︵ᠨᠢᠬᠡᠳᠤᠬᠡᠷ ᠪᠦᠯᠦᠭ︶ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠶᠤᠨ ᠤ ᠡᠷᠡᠬᠦᠯ ᠬᠠᠮᠠᠭᠠᠯᠠᠯ ᠤᠨ ᠬᠠᠤᠯᠢ
ᠨᠡᠶᠢᠲᠡᠯᠡᠭᠰᠡᠨ ᠴᠠᠭ᠄
2021/11/5
                                       ᠶᠢᠨ ᠲᠠᠨ᠎ᠠ ᠤᠷᠴᠢᠭᠤᠯᠪᠠ     ︵2012 ᠤᠨ ᠤ 10 ᠳ᠋ᠤᠭᠠᠷ ᠰᠠᠷ᠎ᠠ ᠶᠢᠨ 26 ᠤ ᠡᠳᠤᠷ᠂ ᠠᠷᠪᠠᠨ ᠨᠢᠬᠡᠳᠤᠬᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠶᠢᠰᠤᠳᠤᠬᠡᠷ ᠬᠤᠷᠠᠯᠳᠤᠭᠠᠨ ᠠᠴᠠ ᠪᠠᠳᠤᠯᠠᠪᠠ    2018 ᠤᠨ ᠤ 4 ᠳ᠋ᠤᠭᠡᠷ ᠰᠠᠷ᠎ᠠ ᠶᠢᠨ 27 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠤ ︽︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠬᠠᠤᠯᠢ ﹀ ᠵᠡᠷᠬᠡ 6 ᠬᠠᠤᠯᠢ ᠴᠠᠭᠠᠵᠨ ᠶᠢ ᠵᠠᠰᠠᠬᠤ ᠲᠤᠬᠠᠢ ᠰᠢᠢᠢᠳᠪᠤᠷᠢ︾  ᠶᠢ ᠦᠨᠳᠤᠰᠤᠯᠡᠨ ᠵᠠᠰᠠᠪᠠ︶   ᠭᠠᠷᠴᠠᠭ   ᠨᠢᠬᠡᠳᠤᠬᠡᠷ ᠪᠦᠯᠦᠭ      ᠶᠡᠷᠤᠩᠭᠡᠢ ᠲᠦᠷᠢᠮ   ᠬᠤᠶᠠᠳᠤᠭᠠᠷ ᠪᠦᠯᠦᠭ     ᠰᠡᠳᠬᠢᠴᠨ ᠶᠢᠨ ᠡᠷᠡᠬᠦᠯ ᠮᠡᠨᠳᠤ ᠶᠢ ᠠᠬᠢᠭᠤᠯᠬᠤ ᠪᠠ ᠤᠶᠤᠨ ᠤ ᠰᠠᠭᠠᠳ ᠢ ᠰᠡᠷᠬᠡᠶᠢᠯᠡᠬᠦ   ᠭᠤᠷᠪᠠᠳᠤᠭᠠᠷ ᠪᠦᠯᠦᠭ    ᠤᠶᠤᠨ ᠤ ᠰᠠᠭᠠᠳ ᠢ ᠤᠨᠤᠰᠢᠯᠠᠬᠤ ᠪᠠ ᠡᠮᠴᠢᠯᠠᠨ ᠵᠠᠰᠠᠬᠤ   ᠲᠦᠷᠪᠡᠳᠤᠬᠡᠷ ᠪᠦᠯᠦᠭ    ᠤᠶᠤᠨ  ᠤ ᠰᠠᠭᠠᠳ ᠢ ᠡᠷᠡᠬᠦᠯᠵᠢᠬᠦᠯᠬᠦ   ᠲᠠᠪᠤᠳᠤᠭᠠᠷ ᠪᠦᠯᠦᠭ      ᠪᠠᠳᠤᠯᠠᠭ᠎ᠠ ᠶᠢᠨ ᠠᠷᠭ᠎ᠠ ᠵᠠᠮ   ᠵᠢᠷᠭᠤᠳᠤᠭᠠᠷ ᠪᠦᠯᠦᠭ     ᠬᠠᠤᠯᠢ ᠶᠢᠨ ᠬᠠᠷᠢᠭᠤᠴᠠᠯᠭ᠎ᠠ   ᠲᠤᠯᠤᠳᠤᠭᠠᠷ ᠪᠦᠯᠦᠭ     ᠲᠠᠭᠠᠯᠳᠠ ᠲᠦᠷᠢᠮ  ᠨᠢᠬᠡᠳᠤᠬᠡᠷ ᠪᠦᠯᠦᠭ     ᠶᠡᠷᠤᠩᠭᠡᠢ ᠲᠦᠷᠢᠮ    ᠨᠢᠬᠡᠳᠤᠬᠡᠷ ᠵᠦᠢᠯ᠄ ᠤᠶᠤᠨ ᠤ ᠡᠷᠡᠬᠦᠯ ᠬᠠᠮᠠᠭᠠᠯᠠᠯ ᠤᠨ ᠦᠢᠯᠡᠰ ᠢ ᠬᠦᠭᠵᠢᠬᠦᠯᠵᠤ᠂ ᠤᠶᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠲᠦᠷᠢᠮᠵᠢᠬᠦᠯᠵᠤ᠂ ᠤᠶᠤᠨ ᠰᠠᠨᠠᠭᠠᠨ ᠤ ᠰᠠᠭᠠᠳ ᠲᠠᠢ ᠡᠪᠡᠳᠴᠢᠳᠠᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠬᠡ ᠲᠤᠰ ᠬᠠᠤᠯᠢ ᠶᠢ ᠲᠤᠬᠳᠠᠭᠠᠪᠠ᠃    ᠬᠤᠶᠠᠳᠤᠭᠠᠷ ᠵᠦᠢᠯ᠄ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠳᠤ ᠡᠷᠬᠡᠳᠤ ᠠᠷᠠᠳ ᠤᠨ ᠰᠡᠳᠬᠢᠴᠨ ᠶᠢᠨ ᠡᠷᠡᠬᠦᠯ ᠮᠡᠨᠳᠤ ᠶᠢ ᠬᠠᠮᠠᠭᠠᠯᠠᠬᠤ ᠪᠠ ᠨᠡᠮᠡᠭᠳᠡᠬᠦᠯᠵᠤ᠂ ᠤᠶᠤᠨ ᠤ ᠰᠠᠭᠠᠳ ᠢ ᠰᠡᠷᠭᠡᠶᠢᠯᠡᠬᠦ ᠪᠠ ᠡᠮᠴᠢᠯᠡᠨ ᠵᠠᠰᠠᠬᠤ᠂ ᠤᠶᠤᠨ ᠤ ᠰᠠᠭᠠᠳ ᠲᠠᠢ ᠡᠪᠡᠳᠴᠢᠳᠠᠨ ᠢ ᠡᠷᠡᠬᠦᠯᠵᠢᠬᠦᠯᠬᠦ ᠠᠵᠢᠯᠯᠠᠭᠠᠨ ᠢ ᠠᠬᠢᠭᠤᠯᠬᠤ ᠳᠤ ᠲᠤᠰ ᠬᠠᠤᠯᠢ ᠲᠤᠬᠢᠷᠠᠨ᠎ᠠ᠃    ᠭᠤᠷᠪᠠᠳᠤᠭᠠᠷ ᠵᠦᠢᠯ᠄ ᠤᠶᠤᠨ ᠤ ᠡᠷᠡᠬᠦᠯ ᠮᠡᠨᠳᠤ ᠶᠢᠨ ᠠᠵᠢᠯ ᠢ ᠬᠢᠬᠦ ᠳᠤ ᠰᠡᠷᠬᠡᠶᠢᠯᠡᠬᠦ ᠪᠠᠷ ᠭᠤᠤᠯ ᠴᠢᠭᠯᠡᠯᠳᠡ ᠪᠤᠯᠭᠠᠵᠤ᠂ ᠰᠡᠷᠬᠡᠶᠢᠯᠡᠬᠦ ᠶᠢ ᠪᠠᠷᠢᠮᠳᠠᠯᠠᠬᠤ᠂ ᠡᠮᠴᠢᠯᠡᠨ ᠵᠠᠰᠠᠬᠤ ᠪᠠ ᠡᠷᠡᠬᠦᠯᠵᠢᠬᠦᠯᠬᠦ ᠶᠢ ᠤᠶᠠᠯᠳᠤᠭᠤᠯᠬᠤ  ᠪᠠᠷ ᠵᠠᠷᠴᠢᠮ ᠪᠤᠯᠭᠠᠨ᠎ᠠ᠃    ᠲᠦᠷᠪᠡᠳᠤᠬᠡᠷ ᠵᠤᠷᠪᠤᠰ᠄ ᠤᠶᠤᠨ ᠤ ᠰᠠᠭᠠᠳ ᠲᠠᠢ ᠡᠪᠡᠳᠴᠢᠳᠠᠨ ᠤ ᠬᠦᠮᠦᠨ ᠴᠢᠨᠠᠷ ᠤᠨ ᠨᠡᠷ᠎ᠡ ᠬᠦᠨᠳᠤ ᠪᠡᠶ᠎ᠡ ᠮᠠᠬᠠᠪᠤᠳ ᠪᠠ ᠡᠳ᠋ ᠬᠦᠷᠤᠩᠭᠡ ᠶᠢᠨ ᠠᠮᠤᠷ ᠲᠦᠪᠰᠢᠨ ᠳᠤ ᠬᠠᠯᠳᠠᠵᠤ ᠪᠤᠯᠬᠤ ᠦᠬᠡᠢ᠃ᠤᠶᠤᠨ ᠤ ᠰᠠᠭᠠᠳ ᠲᠠᠢ ᠡᠪᠡᠳᠴᠢᠳᠠᠨ ᠤ ᠰᠤᠷᠭᠠᠨ ᠬᠦᠮᠦᠵᠢᠯ᠂ ᠬᠦᠳᠡᠯᠮᠤᠷᠢ᠂ ᠡᠮ ᠡᠮᠨᠡᠯᠬᠡ ᠪᠠ ᠤᠯᠤᠰ ᠪᠤᠯᠤᠨ ᠨᠡᠶᠢᠬᠡᠮ ᠠᠴᠠ ᠤᠯᠭᠤᠬᠤ ᠬᠠᠪᠰᠤᠷᠤᠯᠭ᠎ᠠ ᠵᠡᠷᠬᠡ ᠲᠠᠯ᠎ᠠ ᠶᠢᠨ ᠬᠠᠤᠯᠢ ᠶᠤᠰᠤᠨ ᠤ ᠡᠷᠬᠡ ᠠᠰᠢᠭ ᠨᠢ ᠬᠠᠤᠯᠢ ᠴᠠᠭᠠᠵᠨ ᠶᠢᠨ ᠬᠠᠮᠠᠭᠠᠯᠠᠯᠳᠠ ᠲᠠᠢ᠃    ᠬᠠᠮᠢᠶ᠎ᠠ ᠪᠦᠬᠦᠢ ᠪᠠᠶᠢᠭᠤᠯᠭ᠎ᠠ ᠪᠠ ᠬᠤᠪᠢ ᠬᠦᠮᠦᠨ ᠤᠶᠤᠨ ᠤ ᠰᠠᠭᠠᠳ ᠲᠠᠢ ᠡᠪᠡᠳᠴᠢᠳᠠᠨ ᠤ ᠨᠡᠷ᠎ᠡ ᠤᠪᠤᠭ᠂ ᠬᠦᠷᠦᠭ ᠲᠦᠷᠢ᠂ ᠰᠠᠭᠤᠭ᠎ᠠ ᠭᠠᠵᠠᠷ᠂ ᠠᠵᠢᠯᠯᠠᠵᠤ ᠪᠠᠶᠢᠭ᠎ᠠ ᠪᠠᠶᠢᠭᠤᠯᠭ᠎ᠠ᠂ ᠡᠪᠡᠳᠴᠢᠨ ᠤ ᠨᠠᠮᠳᠠᠷ ᠤᠨ ᠮᠠᠲ᠋ᠧᠷᠢᠶᠠᠯ ᠪᠤᠯᠤᠨ ᠪᠤᠰᠤᠳ ᠪᠡᠶ᠎ᠡ ᠶᠢᠨ ᠭᠠᠷᠤᠯ ᠢ ᠨᠢ ᠲᠦᠰᠦᠬᠡᠯᠡᠨ ᠮᠡᠳᠡᠵᠤ ᠪᠤᠯᠬᠤ ᠰᠤᠷᠠᠭ ᠵᠠᠩᠭᠢ ᠶᠢ ᠬᠠᠮᠠᠭᠠᠯᠠᠬᠤ ᠬᠡᠷᠡᠭᠳᠡᠢ ᠃ ᠬᠡᠪᠡᠴᠤ ᠬᠠᠤᠯᠢ ᠶᠤᠰᠤᠭᠠᠷ ᠬᠠᠷᠢᠭᠤᠴᠠᠯᠭ᠎ᠠ ᠪᠠᠨ ᠬᠦᠢᠴᠡᠳᠬᠡᠬᠦ ᠦᠶ᠎ᠡ ᠳᠤ ᠢᠯᠨ ᠪᠤᠯᠭᠠᠬᠤ ᠶᠢ ᠪᠠᠭᠳᠠᠭᠠᠬᠤ ᠦᠬᠡᠢ᠃    ᠲᠠᠪᠤᠳᠤᠭᠠᠷ ᠵᠤᠷᠪᠤᠰ᠄  ᠤᠶᠤᠨ ᠤ ᠰᠠᠭᠠᠳ ᠲᠠᠢ ᠡᠪᠡᠳᠴᠢᠳᠠᠨ ᠢ ᠨᠡᠶᠢᠬᠡᠮ ᠲᠠᠶᠠᠭᠠᠷ ᠬᠦᠨᠳᠤᠯᠡᠵᠤ᠂ ᠤᠶᠢᠯᠠᠭᠠᠵᠤ᠂ ᠬᠠᠯᠠᠮᠵᠢᠯᠠᠬᠤ ᠬᠡᠷᠡᠭᠳᠡᠢ᠃     ᠶᠠᠮᠠᠷᠪᠠ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠤᠶᠤᠨ ᠤ ᠰᠠᠭᠠᠳ ᠲᠠᠢ ᠡᠪᠡᠳᠴᠢᠳᠠᠨ ᠢ ᠭᠠᠳᠠᠭᠤᠷᠴᠢᠯᠠᠵᠤ᠂ ᠲᠤᠷᠤᠮᠵᠢᠯᠠᠵᠤ᠂ ᠲᠠᠷᠴᠢᠯᠠᠭᠠᠵᠤ ᠪᠤᠯᠬᠤ ᠦᠬᠡᠢ᠂ ᠤᠶᠤᠨ  ᠤ ᠰᠠᠭᠠᠳ ᠲᠠᠢ ᠡᠪᠡᠳᠴᠢᠳᠠᠨ ᠤ ᠪᠡᠶ᠎ᠡ ᠶᠢᠨ ᠡᠷᠬᠡ ᠴᠢᠯᠦᠬᠡ ᠶᠢ ᠬᠠᠤᠯᠢ ᠪᠤᠰᠤ ᠪᠠᠷ ᠬᠢᠵᠠᠭᠠᠷᠯᠠᠵᠤ ᠪᠤᠯᠬᠤ ᠦᠬᠡᠢ᠃     ᠰᠤᠨᠢᠨ ᠮᠡᠳᠡᠭᠡ ᠪᠠ ᠤᠷᠠᠨ ᠵᠤᠬᠢᠶᠠᠯ ᠤᠷᠠᠯᠢᠭ ᠤᠨ ᠪᠦᠳᠦᠬᠡᠯ ᠳᠤ ᠤᠶᠤᠨ ᠤ ᠰᠠᠭᠠᠳ ᠲᠠᠢ ᠡᠪᠡᠳᠴᠢᠳᠠᠨ ᠢ ᠭᠠᠳᠠᠭᠤᠷᠴᠢᠯᠠᠵᠤ᠂ ᠲᠤᠷᠤᠮᠵᠢᠯᠠᠬᠤ ᠠᠭᠤᠯᠭ᠎ᠠ ᠪᠠᠶᠢᠵᠤ ᠪᠤᠯᠬᠤ ᠦᠬᠡᠢ᠃    ᠵᠢᠷᠭᠤᠳᠤᠭᠠᠷ ᠵᠤᠷᠪᠤᠰ᠄ ᠤᠶᠤᠨ  ᠤ ᠡᠷᠡᠬᠦᠯ ᠬᠠᠮᠠᠭᠠᠯᠠᠯ ᠤᠨ ᠠᠵᠢᠯ ᠳᠤ ᠵᠠᠰᠠᠭ ᠤᠨ ᠤᠷᠳᠤᠨ ᠵᠤᠬᠢᠶᠠᠨ ᠪᠠᠶᠢᠭᠤᠯᠤᠨ ᠤᠳᠤᠷᠢᠳᠴᠤ᠂ ᠰᠠᠯᠠᠭ᠎ᠠ ᠮᠦᠴᠢᠷ ᠦᠪᠡᠷ ᠦᠪᠡᠷ ᠤᠨ ᠬᠠᠷᠢᠭᠤᠴᠠᠯᠭ᠎ᠠ ᠪᠠᠨ ᠡᠬᠦᠷᠬᠡᠯᠡᠨ᠂ ᠬᠡᠷ ᠪᠦᠯᠢ ᠪᠠ ᠪᠠᠶᠢᠭᠤᠯᠭ᠎ᠠ ᠴᠢᠳᠠᠯ ᠢᠶᠠᠷ ᠢᠶᠠᠨ ᠬᠠᠷᠢᠭᠤᠴᠠᠵᠤ᠂ ᠪᠦᠬᠦ ᠨᠡᠶᠢᠬᠡᠮ ᠬᠠᠮᠳᠤ ᠪᠠᠷ ᠤᠷᠤᠯᠴᠠᠬᠰᠠᠨ ᠶᠡᠷᠤᠩᠭᠡᠶᠢᠯᠡᠭᠰᠡᠨ ᠬᠠᠮᠢᠶᠠᠷᠤᠯᠳᠠ ᠶᠢᠨ ᠲᠤᠬᠳᠠᠴᠨ ᠶᠢ ᠬᠡᠷᠡᠭᠵᠢᠬᠦᠯᠤᠨ᠎ᠡ᠃     ᠲᠤᠯᠤᠳᠤᠭᠠᠷ ᠵᠤᠷᠪᠤᠰ᠄ ᠤᠶᠤᠨ  ᠤ ᠡᠷᠡᠬᠦᠯ ᠬᠠᠮᠠᠭᠠᠯᠠᠯ ᠤᠨ ᠠᠵᠢᠯ ᠢ ᠰᠢᠶᠠᠨ ᠠᠴᠠ ᠲᠡᠭᠡᠭᠰᠢᠬᠢ ᠠᠷᠠᠳ  ᠤᠨ ᠵᠠᠰᠠᠭ ᠤᠨ ᠤᠷᠳᠤᠨ ᠤᠳᠤᠷᠢᠳᠴᠤ᠂ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠬᠦᠯᠦᠯᠳᠡ  ᠶᠢᠨ ᠲᠦᠯᠦᠪᠵᠢᠬᠦᠯᠬᠡ ᠳᠤ ᠤᠷᠤᠭᠤᠯᠤᠨ᠂ ᠤᠶᠤᠨ  ᠤ ᠰᠠᠭᠠᠳ ᠢ ᠤᠷᠢᠳᠴᠢᠯᠠᠨ ᠰᠡᠷᠭᠡᠶᠢᠯᠡᠬᠦ᠂ ᠡᠮᠴᠢᠯᠡᠨ ᠵᠠᠰᠠᠬᠤ ᠪᠠ ᠡᠷᠡᠬᠦᠯᠵᠢᠬᠦᠯᠬᠦ ᠦᠢᠯᠡᠴᠢᠯᠡᠬᠡᠨ ᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠤ᠂ ᠤᠶᠤᠨ  ᠤ ᠡᠷᠡᠬᠦᠯ ᠬᠠᠮᠠᠭᠠᠯᠠᠯ ᠤᠨ ᠠᠵᠢᠯ ᠢ ᠵᠤᠬᠢᠴᠠᠭᠤᠯᠬᠤ ᠲᠤᠬᠳᠠᠴᠨ ᠪᠠ ᠠᠵᠢᠯ ᠤᠨ ᠬᠠᠷᠢᠭᠤᠴᠠᠯᠭ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠬᠦᠷᠬᠡᠯᠡᠵᠤ ᠪᠠᠶᠢᠭ᠎ᠠ ᠤᠶᠤᠨ ᠤ ᠡᠷᠡᠬᠦᠯ ᠬᠠᠮᠠᠭᠠᠯᠠᠯ  ᠤᠨ ᠠᠵᠢᠯ ᠢ ᠰᠢᠯᠭᠠᠬᠤ ᠪᠠ ᠬᠢᠨᠠᠬᠤ ᠬᠡᠷᠡᠭᠳᠡᠢ᠃    ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠪᠤᠯᠤᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰ ᠭᠠᠵᠠᠷ ᠤᠷᠤᠨ ᠤ ᠪᠠᠨ ᠪᠤᠳᠠᠳᠠᠢ ᠪᠠᠶᠢᠳᠠᠯ ᠢ ᠦᠨᠳᠤᠰᠤᠯᠡᠵᠤ ᠪᠠᠶᠢᠭᠠᠳ ᠤᠶᠤᠨ ᠤ ᠡᠷᠡᠬᠦᠯ ᠬᠠᠮᠠᠭᠠᠯᠠᠯ ᠤᠨ ᠰᠠᠭᠠᠳ ᠡᠬᠦᠰᠬᠦ ᠢ ᠤᠷᠢᠳᠴᠢᠯᠠᠨ ᠰᠡᠷᠬᠡᠶᠢᠯᠡᠬᠦ ᠪᠠ ᠤᠶᠤᠨ ᠳᠤ ᠰᠠᠭᠠᠳ ᠲᠠᠢ ᠡᠪᠡᠳᠴᠢᠳᠡᠨ ᠢ ᠡᠷᠡᠬᠦᠯᠵᠢᠬᠦᠯᠬᠦ ᠵᠡᠷᠬᠡ ᠠᠵᠢᠯ ᠢ ᠠᠬᠢᠭᠤᠯᠬᠤ ᠬᠡᠷᠡᠭᠳᠡᠢ᠃    ᠨᠠᠢᠮᠠᠳᠤᠭᠠᠷ ᠵᠦᠢᠯ᠄ ᠲᠦᠷᠤ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠦᠬᠦ ᠤᠯᠤᠰ ᠤᠨ ᠤᠶᠤᠨ ᠤ ᠡᠷᠡᠬᠦᠯ ᠮᠡᠨᠳᠤ ᠶᠢᠨ ᠠᠵᠢᠯ ᠢ ᠭᠤᠤᠯᠯᠠᠨ ᠬᠠᠮᠢᠶᠠᠷᠤᠨ᠎ᠠ᠃ ᠰᠢᠶᠠᠨ  ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠮᠡᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ  ᠨᠢ ᠲᠤᠰ ᠵᠠᠰᠠᠭ ᠵᠠᠬᠢᠷᠭᠠᠨ ᠤ ᠪᠠᠨ ᠬᠦᠷᠢᠶ᠎ᠡ ᠴᠠᠷᠠᠭ᠎ᠠ ᠳᠤ ᠬᠢ ᠤᠶᠤᠨ ᠤ ᠡᠷᠡᠬᠦᠯ ᠮᠡᠨᠳᠤ ᠶᠢᠨ ᠠᠵᠢᠯ ᠢ ᠭᠤᠤᠯᠯᠠᠨ ᠬᠠᠮᠢᠶᠠᠷᠤᠨ᠎ᠠ᠃     ᠰᠢᠶᠠᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠠᠤᠯᠢ ᠴᠠᠭᠠᠵᠨ ᠵᠠᠰᠠᠭ ᠵᠠᠬᠢᠷᠭᠠᠨ᠂ ᠠᠷᠠᠳ  ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠰᠤᠷᠭᠠᠨ ᠬᠦᠮᠦᠵᠢᠯ᠂ ᠡᠮ ᠡᠮᠨᠡᠯᠬᠡ ᠶᠢᠨ ᠪᠠᠳᠤᠯᠠᠭ᠎ᠠ ᠵᠡᠷᠬᠡ ᠰᠠᠯᠠᠭ᠎ᠠ ᠮᠦᠴᠢᠷ ᠨᠢ ᠦᠪᠡᠷ ᠦᠪᠡᠷ ᠤᠨ ᠡᠬᠦᠷᠬᠡ ᠬᠠᠷᠢᠭᠤᠴᠠᠯᠭ᠎ᠠ ᠶᠢᠨ ᠢᠶᠠᠨ ᠲᠤᠭᠤᠷᠢᠨ ᠳᠤ ᠤᠶᠤᠨ ᠤ ᠡᠷᠡᠬᠦᠯ ᠮᠡᠨᠳᠤ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃    ᠶᠢᠰᠤᠳᠤᠬᠡᠷ ᠵᠦᠢᠯ᠄ ᠬᠠᠷᠠᠭᠠᠯᠵᠠᠨ ᠬᠠᠮᠠᠭᠠᠯᠠᠬᠴᠢ ᠨᠢ ᠤᠶᠤᠨ ᠤ ᠰᠠᠭᠠᠳ ᠲᠠᠢ ᠡᠪᠡᠳᠴᠢᠳᠡᠨ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠬᠦᠢᠴᠡᠳᠬᠡᠵᠤ᠂ ᠤᠶᠤᠨ ᠤ ᠰᠠᠭᠠᠳ ᠲᠠᠢ ᠡᠪᠡᠳᠴᠢᠳᠠᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ᠃    ᠤᠶᠤᠨ ᠤ ᠰᠠᠭᠠᠳ ᠲᠠᠢ ᠡᠪᠡᠳᠴᠢᠳᠡᠨ ᠳᠤ ᠬᠡᠷ ᠪᠦᠯᠢ ᠶᠢᠨ ᠬᠦᠴᠤᠷᠭᠡᠭᠯᠡᠯ ᠦᠵᠡᠬᠦᠯᠬᠦ ᠶᠢ ᠡᠷᠡᠰ ᠬᠤᠷᠢᠬᠯᠠᠨ ᠂ ᠤᠶᠤᠨ ᠤ ᠰᠠᠭᠠᠳ ᠲᠠᠢ ᠡᠪᠡᠳᠴᠢᠳᠠᠨ ᠢ ᠲᠠᠶᠠᠬᠳᠠᠬᠤ ᠶᠢ ᠡᠷᠡᠰ ᠬᠤᠷᠢᠬᠯᠠᠨ᠎ᠠ᠃    ᠠᠷᠪᠠᠳᠤᠭᠠᠷ ᠵᠦᠢᠯ᠄  ᠲᠤᠮᠳᠠᠳᠤ ᠤᠯᠤᠰ ᠤᠨ ᠵᠡᠮᠳᠡᠭᠴᠤᠳ ᠤᠨ ᠬᠤᠯᠪᠤᠭ᠎ᠠ ᠪᠤᠯᠤᠨ ᠤᠷᠤᠨ ᠨᠤᠳᠤᠭ ᠤᠨ ᠵᠤᠬᠢᠶᠠᠨ ᠪᠠᠶᠢᠭᠤᠯᠤᠯᠳᠠ ᠨᠢ ᠬᠠᠤᠯᠢ ᠴᠠᠭᠠᠵᠨ᠂ ᠬᠠᠤᠯᠢ ᠲᠦᠷᠢᠮ ᠶᠤᠰᠤᠭᠠᠷ ᠪᠤᠶᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠨᠡᠶᠢᠬᠡᠮ ᠤᠨ ᠬᠦᠴᠤᠨ ᠢ ᠲᠠᠶᠢᠴᠢᠯᠠᠨ ᠤᠶᠤᠨ ᠤ ᠡᠷᠡᠬᠦᠯ ᠮᠡᠨᠳᠤ ᠶᠢᠨ ᠠᠵᠢᠯ ᠦᠷᠨᠢᠬᠦᠯᠬᠦ ᠬᠡᠷᠡᠭᠳᠡᠢ᠃     ᠲᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠨᠢ ᠲᠤᠰ ᠬᠠᠤᠯᠢ ᠶᠢᠨ ᠲᠤᠬᠳᠠᠭᠠᠯ ᠶᠤᠰᠤᠭᠠᠷ ᠤᠶᠤᠨ ᠤ ᠡᠷᠡᠬᠦᠯ ᠮᠡᠨᠳᠤ ᠶᠢᠨ ᠠᠵᠢᠯ ᠦᠷᠨᠢᠬᠦᠯᠬᠦ ᠬᠡᠷᠡᠭᠳᠡᠢ ᠪᠦᠬᠡᠳ ᠰᠠᠭᠤᠭ᠎ᠠ ᠭᠠᠵᠠᠷ ᠤᠷᠤᠨ ᠤ ᠪᠠᠨ ᠠᠷᠠᠳ ᠤᠨ ᠵᠠᠰᠠᠭ ᠤᠨ ᠤᠷᠳᠤᠨ ᠤ ᠤᠶᠤᠨ ᠤ ᠡᠷᠡᠬᠦᠯ ᠮᠡᠨᠳᠤ ᠶᠢᠨ ᠠᠵᠢᠯ ᠦᠷᠨᠢᠬᠦᠯᠬᠦ ᠳᠤ ᠬᠠᠮᠵᠢᠬᠤ ᠬᠡᠷᠡᠭᠳᠡᠢ᠃     ᠤᠯᠤᠰ ᠠᠴᠠ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠨᠡᠶᠢᠬᠡᠮᠯᠢᠭ ᠵᠡᠷᠬᠡ ᠪᠦᠯᠬᠦᠮ ᠬᠠᠤᠯᠢ ᠶᠤᠰᠤᠭᠠᠷ ᠤᠶᠤᠨ ᠤ ᠡᠷᠡᠬᠦᠯ ᠮᠡᠨᠳᠤ ᠶᠢᠨ ᠠᠵᠢᠯ ᠦᠷᠨᠢᠬᠦᠯᠬᠦ ᠶᠢ ᠵᠤᠷᠢᠬᠵᠢᠭᠤᠯᠤᠨ᠎ᠠ᠃    ᠠᠷᠪᠠᠨ ᠨᠢᠬᠡᠳᠤᠬᠡᠷ ᠵᠦᠢᠯ᠄ ᠤᠶᠤᠨ ᠤ ᠡᠷᠡᠬᠦᠯ ᠮᠡᠨᠳᠤ ᠶᠢᠨ ᠲᠤᠰᠬᠠᠢ ᠴᠢᠳᠠᠪᠤᠷᠢᠳᠠᠨ ᠢ ᠬᠦᠮᠦᠵᠢᠬᠦᠯᠵᠤ᠂ ᠤᠶᠤᠨ ᠤ ᠡᠷᠡᠬᠦᠯ ᠬᠠᠮᠠᠭᠠᠯᠠᠯ ᠤᠨ ᠠᠵᠢᠯᠳᠠᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠤᠶᠤᠨ ᠤ ᠡᠷᠡᠬᠦᠯ ᠬᠠᠮᠠᠭᠠᠯᠠᠯ ᠤᠨ ᠲᠤᠰᠬᠠᠢ ᠮᠡᠷᠬᠡᠵᠢᠯ ᠤᠨ ᠡᠩᠨᠡᠭᠡ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠶᠢ ᠤᠯᠤᠰ ᠠᠴᠠ ᠵᠤᠷᠢᠬᠵᠢᠭᠤᠯᠬᠤ ᠪᠦᠬᠡᠳ ᠲᠡᠮᠵᠢᠨ᠎ᠡ᠃    ᠤᠶᠤᠨ ᠤ ᠡᠷᠡᠬᠦᠯ ᠬᠠᠮᠠᠭᠠᠯᠠᠯ ᠤᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠢ ᠦᠷᠨᠢᠬᠦᠯᠵᠤ᠂ ᠤᠳᠤᠬᠢᠴᠢᠯᠠᠬᠰᠠᠨ ᠡᠮ ᠡᠮᠨᠡᠯᠬᠡ ᠶᠢᠨ ᠤᠬᠠᠭᠠᠨ᠂ ᠮᠠᠨ ᠤ ᠤᠯᠤᠰ ᠤᠨ ᠤᠯᠠᠮᠵᠢᠯᠠᠯᠳᠤ ᠡᠮ ᠡᠮᠨᠡᠯᠬᠡ᠂ ᠰᠡᠳᠬᠢᠴᠨ ᠵᠦᠢ ᠶᠢᠨ ᠰᠤᠳᠤᠯᠭᠠᠨ ᠢ ᠬᠦᠭᠵᠢᠬᠦᠯᠵᠤ᠂ ᠤᠶᠤᠨ ᠤ ᠰᠠᠭᠠᠳ ᠢ ᠰᠡᠷᠬᠡᠶᠢᠯᠡᠬᠦ᠂ ᠤᠨᠤᠰᠢᠯᠠᠬᠤ᠂ ᠡᠷᠡᠬᠦᠯᠵᠢᠬᠦᠯᠬᠦ ᠰᠢᠨᠵᠢᠯᠡᠬᠦ ᠮᠡᠷᠬᠡᠵᠢᠯ ᠤᠨ ᠲᠦᠪᠰᠢᠨ ᠢᠶᠠᠨ ᠲᠡᠭᠡᠭᠰᠢᠯᠡᠬᠦᠯᠬᠦ ᠶᠢ ᠤᠯᠤᠰ ᠠᠴᠠ ᠵᠤᠷᠢᠬᠵᠢᠭᠤᠯᠬᠤ ᠪᠦᠬᠡᠳ ᠲᠡᠮᠵᠢᠨ᠎ᠡ᠃    ᠤᠶᠤᠨ ᠤ ᠡᠷᠡᠬᠦᠯ ᠬᠠᠮᠠᠭᠠᠯᠠᠯ ᠶᠢᠨ ᠬᠦᠷᠢᠶ᠎ᠡ ᠴᠠᠷᠠᠭ᠎ᠠ ᠳᠤ ᠬᠢ ᠤᠯᠠᠨ ᠤᠯᠤᠰ ᠤᠨ ᠰᠤᠯᠢᠯᠴᠠᠭ᠎ᠠ ᠪᠠ ᠬᠠᠮᠳᠤᠷᠠᠯᠴᠠᠭ᠎ᠠ ᠶᠢ ᠤᠯᠤᠰ ᠠᠴᠠ ᠵᠤᠷᠢᠬᠵᠢᠭᠤᠯᠬᠤ ᠪᠦᠬᠡᠳ ᠲᠡᠮᠵᠢᠨ᠎ᠡ᠃    ᠠᠷᠪᠠᠨ ᠬᠤᠶᠠᠳᠤᠭᠠᠷ ᠵᠦᠢᠯ᠄ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠠ ᠰᠢᠶᠠᠨ ᠤ ᠲᠡᠰ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠦᠳᠦᠮᠵᠢᠳᠠᠢ ᠠᠷᠭ᠎ᠠ ᠬᠡᠮᠵᠢᠶ᠎ᠡ ᠠᠪᠴᠤ ᠪᠠᠶᠢᠭᠠᠳ ᠵᠤᠬᠢᠶᠠᠨ ᠪᠠᠶᠢᠭᠤᠯᠤᠯᠳᠠ᠂ ᠬᠤᠪᠢ ᠬᠦᠮᠦᠨ ᠤᠶᠤᠨ ᠤ ᠡᠷᠡᠬᠦᠯ ᠮᠡᠨᠳᠤ ᠶᠢᠨ ᠰᠠᠶᠢᠨ ᠲᠤᠷᠠᠴᠤᠤᠯ ᠤᠨ ᠦᠢᠯᠡᠴᠢᠯᠡᠭᠡ ᠬᠠᠨᠭ᠍ᠭᠠᠨ᠂ ᠤᠶᠤᠨ ᠤ ᠡᠷᠡᠬᠦᠯ ᠬᠠᠮᠠᠭᠠᠯᠠᠯ ᠤᠨ ᠦᠢᠯᠡᠰ ᠲᠤ ᠨᠡᠮᠡᠷᠢ ᠬᠠᠨᠳᠢᠪ ᠡᠷᠬᠦᠵᠤ᠂ ᠤᠶᠤᠨ ᠤ ᠡᠷᠡᠬᠦᠯ ᠬᠠᠮᠠᠭᠠᠯᠠᠯ ᠤᠨ ᠠᠰᠠᠷᠠᠮᠵᠢ ᠶᠢᠨ ᠪᠡᠯᠡᠳᠬᠡᠯ ᠲᠦᠬᠦᠬᠡᠷᠤᠮᠵᠢ ᠪᠠᠶᠢᠭᠤᠯᠬᠤ ᠶᠢ ᠵᠤᠷᠢᠬᠵᠢᠭᠤᠯᠬᠤ ᠪᠦᠬᠡᠳ ᠲᠡᠮᠵᠢᠨ᠎ᠡ᠃    ᠤᠶᠤᠨ ᠤ ᠡᠷᠡᠬᠦᠯ ᠬᠠᠮᠠᠭᠠᠯᠠᠯ ᠤᠨ ᠠᠵᠢᠯ ᠲᠤᠮᠳᠠ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠢ ᠤᠯᠤᠰ ᠤᠨ ᠬᠠᠮᠢᠶ᠎ᠠ ᠪᠦᠬᠦᠢ ᠲᠤᠬᠳᠠᠭᠠᠯ ᠶᠤᠰᠤᠭᠠᠷ ᠬᠦᠬᠢᠬᠦᠯᠤᠨ ᠱᠠᠩᠨᠠᠨ᠎ᠠ     ᠤᠷᠴᠢᠭᠤᠯᠤᠭᠴᠢ ᠶᠢᠨ ᠬᠠᠶ᠋ᠢᠭ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ  
 
ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号