠢᠨ ᠪᠣᠳᠠᠲᠠᠶ ᠪᠠᠷᠢᠮᠵᠢᠶ᠎ᠠ ᠶᠢ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号