ᠵᠠᠯᠠᠭᠤ ᠽᠠᠨᠳᠠᠨ ᠨᠠᠰᠤ ᠪᠠᠨ ᠦᠳᠡᠭᠡᠷᠦᠯ ᠦᠬᠡᠢ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠠᠷᠠᠳ ᠤᠨ ᠶᠠᠪᠤᠳᠠᠯ ᠤᠨ ᠬᠢᠨ ᠪᠣᠯᠬᠤ ᠪᠠᠷ ᠴᠢᠷᠮᠠᠶᠢᠶ᠎ᠠ
ᠨᠡᠶᠢᠲᠡᠯᠡᠭᠰᠡᠨ ᠴᠠᠭ᠄
2021/11/5
ᠵᠠᠯᠠᠭᠤ ᠽᠠᠨᠳᠠᠨ ᠨᠠᠰᠤ ᠪᠠᠨ ᠦᠳᠡᠭᠡᠷᠦᠯ ᠦᠬᠡᠢ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠠᠷᠠᠳ ᠤᠨ ᠶᠠᠪᠤᠳᠠᠯ ᠤᠨ ᠬᠢᠨ ᠪᠣᠯᠬᠤ ᠪᠠᠷ ᠴᠢᠷᠮᠠᠶᠢᠶ᠎ᠠ      ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠵᠢᠯ ᠠᠴᠠ  ᠪᠠᠨ ᠠᠮᠠᠷᠠᠭᠰᠠᠳ ᠤᠨ ᠠᠵᠢᠯ ᠤᠨ ᠭᠠᠵᠠᠷ  ᠤᠨ  ᠳ᠋ᠢ   ᠨᠠ ᠵᠤᠬᠢᠶᠠᠪᠠ              ᠴᠢᠨ ᠶᠦᠨ ᠣᠷᠴᠢᠭᠤᠯᠪᠠ     2021 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ  ᠪᠠᠶᠢᠭᠤᠯᠤᠭᠳᠠᠭᠰᠠᠨ 100 ᠵᠢᠯ ᠤᠨ ᠣᠢ ᠶᠢ ᠣᠭᠲᠤᠨ ᠠᠪᠴᠢᠷᠠᠯ᠎ᠠ᠃ ᠥᠨᠦ ᠵᠢᠯ ᠳᠤ᠂ ᠳᠤᠮᠳᠠᠳᠤ  ᠤᠯᠤᠰ ᠪᠣᠯᠣᠨ ᠠᠮᠧᠷᠢᠺᠠ ᠶᠢᠨ ᠳᠡᠭᠡᠳᠦ ᠳᠠᠪᠬᠤᠷᠭ᠎ᠠ ᠶᠢᠨ ᠪᠠᠶᠢᠯᠳᠤᠬᠤ ᠪᠣᠳᠣᠯᠭ᠎ᠠ ᠶᠢᠨ ᠶᠠᠷᠢᠯᠴᠠᠯᠭ᠎ᠠ ᠳᠡᠭᠡᠷ᠎ᠡ  ᠭᠠᠳᠠᠭᠠᠳᠤ ᠬᠠᠷᠢᠯᠴᠠᠭᠠᠨ ᠤ ᠠᠵᠢᠯᠲᠠᠨ ᠠᠴᠠ《 ᠲᠠᠨᠤᠰ  ᠲᠤ  ᠪᠤᠲᠠᠲᠤ ᠬᠦᠴᠦᠨ ᠠᠴᠠ ᠪᠠᠨ ᠡᠭᠦᠰᠴᠦ ᠳᠤᠮᠳᠠᠳᠤ ᠤᠯᠤᠰ  ᠲᠠᠢ ᠶᠠᠷᠢᠯᠴᠠᠵᠤ ᠪᠠᠶᠢᠨ᠎ᠠ ᠭᠡᠵᠦ ᠬᠡᠯᠡᠬᠦ ᠬᠢᠷᠢ ᠭᠡᠮ ᠦᠬᠡᠢ》 ᠭᠡᠵᠦ ᠬᠦᠴᠦᠲᠠᠢ ᠲᠤᠩᠬᠠᠭᠯᠠᠭᠰᠠᠨ ᠶᠤᠮ᠃  ᠬᠤᠶᠠᠷ ᠵᠢᠷᠠᠨ ᠤᠷᠴᠢᠨ  ᠡᠭᠡᠯᠵᠢᠯᠡᠭᠡᠳ ᠪᠠᠰᠠ ᠬᠦ ᠴᠠᠭᠠᠭᠴᠢᠨ ᠦᠬᠡᠷ ᠵᠢᠯ  ᠪᠤᠯᠤᠯ᠎ᠠ᠂ ᠪᠢᠳᠡ ᠲᠡᠷᠡ ᠬᠦ ᠬᠦᠮᠦᠨ ᠪᠣᠯᠭᠠᠨ ᠳᠤ  ᠳᠠᠷᠤᠯᠠᠭᠳᠠᠳᠠᠭ ᠤᠯᠤᠰ ᠭᠦᠷᠦᠨ ᠪᠢᠰᠢ ᠪᠣᠯᠵᠠᠢ᠃ ᠥᠨᠦ ᠵᠢᠯ ᠳᠤ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠠᠶᠢᠭᠤᠯᠤᠭᠰᠠᠨ ᠢᠶᠠᠨ ᠵᠢᠩᠬᠢᠨᠢ ᠪᠠᠷ  ᠲᠤᠩᠬᠠᠭᠯᠠᠪᠠ᠃ 《  ᠵᠣᠪᠠᠭᠤᠷᠢᠯᠠᠨ ᠵᠦᠳᠡᠷᠡᠭᠰᠡᠨ ᠠᠷᠠᠳ ᠢᠷᠭᠡᠳ ᠠᠮᠤᠷ ᠵᠢᠷᠭᠠᠯ ᠢ ᠡᠳ᠋ᠯᠡᠬᠦ》 ᠪᠣᠯ ᠤᠯᠠᠨ ᠮᠢᠩᠭᠠᠨ ᠵᠢᠯ ᠤᠨ ᠲᠤᠷᠰᠢᠬᠢ ᠳᠤᠮᠳᠠᠳᠤ ᠶᠢᠨ ᠬᠦᠮᠦᠨ ᠤ ᠰᠡᠳᠭᠢᠯ ᠳᠤ  ᠬᠢ ᠬᠦᠰᠡᠯᠡᠩᠲᠦ ᠨᠡᠶᠢᠭᠡᠮ ᠪᠠᠶᠢᠭᠰᠠᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ  ᠪᠠᠶᠢᠭᠤᠯᠤᠭᠳᠠᠭᠰᠠᠨ 100 ᠵᠢᠯ ᠤᠨ ᠣᠢ ᠶᠢᠨ ᠦᠶ᠎ᠡ ᠳᠤ ᠶᠠᠭ ᠠᠷᠠᠳ ᠲᠦᠮᠡᠨ ᠳᠤ ᠥᠭᠭᠦᠭᠰᠡᠨ  ᠰᠦᠷ ᠵᠢᠪᠬᠤᠯᠠᠩᠲᠤ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠨ᠎ᠠ᠃ ᠥᠨᠦ ᠵᠢᠯ ᠳᠤ᠂ ᠵᠧᠩᠵᠸᠦ ᠬᠤᠪᠤᠷ ᠳᠤᠬᠢᠶᠠᠯᠳᠤᠳᠠᠭ ᠠᠭᠠᠳᠠᠷ ᠪᠣᠷᠤᠭᠠᠨ ᠳᠤ  ᠳᠠᠭᠠᠷᠢᠭᠳᠠᠬᠤ ᠳᠤ᠂  ᠠᠬ᠎ᠠ ᠳᠡᠭᠦᠦ ᠮᠤᠵᠢ ᠬᠤᠲᠠ ᠨᠤᠭᠤᠳ ᠲᠤᠰᠠᠯᠠᠨ ᠳᠡᠮᠵᠢᠵᠦ᠂  ᠴᠡᠷᠢᠭ  ᠠᠩᠭᠢ ᠡᠮᠦᠨ᠎ᠡ ᠹᠷᠣᠨᠲ ᠲᠤ ᠭᠠᠪᠰᠢᠭᠠᠶᠢᠯᠠᠨ ᠣᠷᠣᠪᠠ᠃ ᠠᠷᠠᠳ ᠲᠦᠮᠡᠨ ᠤ ᠠᠰᠢᠭ ᠲᠤᠰᠠ ᠡᠬᠦᠷᠢᠳᠡ ᠨᠢᠭᠡᠳᠦᠭᠡᠷ ᠪᠠᠶᠢᠷᠢᠨ ᠳᠤ  ᠪᠠᠶᠢᠵᠤ᠂ ᠮᠠᠨ ᠤ ᠨᠠᠮ ᠢᠮᠠᠭᠲᠠ ᠠᠷᠠᠳ ᠲᠦᠮᠡᠨ ᠤ ᠵᠤᠭᠰᠤᠯᠲᠠ   ᠳᠤ ᠵᠤᠭᠰᠤᠵᠤ ᠪᠠᠶᠢᠳᠠᠭ᠃ ᠳᠤᠮᠳᠠᠳᠤ ᠤᠯᠤᠰ ᠤᠨ ᠡᠪ ᠬᠠᠮᠲᠤ ᠨᠠᠮ  ᠢᠮᠠᠭᠲᠠ ᠴᠠᠭ ᠦᠶ᠎ᠡ ᠲᠠᠢ ᠪᠠᠨ ᠠᠯᠬᠤᠭ᠎ᠠ ᠪᠠᠨ ᠨᠢᠭᠡᠳᠭᠡᠵᠦ᠂ ᠠᠷᠠᠳ ᠲᠦᠮᠡᠨ  ᠲᠠᠢ ᠪᠠᠨ ᠬᠤᠪᠢ ᠵᠠᠶᠠᠭ᠎ᠠ ᠪᠠᠨ  ᠬᠠᠮᠲᠤᠳᠬᠠᠵᠠᠢ᠃ ᠡᠶᠢᠮᠦᠷᠬᠦᠦ ᠴᠠᠭ ᠦᠶ᠎ᠡ   ᠳᠤ ᠦᠰᠴᠦ ᠪᠣᠶᠢᠵᠢᠨ᠂ ᠨᠢᠭᠡᠨ ᠡᠪ ᠬᠠᠮᠲᠤ ᠨᠠᠮ ᠤᠨ ᠬᠡᠰᠢᠭᠦᠨ  ᠪᠤᠯᠵᠤ᠂ ᠨᠠᠮ ᠤᠨ ᠤᠳᠤᠷᠢᠳᠤᠯᠭ᠎ᠠ ᠳᠤᠤᠷ᠎ᠠ ᠠᠵᠢᠯᠯᠠᠬᠤ ᠭᠡᠭᠴᠢ ᠬᠡᠴᠢᠨᠡᠬᠡᠨ ᠠᠵᠠ ᠵᠠᠶᠠᠭ᠎ᠠ ᠲᠠᠢ  ᠶᠠᠪᠤᠳᠠᠯ ᠪᠢᠯᠡ᠃     2021ᠣᠨ ᠨᠢ ᠨᠠᠳᠠ ᠳᠤ ᠠᠪᠴᠣ ᠬᠡᠯᠡᠪᠡᠯ ᠮᠦᠨ ᠬᠦ ᠣᠨᠴᠠᠭᠠᠢ ᠠᠴᠢ ᠬᠤᠯᠪᠣᠭᠳᠠᠯ ᠲᠠᠢ᠂  ᠮᠢᠨᠦ ᠳᠤᠮᠳᠠᠳᠤ ᠤᠯᠤᠰ ᠤᠨ ᠡᠪ ᠬᠠᠮᠲᠤ ᠨᠠᠮ ᠳᠤ  ᠡᠯᠰᠡᠭᠳᠡᠭᠰᠡᠨ ᠨᠢᠭᠡ ᠵᠢᠯ ᠤᠨ ᠣᠢ᠂ ᠠᠷᠠᠳ ᠤᠨ ᠶᠠᠪᠤᠳᠠᠯ ᠤᠨ  ᠶᠡᠭᠡ ᠭᠡᠷ ᠪᠦᠯᠢ ᠳᠤ ᠪᠠᠭᠲᠠᠯᠴᠠᠭᠰᠠᠨ ᠨᠢᠭᠡ ᠵᠢᠯ ᠤᠨ ᠣᠢ ᠪᠠᠶᠢᠵᠤ᠂ ᠰᠢᠨ᠎ᠡ  ᠪᠡᠶ᠎ᠡ ᠭᠠᠷᠤᠯ᠂ ᠰᠢᠨ᠎ᠡ ᠠᠵᠢᠯ ᠤᠨ ᠪᠠᠶᠢᠷᠢ ᠨᠢ ᠨᠠᠳᠠ   ᠳᠤ ᠰᠢᠨ᠎ᠡ ᠬᠠᠷᠢᠭᠤᠴᠠᠯᠭ᠎ᠠ ᠪᠠ ᠡᠭᠦᠷᠭᠡ ᠶᠢ  ᠰᠣᠶᠣᠷᠬᠠᠵᠠᠢ᠃ ᠪᠢ ᠮᠦᠨ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠺᠠᠳ᠋ᠷ ᠪᠣᠯᠣᠭᠰᠠᠨ ᠤ ᠬᠤᠪᠢ ᠳᠤ ᠪᠢᠳᠡ ᠴᠣᠬᠤᠮ ᠶᠠᠭᠤ  ᠬᠢᠪᠡᠯ ᠵᠣᠬᠢᠯᠲᠠᠢ᠂ ᠶᠠᠭᠠᠬᠢᠵᠤ  ᠬᠢᠪᠡᠯ ᠰᠠᠶ᠋ᠢ ᠵᠠᠯᠠᠭᠤ ᠽᠠᠨᠳᠠᠨ ᠨᠠᠰᠤ ᠪᠠᠨ ᠦᠳᠡᠭᠡᠷᠦᠯ ᠦᠬᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠬᠡᠢ ᠪᠠᠶᠢᠬᠤ ᠲᠤᠬᠠᠢ ᠢᠳᠡᠪᠬᠢᠲᠡᠢ ᠪᠠᠷ ᠰᠡᠳᠭᠢᠨ ᠪᠣᠳᠤᠯᠬᠢᠯᠠᠵᠤ ᠪᠠᠶᠢᠨᠠᠮ᠃     ᠠᠷᠠᠳ ᠤᠨ ᠶᠠᠪᠤᠳᠠᠯ ᠤᠨ ᠬᠢᠨ ᠶᠠᠭᠤ ᠬᠢᠵᠦ ᠪᠠᠶᠢᠨ᠎ᠠ ᠪᠣᠢ︖     ᠠᠷᠠᠳ ᠤᠨ ᠶᠠᠪᠤᠳᠠᠯ ᠤᠨ ᠬᠢᠨ ᠤ ᠰᠢᠨ᠎ᠡ ᠪᠠᠶᠢᠯᠳᠤᠭᠴᠢ ᠪᠣᠯᠣᠭᠰᠠᠨ ᠤ ᠬᠤᠪᠢ ᠳᠤ᠂ ᠨᠢᠭᠡ ᠵᠢᠯ ᠭᠠᠷᠤᠢ ᠶᠢᠨ ᠲᠤᠷᠰᠢ᠂ ᠪᠢ   ᠰᠣᠨᠣᠰᠬᠤ  ᠂  ᠬᠠᠷᠠᠬᠤ᠂  ᠪᠣᠳᠣᠯᠬᠢᠯᠠᠬᠤ ᠪᠠᠷ ᠳᠠᠮᠵᠢᠨ᠂ ᠠᠷᠠᠳ  ᠤᠨ ᠶᠠᠪᠤᠳᠠᠯ ᠤᠨ ᠠᠵᠢᠯ ᠤᠨ ᠲᠤᠬᠠᠢ ᠠᠯᠬᠤᠮ ᠠᠯᠬᠤᠮ ᠢᠶᠠᠷ ᠳᠣᠳᠣᠷᠬᠠᠢ ᠲᠠᠨᠢᠯᠲᠠ ᠣᠶᠢᠯᠠᠭᠠᠯᠲᠠ ᠲᠠᠢ ᠪᠣᠯᠵᠠᠢ᠃     ᠮᠢᠨᠦ ᠰᠣᠨᠣᠰᠤᠭᠰᠠᠨ ᠠᠷᠠᠳ ᠤᠨ ᠶᠠᠪᠤᠳᠠᠯ᠃   ᠠᠷᠠᠳ ᠤᠨ ᠶᠠᠪᠤᠳᠠᠯ ᠤᠨ ᠲᠢᠩᠬᠢᠮ ᠳᠤ ᠢᠷᠡᠵᠦ ᠠᠵᠢᠯᠯᠠᠬᠤ ᠠᠴᠠ  ᠡᠮᠦᠨ᠎ᠡ᠂ ᠭᠡᠷ ᠲᠤ ᠬᠢ ᠨᠠᠰᠤᠲᠠᠨ ᠠᠴᠠ ᠨᠠᠳᠠ   ᠳᠤ᠂ ᠠᠷᠠᠳ ᠤᠨ ᠶᠠᠪᠤᠳᠠᠯ ᠤᠨ ᠬᠢᠨ ᠤ ᠬᠢᠳᠡᠭ ᠠᠵᠤ ᠨᠢ  ᠪᠤᠶᠠᠨ ᠦᠢᠯᠡᠳᠳᠡᠭ ᠰᠠᠶᠢᠨ  ᠶᠠᠪᠤᠳᠠᠯ ᠰᠢᠦ᠂ ᠣᠴᠢᠭᠰᠠᠨ ᠤ ᠬᠤᠶᠢᠨ᠎ᠠ ᠪᠠᠨ ᠰᠠᠶᠢᠨ ᠠᠵᠢᠯᠯᠠ ᠭᠡᠵᠦ ᠵᠠᠬᠢᠭᠰᠠᠨ ᠶᠤᠮ᠃ ᠣᠶᠢᠷ᠎ᠠ ᠬᠠᠪᠢ ᠶᠢᠨ ᠨᠦᠬᠦᠳ ᠤᠨ ᠶᠠᠷᠢᠬᠤ ᠪᠠᠷ᠂ ᠠᠷᠠᠳ ᠤᠨ ᠶᠠᠪᠤᠳᠠᠯ ᠤᠨ ᠠᠵᠢᠯ ᠤᠨ  ᠬᠠᠮᠤᠷᠬᠤ ᠬᠡᠪᠴᠢᠶ᠎ᠡ ᠨᠢ  ᠦᠷᠭᠡᠨ᠂ ᠤᠴᠢᠷ ᠶᠠᠪᠤᠳᠠᠯ ᠨᠢ ᠪᠣᠳᠤᠯᠢᠶᠠᠨᠲᠠᠢ᠂ ᠵᠦᠷᠢᠴᠡᠯ ᠲᠦᠪᠯᠡᠷᠡᠯ ᠨᠢ ᠣᠯᠠᠨ᠂ ᠬᠢᠬᠦ ᠳᠤ ᠠᠮᠠᠷ ᠪᠢᠰᠢ ᠭᠡᠳᠡᠭ᠃ ᠡᠨᠡ ᠬᠦ ᠴᠣ ᠰᠢᠨ᠎ᠡ ᠠᠵᠢᠯ ᠤᠨ ᠪᠠᠶᠢᠷᠢ  ᠨᠠᠮ᠎ᠠ ᠶᠢ  ᠰᠡᠳᠭᠢᠯ ᠠᠮᠤᠷ ᠦᠬᠡᠢ  ᠪᠣᠯᠭᠠᠭᠰᠠᠨ ᠬᠡᠳᠦᠢ ᠴᠤ ᠤᠷᠮ᠎ᠠ ᠬᠦᠴᠦᠨ ᠢ ᠬᠦᠭᠵᠢᠭᠡᠵᠦ ᠪᠠᠶᠢᠯ᠎ᠠ᠃     ᠮᠢᠨᠦ ᠬᠠᠷᠠᠭᠰᠠᠨ ᠠᠷᠠᠳ ᠤᠨ ᠶᠠᠪᠤᠳᠠᠯ᠃ ᠠᠵᠢᠯ ᠤᠨ ᠭᠠᠷᠤᠭ᠎ᠠ ᠪᠠᠨ  ᠠᠪᠤᠭᠰᠠᠨ  ᠦᠶ᠎ᠡ ᠳᠤ ᠪᠠᠨ  ᠂ ᠬᠠᠷᠠᠭ᠎ᠠ ᠪᠠᠨ ᠠᠯᠳᠠᠭᠰᠠᠳ ᠤᠨ ᠪᠣᠯᠪᠠᠰᠤᠷᠠᠯ ᠤᠨ ᠲᠥᠪ ᠤᠨ ᠪᠠᠭᠰᠢ ᠲᠠᠢ ᠵᠣᠭᠤᠭᠳᠠᠬᠤ ᠪᠠᠷ ᠳᠠᠮᠵᠢᠨ᠂  ᠵᠡᠮᠳᠡᠭ ᠬᠦᠮᠦᠨ  ᠬᠢᠮᠡᠯ ᠮᠦᠴᠢ ᠲᠤᠷᠰᠢᠨ  ᠲᠠᠭᠠᠷᠠᠭᠤᠯᠤᠭᠰᠠᠨ ᠤ ᠳᠠᠷᠠᠭᠠᠬᠢ ᠡᠷᠡᠭᠦᠯᠵᠢᠯ ᠤᠨ ᠮᠦᠷ ᠤᠯᠪᠠᠭ᠎ᠠ ᠠᠴᠠ᠂ ᠪᠢ ᠠᠷᠠᠳ ᠤᠨ ᠶᠠᠪᠤᠳᠠᠯ ᠤᠨ ᠬᠢᠨ ᠤ ᠡᠭᠦᠷᠭᠡ ᠳᠠᠷᠤᠭᠠᠰᠤ ᠮᠠᠰᠢ ᠬᠦᠨᠳᠦ ᠪᠣᠯᠬᠤ ᠶᠢ ᠬᠠᠮᠤᠭ ᠠᠩᠬ᠎ᠠ ᠮᠡᠳᠡᠷᠡᠵᠦ᠂ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠰᠢᠭᠤᠳ ᠰᠡᠷᠡᠭᠳᠡᠯ ᠲᠠᠢ ᠪᠤᠯᠵᠣ᠂ ᠮᠠᠨ ᠤ ᠬᠢᠵᠦ ᠪᠠᠶᠢᠭ᠎ᠠ ᠠᠵᠢᠯ ᠨᠢ ᠬᠡᠮᠡᠷᠯᠢᠭ ᠳᠡᠭᠡᠷ᠎ᠡ ᠴᠡᠴᠡᠭ ᠬᠠᠳᠬᠤᠮᠠᠯᠯᠠᠵᠤ ᠪᠠᠶᠢᠭ᠎ᠠ ᠪᠤᠰᠤ᠂ ᠬᠠᠷᠢᠨ ᠳᠠᠭᠠᠷᠠᠭᠰᠠᠨ ᠬᠦᠮᠦᠨ ᠳᠤ ᠳᠠᠬᠤ ᠭᠦᠷᠭᠡᠵᠦ ᠪᠠᠶᠢᠭ᠎ᠠ  ᠠᠵᠤ ᠪᠣᠯᠬᠤ ᠶᠢ ᠮᠡᠳᠡᠭᠰᠡᠨ ᠶᠤᠮ᠃ ᠠᠷᠠᠳ ᠤᠨ ᠶᠠᠪᠤᠳᠠᠯ ᠤᠨ ᠬᠢᠨ ᠨᠢ  ᠨᠢᠭᠡᠨ ᠵᠤᠷᠪᠤᠰ ᠭᠡᠷᠡᠯ ᠭᠡᠭᠡ  ᠪᠠᠶᠢᠵᠤ᠂ ᠬᠠᠷᠠᠭ᠎ᠠ ᠪᠠᠨ ᠠᠯᠳᠠᠭᠰᠠᠳ ᠤᠨ ᠬᠠᠷᠠᠩᠭᠤᠢ ᠶᠢᠷᠳᠢᠨᠴᠦ ᠶᠢ ᠨᠢ ᠲᠤᠶᠠᠭᠠᠷᠠᠲᠠᠯ᠎ᠠ ᠭᠡᠶᠢᠭᠦᠯᠵᠦ᠂ ᠲᠡᠳᠡᠨ ᠳᠤ ᠠᠮᠢᠨ ᠵᠢᠭᠤᠯᠭ᠎ᠠ ᠶᠢᠨ ᠤᠷ᠎ᠠ ᠴᠢᠳᠠᠪᠤᠷᠢ ᠣᠯᠭᠤᠳᠠᠭ᠃ ᠪᠢᠳᠡ ᠵᠡᠮᠳᠡᠭᠴᠦᠳ ᠤᠨ ᠲᠤᠰᠠᠯᠠᠬᠤ ᠪᠠᠭᠠᠵᠢ ᠨᠢ  ᠪᠠᠶᠢᠵᠤ ᠂ ᠲᠡᠳᠡᠨ ᠢ  ᠬᠤᠷᠸ᠎ᠠ ᠳᠡᠯᠡᠬᠡᠢ ᠳᠤ  ᠴᠢᠯᠦᠭᠡᠲᠡᠢ ᠵᠤᠷᠴᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠳᠡᠭ᠃   ᠪᠢᠳᠡ ᠮᠦᠨ《 ᠦᠲᠡᠯᠦᠭᠡ ᠨᠠᠰᠤᠲᠠᠨ ᠬᠡᠦᠭᠡᠳ ᠨᠢᠯᠬᠠᠰ》 ᠤᠨ ᠭᠡᠷ ᠤᠨ ᠬᠦᠮᠦᠨ  ᠪᠠ ᠬᠦᠴᠢᠷᠳᠡᠯᠲᠡᠢ ᠣᠯᠠᠨ ᠲᠦᠮᠡᠨ ᠤ ᠳᠣᠲᠤᠨᠤ ᠬᠦᠮᠦᠨ ᠨᠢ ᠪᠠᠶᠢᠵᠤ᠂ ᠲᠡᠳᠡᠨ ᠳᠤ ᠲᠠᠶᠢᠳᠬᠤᠷᠠᠭᠤᠯᠤᠯ ᠪᠠ ᠦᠶᠦᠭ ᠳᠤᠯᠠᠭᠠᠨ ᠢ  ᠬᠦᠷᠲᠡᠭᠡᠳᠡᠭ᠃ ᠪᠢᠳᠡᠨ ᠤ ᠬᠢᠵᠦ ᠳᠡᠶᠢᠯᠬᠦ ᠶᠠᠪᠤᠳᠠᠯ  ᠪᠠᠰᠠ ᠤᠯᠠᠨ ᠠᠴᠠ ᠣᠯᠠᠨ ᠪᠠᠶᠢᠭ᠎ᠠ ᠶᠤᠮ᠃     ᠮᠢᠨᠦ ᠰᠡᠳᠭᠢᠯ ᠳᠤ ᠬᠢ ᠠᠷᠠᠳ ᠤᠨ ᠶᠠᠪᠤᠳᠠᠯ᠃ ᠠᠷᠠᠳ ᠤᠨ ᠶᠠᠪᠤᠳᠠᠯ ᠤᠨ ᠦᠢᠯᠡᠰ ᠨᠢ ᠠᠷᠠᠳ ᠤᠨ ᠠᠮᠢᠳᠤᠷᠠᠯ ᠲᠠᠢ ᠬᠤᠯᠪᠤᠭᠳᠠᠵᠤ᠂ ᠠᠷᠠᠳ ᠤᠨ ᠰᠡᠳᠭᠢᠯ ᠲᠠᠢ ᠨᠡᠪᠲᠡᠷᠡᠯᠴᠡᠨ᠂ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠣᠨ᠎ᠠ᠃  ᠪᠢᠳᠡ ᠬᠠᠮᠤᠭ ᠦᠨᠳᠦᠰᠦᠨ ᠱᠤᠭᠤᠮ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠠᠷᠢᠭᠤᠴᠠᠵᠤ᠂ ᠳᠤᠤᠷ᠎ᠠ  ᠣᠷᠤᠯᠭ᠎ᠠ ᠲᠠᠢ ᠶᠠᠳᠠᠭᠤ ᠬᠦᠴᠢᠷᠳᠡᠯᠲᠡᠢ ᠣᠯᠠᠨ ᠲᠦᠮᠡᠨ᠂ ᠦᠨᠦᠴᠢᠨ ᠬᠡᠦᠭᠡᠳ ᠬᠠᠶᠠᠭᠳᠠᠭᠰᠠᠨ ᠬᠡᠦᠭᠡᠳ  ᠵᠡᠷᠭᠡ ᠣᠨᠴᠠᠭᠠᠢ ᠬᠦᠴᠢᠷᠳᠡᠯᠳᠡᠢ ᠬᠦᠮᠦᠰ ᠤᠨ ᠢᠳᠡᠵᠦ ᠡᠮᠦᠰᠬᠦ ᠪᠠ ᠬᠠᠯᠠᠭᠤᠨ ᠳᠤᠯᠠᠭᠠᠨ ᠢ ᠨᠢ ᠪᠠᠲᠤᠯᠠᠳᠠᠭ᠃ ᠪᠢᠳᠡ ᠬᠠᠮᠤᠭ ᠤᠨ  ᠦᠨᠳᠦᠰᠦᠨ ᠨᠡᠶᠢᠭᠡᠮ ᠤᠨ ᠦᠢᠯᠡᠴᠢᠯᠡᠭᠡ ᠶᠢ ᠬᠠᠩᠭᠠᠵᠤ᠂ ᠨᠠᠰᠤᠵᠢᠯ ᠤᠨ ᠦᠢᠯᠡᠴᠢᠯᠡᠭᠡ᠂ ᠣᠷᠤᠭ ᠳᠠᠩᠰᠠᠯᠠᠬᠤ ᠦᠢᠯᠡᠴᠢᠯᠡᠭᠡ᠂ ᠣᠷᠤᠰᠢᠭᠤᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡ  ᠵᠡᠷᠭᠡ ᠨᠢ ᠭᠡᠷ ᠪᠦᠯᠢ ᠪᠦᠷᠢ ᠶᠢᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠦ ᠲᠦᠷᠦᠭᠳᠡᠯ᠂ ᠠᠮᠤᠷ ᠠᠮᠤᠭᠤᠯᠠᠩ ᠲᠦᠷᠦᠭᠳᠡᠯ ᠲᠠᠢ ᠬᠤᠯᠪᠤᠭ᠎ᠠ ᠲᠠᠢ ᠪᠠᠶᠢᠳᠠᠭ᠃ ᠪᠢᠳᠡ ᠬᠠᠮᠤᠭ ᠤᠨ  ᠦᠨᠳᠦᠰᠦ ᠰᠠᠭᠤᠷᠢ  ᠪᠣᠯᠬᠤ ᠨᠡᠶᠢᠭᠡᠮ ᠤᠨ ᠵᠠᠰᠠᠯᠲᠠ ᠶᠢ ᠦᠷᠨᠢᠭᠦᠯᠵᠦ᠂  ᠦᠨᠳᠦᠰᠦᠨ ᠱᠠᠲᠤᠨ ᠤ ᠠᠷᠠᠳᠴᠢᠯᠠᠯ ᠤᠯᠤᠰ ᠲᠥᠷᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠵᠠᠰᠠᠯᠲᠠ  ᠳᠤ ᠬᠠᠮᠤᠭ ᠤᠨ ᠦᠨᠳᠦᠰᠦ ᠰᠠᠭᠤᠷᠢ ᠶᠢᠨ ᠴᠢᠨᠠᠷᠲᠠᠢ  ᠲᠤᠯᠭᠠᠭᠤᠷᠢᠯᠠᠬᠤ ᠦᠢᠯᠡᠳᠦᠯ ᠢᠶᠠᠨ ᠪᠠᠳᠠᠷᠠᠭᠠᠵᠤ ᠪᠠᠶᠢᠳᠠᠭ᠃ ᠪᠢᠳᠡ ᠬᠠᠮᠤᠭ ᠤᠨ ᠥᠨᠢ ᠤᠳᠠᠭᠠᠨ ᠲᠤᠰᠬᠠᠢ ᠲᠦᠷᠦᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢ  ᠵᠠᠯᠭᠠᠮᠵᠢᠯᠠᠨ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠂ ᠭᠠᠵᠠᠷ ᠤᠨ ᠨᠡᠷ᠎ᠡ᠂ ᠵᠠᠰᠠᠭ ᠵᠠᠬᠢᠷᠭᠠᠨ ᠤ ᠣᠷᠣᠨ ᠨᠤᠲᠤᠭ ᠤᠨ ᠵᠠᠭᠠᠭ ᠤᠨ ᠬᠠᠮᠢᠶᠠᠷᠤᠯᠲᠠ ᠵᠡᠷᠭᠡ ᠨᠢ ᠳᠤᠮᠳᠠᠳᠤ ᠶᠢᠨ ᠦᠨᠳᠦᠰᠦᠳᠡᠨ ᠤ ᠬᠡᠳᠦᠨ ᠮᠢᠩᠭᠠᠨ ᠵᠢᠯ ᠤᠨ ᠴᠢᠬᠤᠯᠠ ᠢᠮ ᠲᠠᠮᠠᠭ᠎ᠠ ᠪᠠ ᠰᠢᠨᠵᠢ ᠲᠡᠮᠳᠡᠭ ᠢ ᠦᠷᠭᠦᠯᠵᠢᠯᠡᠭᠦᠯᠵᠦ  ᠪᠠᠶᠢᠭ᠎ᠠ ᠶᠤᠮ᠃ᠠᠷᠠᠳ ᠤᠨ ᠶᠠᠪᠤᠳᠠᠯ ᠤᠨ ᠦᠢᠯᠡᠰ ᠨᠢ ᠨᠠᠮ ᠤᠨ ᠤᠳᠤᠷᠢᠳᠤᠯᠭ᠎ᠠ ᠶᠢᠨ ᠳᠤᠤᠷ᠎ᠠ᠂ ᠲᠠᠰᠤᠷᠠᠯᠲᠠ ᠦᠬᠡᠢ ᠰᠢᠪᠲᠤᠯᠤᠯᠲᠠ ᠭᠠᠷᠭᠠᠨ᠂  ᠦᠷᠭᠦᠯᠵᠢᠯᠡᠨ ᠬᠦᠭᠵᠢᠵᠦ᠂ ᠡᠭᠦᠷᠭᠡ ᠴᠢᠳᠠᠮᠵᠢ ᠶᠢᠨ ᠣᠷᠣᠨ ᠳᠣᠭᠲᠠᠭᠠᠯᠲᠠ ᠨᠢ ᠨᠡᠩ ᠢᠯᠡᠭᠦᠦ ᠲᠣᠳᠤᠷᠬᠠᠢ  ᠪᠣᠯᠣᠨ᠂ ᠣᠨᠣᠯ ᠦᠢᠯᠡᠳᠦᠯᠭᠡ ᠨᠢ ᠭᠦᠨᠵᠡᠭᠡᠶᠢᠷᠡᠵᠦ᠂ ᠬᠠᠤᠯᠢ ᠳᠦᠷᠢᠮ ᠲᠥᠷᠦ ᠶᠢᠨ ᠪᠣᠳᠣᠯᠭ᠎ᠠ ᠨᠢ ᠲᠡᠭᠦᠯᠳᠡᠷᠵᠢᠨ᠂ ᠪᠠᠶᠢᠭᠤᠯᠤᠮᠵᠢ ᠲᠣᠭᠳᠠᠯᠴᠠᠭ᠎ᠠ ᠨᠢ ᠪᠦᠷᠢᠨᠰᠢᠵᠦ᠂ ᠨᠠᠮ ᠪᠠ ᠤᠯᠤᠰ ᠤᠨ ᠦᠢᠯᠡᠰ ᠤᠨ ᠬᠦᠭᠵᠢᠯᠲᠡ ᠳᠤ ᠢᠳᠡᠪᠬᠢᠲᠡᠢ ᠬᠤᠪᠢ ᠨᠡᠮᠡᠷᠢ ᠪᠠᠨ ᠬᠠᠨᠳᠢᠪᠯᠠᠭᠰᠠᠨ ᠶᠤᠮ᠃ ᠡᠨᠡ ᠪᠣᠯ ᠳᠠᠷᠤᠢ ᠮᠢᠨᠦ  ᠭᠠᠪᠰᠢᠭᠠᠶᠢᠯᠠᠨ  ᠬᠢᠬᠦ ᠪᠠᠷ ᠪᠠᠶᠢᠭ᠎ᠠ ᠬᠠᠯᠠᠭᠤᠨ ᠬᠠᠶᠢᠷᠠᠲᠠᠢ  ᠠᠵᠢᠯ ᠦᠢᠯᠡᠰ ᠮᠦᠨ᠃     ᠠᠷᠠᠳ ᠤᠨ ᠶᠠᠪᠤᠳᠠᠯ ᠶᠠᠭᠠᠬᠢᠵᠦ ᠬᠢᠪᠡᠯ ᠵᠣᠬᠢᠯᠲᠠᠢ ᠪᠢᠯᠡ︖     ᠨᠢᠭᠡ ᠦᠶ᠎ᠡ ᠶᠢᠨ ᠬᠢᠨ ᠳᠤ ᠨᠢᠭᠡ ᠦᠶ᠎ᠡ ᠶᠢᠨ ᠬᠢᠨ ᠤ ᠤᠷᠳᠤ ᠠᠶᠠᠨ ᠪᠠᠶᠢᠵᠤ᠂ ᠨᠢᠭᠡ ᠦᠶ᠎ᠡ ᠶᠢᠨ ᠬᠢᠨ ᠳᠤ ᠨᠢᠭᠡ ᠦᠶ᠎ᠡ ᠶᠢᠨ ᠬᠢᠨ ᠤ ᠡᠭᠦᠷᠭᠡᠯᠡᠯ ᠪᠠᠶᠢᠳᠠᠭ ᠶᠤᠮ᠃ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠵᠠᠯᠠᠭᠤ ᠠᠵᠢᠯᠲᠠᠨ ᠪᠣᠯᠣᠭᠰᠠᠨ ᠤ ᠬᠤᠪᠢ ᠳᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠮᠦᠷᠦᠨ ᠳᠤ ᠪᠠᠨ ᠡᠭᠦᠷᠭᠡᠯᠡᠵᠦ᠂ ᠠᠵᠢᠯ ᠤᠨ ᠪᠠᠶᠢᠷᠢᠨ ᠳᠤ ᠪᠠᠲᠤ ᠵᠤᠭᠰᠤᠨ  ᠬᠤᠪᠢ ᠨᠡᠮᠡᠷᠢ   ᠪᠠᠨ ᠬᠠᠨᠳᠢᠪᠯᠠᠵᠤ᠂ ᠦᠪᠡᠷ ᠤᠨ ᠴᠢᠷᠮᠠᠶᠢᠯᠭ᠎ᠠ ᠲᠡᠮᠡᠴᠡᠯ ᠢᠶᠠᠨ ᠤᠯᠤᠰ ᠦᠨᠳᠦᠰᠦᠲᠡᠨ ᠤ ᠪᠠᠶᠢᠨ ᠬᠦᠭᠵᠢᠯᠲᠡ ᠲᠠᠢ  ᠲᠦᠷᠢᠯᠭᠡ ᠨᠡᠶᠢᠯᠡᠭᠦᠯᠦᠨ ᠪᠠᠶᠢᠵᠤ᠂   ᠬᠤᠪᠢᠨ ᠤ ᠵᠡᠭᠦᠳᠦ᠂ ᠭᠡᠷ ᠪᠦᠯᠢ ᠶᠢᠨ ᠵᠡᠭᠦᠳᠦ ᠪᠠᠨ ᠪᠡᠶᠡᠯᠡᠭᠦᠯᠬᠦ ᠪᠠᠨ ᠣᠯᠣᠰ ᠭᠡᠷ ᠤᠨ ᠵᠡᠭᠦᠳᠦ᠂ ᠦᠨᠳᠦᠰᠦᠲᠡᠨ ᠤ ᠵᠡᠭᠦᠳᠦ ᠶᠢ ᠪᠡᠶᠡᠯᠡᠭᠦᠯᠬᠦ ᠲᠠᠢ ᠠᠭᠤᠰᠤᠯᠴᠠᠭᠤᠯᠤᠨ᠎ᠠ᠃     ᠬᠦᠰᠡᠯᠡᠩ ᠢᠲᠡᠭᠡᠯ ᠢᠶᠠᠨ ᠢᠮᠠᠭᠲᠠ ᠪᠠᠲᠤᠳᠬᠠᠬᠤ ᠬᠡᠷᠡᠭᠲᠡᠢ᠃ ᠨᠠᠮ ᠤᠨ ᠲᠡᠦᠬᠡ ᠶᠢᠨ ᠰᠣᠷᠣᠯᠴᠠᠯᠭ᠎ᠠ ᠠᠴᠠ ᠤᠶᠤᠨ ᠤᠬᠠᠭᠠᠨ ᠪᠣᠯᠣᠨ ᠬᠦᠴᠦᠨ ᠴᠢᠳᠠᠯ ᠬᠦᠷᠲᠡᠵᠦ᠂  ᠲᠡᠦᠬᠡ ᠶᠢᠨ ᠠᠬᠤᠢ ᠪᠠᠶᠢᠳᠠᠯ ᠢ  ᠮᠡᠳᠡᠷᠡᠮᠵᠢᠯᠡᠨ᠂  ᠲᠡᠦᠬᠡᠨ ᠬᠦᠭᠵᠢᠯᠲᠡ  ᠶᠢᠨ ᠰᠤᠳᠠᠯ ᠱᠤᠭᠤᠮ  ᠢ  ᠡᠵᠡᠮᠰᠢᠬᠦ ᠳᠤᠮᠳᠠ ᠪᠠᠨ ᠡᠪ ᠬᠠᠮᠲᠤ ᠨᠠᠮ ᠤᠨ ᠬᠡᠰᠢᠭᠦᠨ ᠤ ᠵᠣᠷᠢᠭ ᠰᠠᠨᠠᠭᠠᠨ ᠤ ᠴᠠᠳᠢᠭ ᠢ ᠨᠡᠩ ᠭᠦᠨᠵᠡᠭᠡᠢ ᠣᠶᠢᠯᠠᠭᠠᠵᠤ᠂  ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠨ᠂  ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠨᠠᠮ ᠤᠨ ᠲᠡᠦᠬᠡ ᠶᠢ ᠰᠣᠷᠣᠯᠴᠠᠵᠣ ᠶᠤᠰᠤ ᠤᠴᠢᠷ ᠢ ᠣᠶᠢᠯᠠᠭᠠᠵᠤ᠂ ᠨᠠᠮ ᠤᠨ ᠲᠡᠦᠬᠡ ᠶᠢ ᠰᠣᠷᠣᠯᠴᠠᠵᠣ  ᠢᠲᠡᠭᠡᠯ  ᠢᠶᠠᠨ ᠨᠡᠮᠡᠭᠳᠡᠭᠦᠯᠵᠦ᠂ ᠨᠠᠮ ᠤᠨ ᠲᠡᠦᠬᠡ ᠶᠢ ᠰᠣᠷᠣᠯᠴᠠᠵᠣ  ᠶᠤᠰᠤ ᠰᠤᠷᠲᠠᠬᠤᠨ ᠢ ᠳᠡᠭᠡᠳᠦᠯᠡᠵᠦ᠂ ᠨᠠᠮ ᠤᠨ ᠲᠡᠦᠬᠡ ᠶᠢ ᠰᠣᠷᠣᠯᠴᠠᠵᠣ  ᠴᠢᠷᠮᠠᠶᠢᠨ ᠦᠢᠯᠡᠳᠦᠯᠭᠡᠵᠢᠭᠦᠯᠵᠦ᠂  ᠠᠳᠠᠯ ᠦᠢᠯᠡᠰ ᠪᠤᠰᠬᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠴᠤᠭ ᠰᠦᠯᠳᠠ ᠪᠠᠨ ᠬᠠᠳᠠᠭᠠᠯᠠᠨ᠎ᠠ᠃     ᠠᠷᠠᠳ ᠤᠨ ᠲᠦᠯᠦᠭᠡᠬᠢ ᠬᠠᠶᠢᠷ᠎ᠠ ᠰᠡᠳᠭᠢᠯᠭᠡ ᠪᠠᠨ ᠪᠠᠲᠤ ᠦᠨᠳᠦᠰᠦᠯᠡᠭᠦᠯᠬᠦ ᠬᠡᠷᠡᠭᠲᠡᠢ᠃《 ᠠᠷᠠᠳ ᠤᠨ ᠶᠠᠪᠤᠳᠠᠯ ᠠᠷᠠᠳ ᠤᠨ ᠲᠦᠯᠦᠭᠡ᠂ ᠠᠷᠠᠳ ᠤᠨ ᠶᠠᠪᠤᠳᠠᠯ ᠠᠷᠠᠳ ᠤᠨ  ᠲᠦᠯᠦᠭᠡ》 ᠠᠵᠢᠯ ᠤᠨ ᠣᠶᠢᠯᠠᠭᠠᠭᠳᠠᠬᠤᠨ ᠢᠶᠠᠨ ᠢᠮᠠᠭᠲᠠ ᠪᠠᠲᠤ ᠴᠡᠭᠡᠵᠢᠯᠡᠨ ᠦᠢᠯᠡᠳᠦᠯᠭᠡᠵᠢᠭᠦᠯᠵᠦ᠂  ᠨᠠᠮ ᠲᠤᠭᠲᠠᠭᠤᠨ ᠂ ᠬᠠᠶᠢᠷ᠎ᠠ ᠰᠡᠳᠭᠢᠯᠭᠡ ᠲᠠᠢ ᠪᠠᠷ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠪᠠ ᠬᠠᠯᠠᠭᠤᠨ ᠬᠦᠢᠲᠡᠨ  ᠤ ᠲᠤᠬᠠᠢ ᠰᠠᠨᠠᠭᠠᠰᠢᠷᠠᠨ᠎ᠠ᠃ ᠠᠷᠠᠳ ᠣᠯᠠᠨ ᠤ ᠰᠠᠶᠢᠬᠠᠨ ᠰᠠᠶᠢᠬᠠᠨ ᠠᠮᠢᠳᠤᠷᠠᠯ ᠤᠨ ᠲᠤᠬᠠᠢ ᠬᠦᠰᠡᠯ  ᠡᠷᠡᠮᠡᠯᠵᠡᠯᠡᠯ ᠤᠨ ᠲᠦᠯᠦᠭᠡᠨ᠎ᠡ᠂  ᠠᠷᠠᠳ ᠤᠨ ᠠᠮᠢᠳᠤᠷᠠᠯ  ᠢ ᠪᠠᠲᠤᠯᠠᠬᠤ ᠪᠠ ᠰᠠᠶᠢᠵᠢᠷᠠᠭᠤᠯᠬᠤ ᠡᠯ᠎ᠡ ᠲᠥᠷᠦᠯ ᠤᠨ ᠲᠥᠷᠦ ᠶᠢᠨ  ᠪᠣᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ  ᠳᠤᠮᠳᠠ ᠪᠤᠲᠠᠲᠠᠢ ᠠᠰᠠᠭᠤᠳᠠᠯ ᠪᠠ ᠬᠦᠴᠢᠷᠳᠡᠯ  ᠲᠤᠯᠭᠠᠷᠠᠪᠠᠯ ᠢᠯᠡᠭᠦᠬᠡᠨ ᠰᠡᠳᠭᠢᠯ ᠪᠣᠳᠤᠯᠬᠢᠯᠠᠵᠤ᠂ ᠵᠠᠳᠠᠯᠤᠨ ᠰᠦᠪᠡᠭᠴᠢᠯᠡᠵᠦ᠂ ᠲᠦᠰᠦᠯ ᠢᠶᠠᠨ ᠰᠢᠯᠢᠳᠡᠭᠵᠢᠭᠦᠯᠦᠨ᠂  ᠰᠢᠪᠲᠤᠯᠬᠤ ᠠᠷᠭ᠎ᠠ ᠵᠠᠮ  ᠬᠠᠶᠢᠵᠤ᠂ ᠠᠰᠢᠭᠲᠠᠢ ᠯᠠᠪᠯᠠᠯᠲᠠ ᠬᠠᠩᠭᠠᠨ᠂ ᠪᠤᠲᠠᠲᠠᠢ ᠠᠵᠢᠯ ᠤᠨ ᠦᠷ᠎ᠡ ᠠᠰᠢᠭ ᠢᠶᠠᠷ ᠢᠶᠠᠨ ᠣᠯᠠᠨ ᠲᠦᠮᠡᠨ ᠤ ᠢᠲᠡᠭᠡᠯ ᠢ ᠬᠦᠷᠲᠡᠨ᠎ᠡ᠃     ᠲᠤᠰᠬᠠᠶᠢᠵᠢᠭᠰᠠᠨ ᠰᠢᠯᠢᠳᠡᠭᠵᠢᠭᠰᠡᠨ ᠦᠵᠦᠭᠦᠷᠯᠡᠭᠰᠡᠨ ᠴᠢᠳᠠᠪᠤᠷᠢ  ᠪᠠᠨ ᠪᠤᠯᠪᠠᠰᠤᠷᠠᠭᠤᠯᠬᠤ ᠬᠡᠷᠡᠭᠲᠡᠢ᠃ ᠠᠷᠠᠳ ᠣᠯᠠᠨ ᠤ ᠰᠠᠶᠢᠬᠠᠨ ᠰᠠᠶᠢᠬᠠᠨ ᠠᠮᠢᠳᠤᠷᠠᠯ ᠤᠨ ᠲᠤᠬᠠᠢ ᠬᠦᠰᠡᠯ  ᠡᠷᠡᠮᠡᠯᠵᠡᠯᠡᠯ  ᠪᠠ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠦᠭᠵᠢᠯᠲᠡ ᠪᠠᠷ ᠪᠠᠷᠢᠮᠵᠢᠶ᠎ᠠ ᠪᠣᠯᠭᠠᠵᠤ᠂  ᠠᠷᠠᠳ ᠤᠨ  ᠶᠠᠪᠤᠳᠠᠯ ᠤᠨ ᠬᠢᠨ  ᠵᠠᠪᠠᠯ  ᠴᠠᠭᠠᠷᠠᠭᠰᠠᠨ ᠴᠢᠳᠠᠪᠤᠷᠢ ᠶᠢ  ᠪᠣᠯᠪᠠᠰᠤᠷᠠᠭᠤᠯᠤᠨ᠂   ᠡᠷᠬᠢᠯᠡᠭᠰᠡᠨ ᠠᠵᠢᠯ ᠢᠶᠠᠨ ᠰᠡᠳᠭᠢᠯ ᠰᠢᠭᠤᠳᠤᠨ ᠰᠣᠳᠤᠯᠤᠨ ᠰᠢᠨᠵᠢᠯᠡᠵᠦ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠪᠤᠯᠪᠠᠰᠤᠷᠠᠭᠤᠯᠵᠤ᠂  ᠨᠢᠭᠡ ᠲᠦᠷᠦᠯ ᠤᠨ ᠠᠵᠢᠯ ᠢ ᠬᠢᠪᠡᠯ᠂ ᠲᠡᠭᠦᠨ ᠢᠶᠠᠨ ᠬᠠᠶᠢᠷᠠᠯᠠᠨ᠂ ᠲᠡᠭᠦᠨ ᠳᠤ ᠨᠡᠪᠲᠡᠷᠡᠵᠦ᠂ 《 ᠲᠦᠷᠦ  ᠶᠢᠨ ᠪᠣᠳᠣᠯᠭ᠎ᠠ ᠳᠤ ᠨᠡᠪᠲᠡᠷᠬᠡᠢ ᠬᠦᠮᠦᠨ》᠂《 ᠡᠷᠬᠢᠯᠡᠭᠰᠡᠨ ᠠᠵᠢᠯ ᠳᠤ ᠪᠠᠨ ᠨᠡᠪᠲᠡᠷᠬᠡᠢ ᠬᠦᠮᠦᠨ》 ᠪᠤᠯᠵᠤ᠂ ᠲᠤᠰ ᠬᠦᠷᠢᠶ᠎ᠡ ᠴᠠᠷᠠᠭᠠᠨ ᠤ ᠪᠠᠨ ᠡᠷᠬᠡ ᠰᠦᠷᠲᠦ ᠡᠷᠳᠡᠮᠳᠡᠨ᠂  ᠲᠤᠰᠬᠠᠢ ᠮᠡᠷᠭᠡᠵᠢᠯᠲᠡᠨ ᠪᠣᠯᠬᠤ ᠬᠡᠷᠡᠭᠲᠡᠢ᠃     ᠴᠢᠩᠭ᠎ᠠ ᠨᠠᠷᠢᠯᠢᠭ ᠪᠠᠲᠤᠲᠠᠢ ᠪᠠᠶᠢᠬᠤ ᠰᠤᠷᠲᠠᠯ  ᠢ ᠪᠣᠢ ᠪᠣᠯᠭᠠᠬᠤ ᠬᠡᠷᠡᠭᠲᠡᠢ᠃  ᠪᠢᠳᠡᠨ ᠤ  ᠬᠦᠮᠦᠨ ᠪᠣᠯᠭᠠᠨ ᠤ ᠠᠵᠢᠯ ᠤᠨ ᠪᠠᠶᠢᠷᠢ ᠨᠢ ᠪᠦᠷ ᠮᠠᠰᠢ ᠡᠭᠡᠯ ᠵᠢᠷ ᠤᠨ ᠪᠠᠶᠢᠵᠤ᠂  ᠲᠡᠶᠢᠮᠦ ᠶᠡᠭᠡ ᠳᠣᠩᠰᠤᠯᠤᠯᠲᠦ ᠶᠡᠭᠡ ᠶᠠᠪᠤᠳᠠᠯ ᠡᠭᠦᠰᠬᠦ ᠦᠬᠡᠢ  ᠂  ᠬᠢᠵᠦ ᠪᠠᠶᠢᠭ᠎ᠠ ᠨᠢ ᠪᠦᠷ ᠵᠢᠵᠢᠭ ᠰᠠᠵᠢᠭ ᠮᠦᠷᠲᠡᠬᠡᠨ ᠰᠣᠨᠢᠷᠬᠠᠯ ᠦᠬᠡᠢ ᠠᠵᠢᠯ ᠪᠠᠶᠢᠭᠰᠠᠨ ᠴᠤ ᠡᠭᠡᠯ ᠵᠢᠷ ᠤᠨ ᠳᠤᠮᠳᠠ ᠨᠡᠩᠲᠡ ᠡᠭᠦᠷᠭᠡ ᠬᠠᠷᠢᠭᠤᠴᠠᠯᠭ᠎ᠠ ᠱᠠᠭᠠᠷᠳᠠᠭᠳᠠᠨ᠂  ᠴᠢᠩᠭ᠎ᠠ ᠨᠠᠷᠢᠯᠢᠭ ᠪᠠᠲᠤᠲᠠᠢ ᠪᠠᠶᠢᠬᠤ ᠠᠵᠢᠯ ᠤᠨ ᠰᠤᠷᠲᠠᠯ  ᠢ ᠪᠣᠢ ᠪᠣᠯᠭᠠᠬᠤ ᠬᠡᠷᠡᠭᠲᠡᠢ᠃     ᠪᠤᠲᠠᠲᠤ ᠠᠵᠢᠯ ᠤᠨ ᠳᠤᠮᠳᠠ ᠪᠠᠨ ᠳᠦᠭᠦᠮᠬᠡᠨ ᠤᠴᠢᠷ ᠢ ᠴᠤ ᠰᠠᠶᠢᠳᠤᠷ ᠭᠠᠷᠳᠠᠨ ᠬᠢᠵᠦ᠂ ᠡᠭᠡᠯ ᠵᠢᠷ ᠤᠨ ᠤᠴᠢᠷ  ᠢ ᠴᠤ ᠰᠢᠯᠢᠳᠡᠭᠵᠢᠭᠦᠯᠦᠨ ᠬᠢᠵᠦ᠂   ᠳᠦᠷᠢᠮ ᠭᠤᠷᠢᠮ ᠲᠠᠢ᠂  ᠭᠡᠪᠰᠢᠵᠦ ᠵᠢᠷᠤᠮᠵᠢᠭᠰᠠᠨ  ᠠᠵᠢᠯ ᠢ ᠴᠤ ᠰᠢᠨ᠎ᠡ ᠠᠷᠭ᠎ᠠ ᠪᠣᠳᠤᠯᠬᠢᠯᠠᠨ᠂ ᠰᠢᠨ᠎ᠡ ᠵᠠᠮ ᠰᠦᠪᠡᠭᠴᠢᠯᠡᠨ᠂ ᠲᠠᠰᠤᠷᠠᠯᠲᠠ ᠦᠬᠡᠢ ᠬᠦᠭᠡᠭᠡᠴᠡᠯᠳᠦᠨ ᠰᠢᠨ᠎ᠡ ᠶᠢ ᠡᠭᠦᠳᠴᠦ᠂ ᠠᠯᠬᠤᠮ ᠳᠠᠪᠰᠢᠬᠤ    ᠪᠠᠷ ᠴᠢᠷᠮᠠᠶᠢᠨ᠂  ᠣᠬᠢ  ᠰᠢᠯᠢᠳᠡᠭ ᠢ  ᠵᠣᠷᠢᠬᠤ ᠬᠡᠷᠡᠭᠲᠡᠢ᠃ᠣᠷᠴᠢᠭᠤᠯᠣᠭᠴᠢ ᠶᠢᠨ ᠬᠠᠶ᠋ᠢᠭ᠄  ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠨᠣᠮ ᠤᠨ ᠰᠠᠩ
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号