ᠣᠭ ᠵᠣᠷᠢᠯᠲᠠ ᠪᠠᠨ ᠪᠠᠷᠢᠮᠲᠠᠯᠠᠨ ᠠᠷᠠᠳ ᠤᠨ ᠰᠡᠳᠬᠢᠯ ᠢ ᠲᠥᠪᠯᠡᠷᠡᠭᠦᠯᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠷᠠᠳ ᠤᠨ ᠠᠮᠢᠳᠤᠷᠠᠯ ᠳᠤ ᠠᠰᠢᠭ ᠬᠦᠷᠲᠡ᠊
ᠨᠡᠶᠢᠲᠡᠯᠡᠭᠰᠡᠨ ᠴᠠᠭ᠄
2021/11/9
      ᠣᠭ ᠵᠣᠷᠢᠯᠲᠠ ᠪᠠᠨ ᠪᠠᠷᠢᠮᠲᠠᠯᠠᠨ ᠠᠷᠠᠳ ᠤᠨ ᠰᠡᠳᠬᠢᠯ ᠢ ᠲᠥᠪᠯᠡᠷᠡᠭᠦᠯᠵᠦ       ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠶ᠎ᠡ                   —— ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠵᠤ᠂                           ᠠᠷᠠᠳ ᠤᠨ ᠶᠠᠪᠤᠳᠠᠯ ᠤᠨ ᠬᠠᠶᠢᠷ᠎ᠠ ᠰᠡᠳᠬᠢᠯᠭᠡ ᠶᠢ ᠦᠭᠦᠯᠡᠰᠦᠬᠦᠢ             ᠦᠬᠠᠶ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ   ᠶᠢᠨ ᠸᠠᠩ ᠪᠢ ᠴᠢᠶᠦ᠋ᠩ ᠵᠤᠬᠢᠶᠠᠪᠠ                                    ᠠᠳᠠᠩᠭ᠎ᠠ ᠣᠷᠴᠢᠭᠤᠯᠪᠠ     1921ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠡᠨᠳᠦᠯᠡᠭᠰᠡᠨ ᠨᠢ ᠳᠤᠮᠳᠠᠳᠤ ᠤᠯᠤᠰ ᠤᠨ ᠲᠡᠦᠬᠡ ᠶᠢᠨ ᠰᠢᠨ᠎ᠡ ᠬᠠᠭᠤᠳᠠᠰᠤ ᠶᠢ ᠰᠡᠬᠦᠵᠦ᠂ ᠪᠦᠬᠦ᠋ᠢᠯᠡ ᠵᠠᠭᠤᠨ ᠵᠢᠯ ᠤᠨ ᠲᠤᠷᠰᠢ᠂ ᠲᠤᠮᠳᠠᠳᠤ ᠤᠯᠤᠰ ᠤᠨ ᠡᠪ ᠬᠠᠮᠳᠤ ᠨᠠᠮ  ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠡᠷᠡᠯᠬᠡᠭᠯᠡᠨ  ᠤᠷᠤᠭᠰᠢᠯᠠᠭᠰᠠᠨ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠭᠰᠡᠨ ᠪᠠᠶᠢᠨ᠎ᠠ᠃ ︽ᠲᠡᠦᠬᠡ ᠪᠠᠷ ᠲᠤᠯᠢ ᠪᠣᠯᠭᠠᠪᠠᠯ᠂ ᠮᠠᠨᠳᠤᠵᠤ ᠮᠥᠬᠦᠬᠦ ᠶᠢ ᠮᠡᠳᠡᠵᠦ ᠪᠣᠯᠤᠨ᠎ᠠ︾᠂ ᠮᠠᠨ ᠤ ᠨᠠᠮ ᠤᠨ ᠰᠠᠯᠬᠢ ᠪᠣᠷᠣᠭᠠᠨ ᠢ ᠰᠦᠷᠦᠨ ᠤᠷᠤᠭᠰᠢᠯᠠᠭᠰᠠᠨ 100 ᠵᠢᠯ ᠪᠣᠯ ᠨᠢᠭᠡᠨ  ᠭᠦᠨ᠎ᠡ ᠵᠤᠵᠠᠭᠠᠨ ᠰᠤᠷᠬᠤ ᠪᠢᠴᠢᠭ ᠮᠥᠨ᠂ ᠡᠪ ᠬᠠᠮᠲᠤ ᠨᠠᠮ ᠤᠨ ᠭᠡᠰᠢᠭᠦᠨ ᠨᠢᠭᠡᠪᠦᠷᠢ  ᠳᠤ ᠠᠪᠴᠤ ᠬᠡᠯᠡᠪᠡᠯ  ᠰᠤᠷᠤᠯᠴᠠᠪᠠᠰᠤ ᠠᠰᠢᠭ ᠬᠦᠷᠲᠡᠨ᠂ ᠴᠥᠮ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠨᠠᠮ ᠤᠨ ᠲᠡᠦᠬᠡ ᠶᠢ ᠲᠠᠨᠢᠵᠤ᠂ ᠪᠢᠰᠢᠷᠡᠨ ᠵᠢᠷᠦᠬᠡᠰᠢᠶᠡᠬᠦ ᠵᠣᠷᠢᠭ ᠢᠶᠠᠷ ᠲᠡᠦᠬᠡ ᠳᠤ ᠬᠠᠨᠳᠤᠵᠤ᠂ ᠲᠡᠦᠬᠡ ᠶᠢ  ᠰᠤᠷᠤᠯᠴᠠᠨ᠂  ᠪᠢᠰᠢᠷᠡᠯ ᠢᠲᠡᠭᠡᠯ ᠵᠣᠷᠢᠭ ᠢᠶᠠᠨ ᠪᠠᠲᠤᠳᠬᠠᠵᠤ᠂ ︽ᠬᠤᠪᠢᠰᠬᠠᠯ ᠤᠨ ᠠᠶᠠᠨ︾ ᠠᠴᠠ ᠰᠢᠨ᠎ᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠨᠠᠮᠴᠢ ᠴᠢᠨᠠᠷ ᠤᠨ ᠪᠣᠯᠪᠠᠰᠤᠷᠠᠯ ᠪᠠ ᠲᠠᠨᠢᠯᠲᠠ ᠪᠠᠨ ᠳᠡᠭᠡᠭᠰᠢᠯᠡᠭᠦᠯᠵᠦ᠂ ᠬᠦᠰᠡᠯ ᠨᠠᠶᠢᠳᠠᠯᠭ᠎ᠠ ᠶᠢ ᠪᠠᠲᠤ  ᠴᠡᠭᠡᠵᠢᠯᠡᠨ᠂ ᠠᠴᠢ ᠡᠨᠡᠷᠢᠯ ᠳᠤ ᠨᠢ ᠲᠠᠯᠠᠷᠬᠠᠵᠤ ᠡᠷᠡᠮᠡᠬᠡᠶᠢᠯᠡᠨ ᠤᠷᠤᠭᠰᠢᠯᠠᠪᠠᠯ ᠵᠣᠬᠢᠨ᠎ᠠ᠃     ᠰᠦᠷᠯᠢᠭ ᠰᠠᠢᠬᠠᠨ ᠠᠶᠠᠨ ᠵᠠᠮ ᠶᠠᠭ ᠯᠡ ᠣᠳᠣᠨ ᠮᠡᠴᠢᠳ ᠤᠨ ᠠᠨᠠᠪᠠᠳ ᠳᠠᠯᠠᠢ ᠮᠡᠲᠦ᠂ ᠠᠭᠤᠤ ᠶᠡᠭᠡ ᠦᠵᠡᠯ ᠰᠠᠨᠠᠭ᠎ᠠ ᠪᠣᠯ ᠲᠤᠭ ᠲᠡᠮᠳᠡᠭ ᠳᠠᠷᠪᠠᠭᠤᠯ ᠨᠢ ᠪᠣᠯᠤᠨ᠎ᠠ  ᠃  ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠶᠠᠨ ᠬᠦᠴᠦᠷᠬᠡᠭ᠂ ᠠᠷᠠᠳᠴᠢᠯᠠᠭᠰᠠᠨ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠷ ᠤᠷᠤᠭᠰᠢᠯᠠᠵᠤ ᠪᠠᠶᠢᠨ᠎ᠠ᠃ ᠠᠭᠤᠤ ᠶᠡᠭᠡ ᠬᠦᠰᠡᠯ ᠵᠡᠭᠦᠳᠦ ᠵᠦᠭ  ᠤᠨ ᠤᠷᠤᠭᠰᠢᠯᠠᠯᠲᠠ᠂ ᠶᠠᠭ ᠮᠠᠨ ᠤ ᠦᠶ᠎ᠡ ᠳᠤ᠂ ᠶᠠᠭ ᠨᠢᠳᠦᠨ ᠡᠮᠦᠨ᠎ᠡ  ᠪᠠᠶᠢᠭ᠎ᠠ ᠶᠤᠮ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ᠂ ᠠᠷᠠᠳ ᠤᠨ ᠶᠠᠪᠤᠳᠠᠯ ᠤᠨ ᠠᠵᠢᠯᠲᠠᠨ ᠳᠤ ᠠᠪᠴᠤ ᠬᠡᠯᠡᠪᠡᠯ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠶ ᠴᠢᠬᠤᠯᠠ‌‍ᠪᠦ᠋ᠬᠦᠢ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠨᠳᠦᠰᠦᠨ ᠱᠠᠭᠠᠷᠳᠠᠯᠭ᠎ᠠ ᠶᠢ ᠵᠦᠪ ᠣᠨᠣᠪᠴᠢᠲᠠᠶ ᠡᠵᠡᠮᠳᠡᠵᠦ᠂ ᠨᠠᠮ ᠤᠨ ᠲᠥᠷᠥ ᠪᠠᠷᠢᠬᠤ ᠰᠠᠭᠤᠷᠢ ᠶᠢ ᠬᠦᠴᠦᠯᠡᠨ ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠬᠤ ᠨᠢ ᠴᠢᠬᠤᠯᠠ ᠠᠴᠢ ᠬᠤᠯᠪᠣᠭᠳᠠᠯ ᠲᠠᠢ ᠶᠤᠮ᠃     ᠦᠨᠳᠦᠰᠦᠨ ᠱᠠᠲᠤ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠦᠨᠳᠦᠰᠦᠨ ᠱᠠᠲᠤ ᠠᠮᠤᠷ ᠲᠤᠭᠲᠠᠭᠤᠨ ᠪᠣᠯ  ᠪᠦᠬᠦ ᠨᠡᠶᠢᠭᠡᠮ ᠢᠶᠠᠷ ᠢᠶᠠᠨ ᠠᠮᠤᠭᠤᠯᠠᠩ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠬᠦ ᠲᠤᠬᠠᠢ ᠠᠯᠢ ᠤᠯᠠᠨ ᠴᠢᠬᠤᠯᠠ ᠪᠦᠬᠦᠢ ᠥᠭᠦᠯᠡᠯᠲᠡ   ᠶᠢ ᠲᠤᠷᠠᠳᠴᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠭᠤᠣᠯᠳᠠᠯᠭ᠎ᠠ ᠶᠢ ᠡᠷᠬᠡᠪᠰᠢ ᠬᠤᠳᠠ ᠬᠥᠳᠡᠭᠡ ᠶᠢᠨ ᠨᠡᠶᠢᠭᠡᠮ ᠲᠣᠭᠤᠷᠢᠭ ᠲᠤ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠳᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠨᠡᠩ ᠤᠯᠠᠨ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ ᠲᠠᠯᠪᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠣᠨᠣᠴᠠᠲᠠᠢ ᠨᠠᠷᠢᠯᠢᠭ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠲᠠᠬᠢᠨ ᠳᠠᠪᠲᠠᠨ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠪᠦᠬᠦᠢ ᠥᠭᠦᠯᠡᠯᠲᠡ ᠨᠢ ᠦᠨᠳᠦᠰᠦᠨ ᠱᠠᠲᠤᠨ ᠤ ᠵᠠᠰᠠᠯᠲᠠ ᠶᠢᠨ ︽ᠬᠡᠨ ᠤ ᠲᠥᠯᠥᠭᠡ ᠪᠠᠶᠢᠬᠤ︾᠂ ︽ᠬᠡᠨ ᠳᠤ ᠲᠦᠰᠢᠭᠯᠡᠬᠦ︾ ᠵᠡᠷᠭᠡ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠴᠢᠭᠯᠡᠯ ᠢ ᠲᠤᠳᠤᠷᠬᠠᠢ  ᠵᠢᠭᠠᠵᠤ ᠥᠭᠴᠡᠢ᠃ 2021 ᠣᠨ ᠤ 4 ᠳ᠋ᠤᠭᠡᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ︽ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠢ ᠨᠡᠶᠢᠲᠡᠯᠡᠵᠦ᠂ ᠦᠨᠳᠦᠰᠦᠨ ᠱᠠᠲᠤᠨ ᠤ ᠵᠠᠰᠠᠯᠲᠠ ᠶᠢ ᠪᠥᠬᠦ ᠬᠦᠴᠦᠨ ᠢᠶᠠᠷ ᠠᠬᠢᠭᠤᠯᠪᠠ᠃     ᠰᠤᠷᠬᠤ ᠰᠡᠳᠬᠢᠬᠦ ᠤᠬᠠᠬᠤ ᠶᠢ ᠨᠡᠪᠲᠡᠷᠡᠭᠦᠯᠬᠦ᠂ ᠮᠡᠳᠡᠬᠦᠶ ᠬᠢᠬᠦᠶ ᠢᠲᠡᠭᠡᠬᠦᠢ ᠶᠢ ᠨᠢᠭᠡᠳᠬᠡᠬᠦ᠃ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠢ ᠬᠤᠯᠪᠣᠵᠤ᠂ ᠨᠡᠶᠢᠭᠡᠮ ᠤᠨ ᠪᠠᠶᠢᠭᠤᠯᠤᠯᠲᠠ ᠶᠢᠨ ᠰᠠᠭᠤᠷᠢ ᠴᠢᠨᠠᠷᠲᠠᠢ ᠠᠵᠢᠯ ᠪᠠᠶᠢᠵᠤ᠂ ᠦᠨᠳᠦᠰᠦᠨ ᠵᠦᠢᠯ ᠢ ᠪᠠᠲᠤᠯᠠᠬᠤ ᠦᠢᠯᠡᠳᠦᠯ ᠦᠵᠡᠭᠦᠯᠵᠦ ᠪᠠᠶᠢᠳᠠᠭ᠃ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠴᠢᠯᠠᠭᠤ ᠪᠣᠯᠤᠭᠰᠠᠨ ᠤ ᠬᠤᠪᠢ ᠳᠤ᠂ ᠪᠢ ᠠᠷᠠᠳ ᠤᠨ ᠲᠥᠯᠥᠭᠡ ᠭᠡᠬᠦ ᠤᠭ ᠰᠠᠨᠠᠭ᠎ᠠ ᠪᠠᠨ ᠪᠠᠲᠤ ᠰᠠᠬᠢᠵᠤ᠂ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠠᠪᠠᠯ ᠰᠤᠷᠬᠤ ᠬᠢᠴᠢᠶᠡᠯ ᠪᠣᠯᠭᠠᠵᠤ᠂ ᠦᠵᠡᠯ ᠰᠠᠨᠠᠭᠠᠨ ᠤ ᠪᠣᠯᠪᠠᠰᠤᠷᠠᠯ᠂ ᠲᠤᠰᠬᠠᠶ ᠮᠡᠷᠭᠡᠵᠢᠯ ᠤᠨ ᠪᠣᠯᠪᠠᠰᠤᠷᠠᠯ᠂ ᠦᠶᠯᠡᠳᠦᠯᠭᠡ ᠶᠢᠨ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠥᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠥᠨᠳᠥᠷ᠂ ᠰᠤᠷᠲᠠᠯ ᠰᠢᠯᠢᠳᠡᠭ ᠠᠷᠠᠳ ᠤᠨ ᠶᠠᠪᠤᠳᠠᠯ ᠤᠨ ᠺᠠᠳ᠋ᠷ᠂ ᠨᠠᠮ ᠤᠨ ᠭᠡᠰᠢᠭᠦᠨ ᠤ ᠬᠤᠰᠢᠭᠤᠴᠢ ᠪᠣᠯᠬᠤ ᠪᠠᠷ ᠴᠢᠷᠮᠠᠶᠢᠨ᠎ᠠ᠃ ᠪᠣᠳᠠᠲᠠᠢ ᠪᠠᠷ ᠬᠡᠯᠡᠪᠡᠯ᠂ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠣᠳᠣᠬᠠᠨ ᠤ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠵᠠᠳᠠᠯᠤᠯᠲᠠ ᠮᠠᠭᠠᠳᠯᠠᠯᠲᠠ ᠶᠢ ᠭᠦᠨᠵᠡᠭᠡᠢ ᠡᠵᠡᠮᠳᠡᠵᠦ᠂ ᠠᠷᠠᠳ ᠤᠨ ᠶᠠᠪᠤᠳᠠᠯ ᠤᠨ ᠠᠵᠢᠯ ᠤᠨ ᠨᠠᠮ ᠪᠣᠯᠤᠨ ᠤᠯᠤᠰ ᠤᠨ ᠶᠡᠭᠡ ᠲᠠᠯ᠎ᠠ ᠳᠠᠬᠢ ᠤᠯᠤᠰ ᠲᠦᠷᠦ ᠶᠢᠨ ᠣᠷᠣᠨ ᠪᠠᠶᠢᠷᠢ ᠶᠢ ᠣᠨᠣᠪᠴᠢᠲᠠᠢ ᠣᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠵᠤ᠂ ᠪᠦᠬᠦ ᠲᠠᠯ᠎ᠠ ᠶᠢᠨ ᠠᠵᠢᠯ ᠳᠤ ᠦᠢᠯᠡᠴᠢᠯᠡᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠬᠥᠭᠵᠢᠯᠲᠡ ᠳᠤ ᠦᠢᠯᠡᠴᠢᠯᠡᠬᠦ᠂ ᠰᠢᠢᠳᠪᠦᠷᠢᠲᠦ ᠪᠤᠳᠤᠯᠭ᠎ᠠ ᠳᠤ ᠦᠢᠯᠡᠴᠢᠯᠡᠬᠦ᠂ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠳᠤᠮᠳᠠ ᠦᠷᠳᠡᠭ ᠢᠶᠠᠨ  ᠢᠯᠡᠷᠡᠭᠦᠯᠦᠨ᠎ᠡ᠃ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠨ᠂ ᠲᠦᠷᠦ ᠶᠢᠨ ᠪᠤᠳᠤᠯᠭ᠎ᠠ ᠲᠣᠭᠲᠠᠭᠠᠬᠤ ᠪᠠ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠵᠠᠰᠠᠯᠲᠠ ᠶᠢᠨ ᠰᠢᠨ᠎ᠡ ᠵᠠᠮ ᠢ ᠬᠠᠶᠢᠨ  ᠰᠦᠪᠡᠭᠴᠢᠯᠡᠨ᠎ᠡ  ︔ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠪᠠᠴᠢᠮ ᠬᠦᠴᠢᠷᠳᠡᠯ ᠵᠣᠪᠠᠨᠢᠯ ᠬᠦᠰᠡᠯ ᠡᠷᠡᠮᠡᠯᠵᠡᠯ ᠤᠨ ᠠᠰᠠᠭᠤᠳᠠᠯ ᠤᠨ ᠲᠣᠭᠤᠷᠢᠨ ᠳᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠠᠵᠢᠯ ᠤᠨ ᠳᠤᠮᠳᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃      ᠰᠠᠶᠢᠨ ᠶᠠᠪᠤᠳᠠᠯ  ᠢ ︽ᠰᠠᠶᠢᠲᠤᠷ︾ ᠬᠢᠵᠦ᠂ ᠪᠣᠳᠠᠲᠠᠶ ᠶᠠᠪᠤᠳᠠᠯ  ᠢ ︽ᠪᠣᠳᠠᠲᠠᠶ︾  ᠪᠠᠷ ᠬᠢᠨ᠎ᠠ᠃ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠤᠯᠳᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠷᠠᠳ ᠤᠨ ᠲᠥᠯᠥᠭᠡ ᠪᠣᠳᠠᠲᠠᠢ ᠠᠵᠢᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠳᠤᠮᠳᠠ ᠪᠠᠨ ᠠᠷᠠᠳ ᠤᠨ ᠠᠮᠢᠳᠤᠷᠠᠯ ᠳᠤ ᠪᠤᠶᠠᠨ ᠦᠢᠯᠡᠳᠦᠨ᠎ᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠠᠨ ᠤ ᠪᠣᠳᠠᠲᠠᠶ ᠠᠰᠠᠭᠤᠳᠠᠯ ᠢ ᠠᠩᠬᠠᠷᠬᠤ ᠪᠠᠷ ᠪᠠᠷᠠᠬᠤ ᠥᠬᠡᠶ᠂ ᠬᠥᠭᠵᠢᠯᠲᠡ ᠶᠢᠨ ᠬᠠᠷᠠᠴᠠ ᠪᠠᠷ ᠢᠷᠡᠭᠡᠳᠦᠶ ᠶᠢᠨ ᠬᠡᠷᠡᠭᠴᠡᠭᠡ ᠶᠢ ᠪᠣᠳᠣᠯᠬᠢᠯᠠᠬᠤ ᠶᠢ ᠨᠠᠩ ᠴᠢᠬᠤᠯᠠᠴᠢᠯᠠᠨ᠎ᠠ︔ ᠰᠠᠭᠤᠭᠠᠯᠢ ᠠᠷᠠᠳ ᠤᠨ ᠰᠠᠨᠠᠭᠠᠰᠢᠷᠠᠵᠤ ᠪᠠᠶᠢᠭ᠎ᠠ ᠶᠠᠪᠤᠳᠠᠯ᠂ ᠵᠣᠪᠠᠨᠢᠵᠤ ᠪᠠᠶᠢᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠪᠠᠷᠠᠬᠤ ᠥᠬᠡᠶ᠂ ᠰᠢᠰᠲ᠋ᠧᠮᠲᠦ ᠴᠢᠨᠠᠷ ᠪᠠ ᠬᠠᠮᠵᠢᠯᠴᠠᠬᠤ ᠴᠢᠨᠠᠷ ᠢ ᠴᠢᠩᠭᠠᠳᠬᠠᠬᠤ ᠶᠢ ᠨᠠᠩ ᠴᠢᠬᠤᠯᠠᠴᠢᠯᠠᠨ᠎ᠠ᠃ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠬᠤ᠂ ᠰᠠᠨᠠᠭᠠᠴᠢᠯᠠᠭ᠎ᠠ ᠠᠴᠠ ᠪᠠᠨ ᠪᠣᠳᠣᠯᠬᠢᠯᠠᠬᠤ᠂ ᠵᠣᠷᠢᠭᠲᠠᠶ ᠪᠠᠷ ᠬᠠᠶᠢᠨ ᠰᠦᠪᠡᠭᠴᠢᠯᠡᠬᠦ᠂ ᠰᠠᠭᠤᠭᠠᠯᠢ ᠠᠷᠠᠳ ᠲᠠᠢ ᠬᠠᠮᠲᠤ   ᠪᠠᠷ ᠰᠡᠳᠭᠢᠵᠦ ᠪᠠᠶᠢᠬᠤ ᠬᠡᠷᠡᠭᠳᠡᠢ᠂ ᠣᠯᠠᠨ ᠲᠦᠮᠡᠨ ᠢ ᠳᠠᠶᠢᠴᠢᠯᠠᠬᠤ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠳᠤ ᠦᠶᠯᠡᠴᠢᠯᠡᠬᠦ ᠴᠢᠳᠠᠪᠤᠷᠢ᠂ ᠠᠳᠠᠯᠢ ᠪᠤᠰᠤ ᠭᠤᠤᠯ ᠴᠣᠭᠴᠠ ᠶᠢ᠂ ᠠᠳᠠᠯᠢ ᠪᠤᠰᠤ ᠡᠯᠧᠮᠧᠨ᠋ᠲ ᠢ ᠦᠨᠳᠦᠰᠦᠨ ᠱᠠᠲᠤᠨ ᠤ ᠵᠠᠰᠠᠯᠲᠠ ᠶᠢᠨ ᠪᠣᠷᠣ ᠲᠥᠯᠥᠪ ᠲᠤ ᠲᠥᠪᠯᠡᠷᠡᠭᠦᠯᠦᠨ᠎ᠡ᠂ ᠢᠲᠡᠭᠡᠯ ᠵᠣᠷᠢᠭ ᠤᠨ ᠬᠠᠮᠲᠤ ᠶᠢᠨ ᠲᠠᠨᠢᠯᠲᠠ᠂ ᠳᠦᠷᠢᠮ ᠤᠨ ᠬᠠᠮᠲᠤ ᠶᠢᠨ ᠲᠠᠨᠢᠯᠲᠠ᠂ ᠲᠦᠷᠦ ᠶᠢᠨ ᠪᠤᠳᠤᠯᠭ᠎ᠠ ᠶᠢᠨ ᠬᠠᠮᠲᠤ ᠶᠢᠨ ᠲᠠᠨᠢᠯᠲᠠ  ᠶᠢ ᠪᠦᠷᠢᠯᠳᠦᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠶ᠂  ᠨᠡᠶᠢᠭᠡᠮ ᠲᠣᠭᠤᠷᠢᠭ ︵ᠲᠣᠰᠬᠤᠨ︶  ᠤᠨ ᠨᠠᠮ ᠤᠨ ᠵᠣᠬᠢᠶᠠᠨ ᠪᠠᠶᠢᠭᠤᠯᠤᠯᠲᠠ ᠂ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠢᠭᠤᠯᠤᠯᠲᠠ ᠶᠢ ᠵᠢᠯᠤᠭᠤᠳᠤᠨ ᠨᠠᠮ ᠤᠨ ᠤᠯᠤᠰ ᠲᠥᠷᠥ ᠶᠢᠨ ᠳᠠᠪᠠᠭᠤᠯᠢᠭ ᠢ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨ ᠤ ᠠᠵᠢᠯ ᠤᠨ ᠳᠠᠪᠠᠭᠤᠯᠢᠭ ᠢ ᠵᠠᠰᠠᠯᠲᠠ ᠶᠢᠨ ᠳᠠᠪᠠᠭᠤᠯᠢᠭ ᠪᠣᠯᠭᠠᠨ  ᠬᠤᠪᠢᠷᠠᠭᠤᠯᠬᠤ ᠶᠢ ᠠᠬᠢᠭᠤᠯᠵᠤ᠂ ᠲᠦᠭᠵᠢᠷᠡᠯ ᠤᠨ ᠴᠡᠭ ᠢ ᠨᠡᠪᠳᠡᠷᠡᠬᠦᠯᠬᠦ᠂ ᠬᠦᠴᠢᠷᠳᠡᠯ ᠢ ᠰᠢᠶᠳᠪᠦᠷᠢᠯᠡᠬᠦ᠂ ᠡᠪᠡᠳᠬᠦ ᠶᠢ ᠵᠠᠰᠠᠬᠤ  ᠂ ᠪᠠᠲᠤ ᠰᠠᠭᠤᠷᠢ ᠶᠢ ᠪᠠᠳᠤᠳᠬᠠᠨ᠂ ᠳᠤᠲᠠᠭᠤᠳᠠᠯ ᠢ ᠨᠥᠬᠦᠪᠥᠷᠢᠯᠡᠬᠦ᠂ ᠬᠥᠭᠵᠢᠯᠲᠡ ᠶᠢ  ᠠᠬᠢᠭᠤᠯᠤᠨ᠎ᠠ᠃ ᠰᠢᠨ᠎ᠡ ᠪᠠᠶᠢᠳᠠᠯ ᠳᠤᠤᠷᠠᠬᠢ ︽ ᠨᠡᠶᠢᠭᠡᠮ ᠲᠣᠭᠤᠷᠢᠭ ᠤᠨ ᠪᠦᠲᠦᠮᠵᠢᠲᠡᠶ ᠵᠠᠰᠠᠯᠲᠠ︾ ᠶᠢᠨ ᠠᠷᠭ᠎ᠠ ᠵᠠᠮ ᠢ ᠣᠨᠣᠪᠴᠢᠲᠠᠶ ᠡᠷᠢᠵᠦ᠂ ᠪᠠᠲᠤᠯᠠᠭ᠎ᠠ ᠶᠢ ᠴᠢᠩᠭᠠᠳᠬᠠᠨ᠂ ᠲᠠᠪᠴᠠᠩ ᠪᠠᠶᠢᠭᠤᠯᠵᠤ᠂ ᠵᠢᠭᠰᠠᠭᠠᠯ ᠤᠨ ᠭᠠᠵᠠᠷ ᠪᠠᠶᠢᠭᠤᠯᠤᠨ᠂ ᠵᠣᠬᠢᠶᠠᠨ ᠪᠠᠶᠢᠭᠤᠯᠤᠯᠲᠠ ᠶᠢ ᠨᠡᠪᠴᠢᠭᠦᠯᠵᠦ᠂ ᠴᠢᠳᠠᠪᠤᠷᠢᠲᠠᠨ ᠢ ᠬᠥᠮᠦᠵᠢᠭᠦᠯᠦᠨ᠂ ᠡᠩᠨᠡᠭᠡ ᠶᠢ ᠬᠦᠴᠦᠷᠬᠡᠭᠵᠢᠭᠦᠯᠵᠦ᠂ ᠳᠠᠷᠤᠭᠠᠰᠤ ᠶᠢ ᠬᠥᠩᠭᠡᠷᠡᠭᠦᠯᠦᠨ᠂ ᠦᠶᠯᠡᠴᠢᠯᠡᠭᠡ ᠶᠢ ᠨᠡᠮᠡᠭᠳᠡᠭᠦᠯᠵᠦ᠂ ᠣᠨᠣᠯᠵᠢᠬᠤᠨ ᠢ  ᠰᠢᠨᠡᠳᠭᠡᠨ᠂ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠵᠠᠰᠠᠯᠲᠠ ᠳᠤ ᠣᠷᠣᠯᠴᠠᠭᠤᠯᠤᠨ᠂ ᠦᠶᠯᠡᠴᠢᠯᠡᠭᠡ᠂ ᠬᠠᠮᠢᠶᠠᠷᠤᠯᠲᠠ ᠂ ᠡᠬᠢ ᠪᠠᠶᠠᠯᠢᠭ᠂ ᠬᠦᠴᠦᠨ ᠴᠢᠳᠠᠯ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠵᠠᠰᠠᠯᠲᠠ ᠶᠢᠨ ᠬᠠᠮᠤᠷᠤᠯᠲᠠ ᠶᠢ ᠤᠷᠲᠤᠳᠬᠠᠨ᠂ ᠣᠷᠣᠯᠴᠠᠬᠤ ᠬᠡᠪᠴᠢᠶ᠎ᠡ ᠨᠢ ᠥᠷᠭᠡᠨ᠂ ᠬᠠᠮᠤᠷᠬᠤ ᠬᠡᠪᠴᠢᠶ᠎ᠡ ᠨᠢ ᠪᠦᠷᠢᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠨᠠᠮ ᠤᠨ ᠬᠦᠴᠦᠨ ᠪᠠ ᠵᠣᠷᠢᠯᠲᠠ ᠶᠢ ︽ᠮᠡᠳᠡᠷᠡᠯ ᠤᠨ ᠦᠵᠦᠭᠦᠷ︾  ᠲᠤ ᠳᠠᠮᠵᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃       ᠭᠠᠶᠢᠬᠠᠮᠰᠢᠭ ᠨᠢ ᠠᠷᠠᠳ ᠲᠦᠮᠡᠨ ᠠᠴᠠ ᠡᠭᠦᠰᠴᠦ᠂ ᠠᠭᠤᠤ ᠶᠡᠭᠡ ᠨᠢ ᠡᠭᠡᠯ ᠵᠢᠷ ᠤᠨ ᠠᠴᠠ ᠢᠷᠡᠳᠡᠭ᠃ ᠪᠢ ᠪᠣᠳᠠᠲᠤ‌ᠦᠢᠯᠡ ᠠᠵᠢᠯᠯᠠᠭ᠎ᠠ ᠪᠠᠷ ᠢᠶᠠᠨ ᠨᠠᠮ ᠪᠣᠯᠤᠨ ᠠᠷᠠᠳ ᠲᠦᠮᠡᠨ ᠳᠤ ᠪᠠᠨ ᠦᠨᠡᠨᠴᠢ ᠰᠢᠳᠤᠷᠭᠤ ᠪᠠᠶᠢᠬᠤ ᠪᠠᠨ ᠪᠢᠴᠢᠭᠯᠡᠵᠦ᠂ ᠦᠨᠡᠨ ᠬᠦ ᠤᠬ ᠰᠠᠨᠠᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠡᠩ ᠤᠨ ᠦᠶ᠎ᠡ ᠳᠤ ᠦᠵᠡᠵᠦ ᠭᠠᠷᠬᠤ᠂ ᠵᠠᠩᠭᠢᠯᠠᠭ᠎ᠠ ᠶᠢᠨ ᠦᠶ᠎ᠡ ᠳᠤ  ᠵᠤᠭᠰᠤᠨ ᠭᠠᠷᠴᠤ ᠴᠢᠳᠠᠬᠤ  ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠵᠦ ᠳᠡᠶᠢᠯᠬᠦ ᠪᠣᠯᠭᠠᠨ᠎ᠠ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号