ᠮᠠᠨ ᠤ ᠣᠷᠣᠨ ᠤ ᠠᠵᠢᠯᠲᠠᠨ ᠠᠵᠢᠯᠴᠢᠨ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠭᠠᠳ 8.5 ᠲᠦᠮᠡᠨ ᠬᠥᠮᠦᠨ ︵ᠤᠳᠠᠭ᠎ᠠ︶ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2021/12/16
      12 ᠰᠠᠷ᠎ᠠ ᠶᠢᠨ 14 ᠤ ᠡᠳᠦᠷ᠂ ᠦᠪᠤᠷ ᠮᠤᠩᠭᠤᠯ` ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠮᠠᠨ ᠤ ᠣᠷᠣᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠠᠵᠢᠯᠲᠠᠨ ᠠᠵᠢᠯᠴᠢᠨ ᠤ ᠵᠢᠯ ᠤᠨ ᠲᠤᠭ᠎ᠠ 100 ᠲᠦᠮᠡ ᠶᠢ ᠳᠠᠪᠠᠵᠤ᠂ ᠡᠭᠦᠨ ᠠᠴᠠ 8.5 ᠲᠦᠮᠡᠨ ᠬᠥᠮᠦᠨ ︵ᠤᠳᠠᠭ᠎ᠠ︶ ᠠᠰᠢᠭ ᠭᠥᠷᠳᠡᠵᠦ᠂ ᠬᠥᠮᠦᠨ ᠳᠤᠮᠳᠠᠴᠢ ᠶᠢᠨ ᠲᠠᠩᠰᠠ ᠴᠠᠶᠢᠷᠠᠭᠤᠯᠤᠬᠰᠠᠨ ᠵᠣᠭᠤᠰᠣᠨ ᠲᠤᠭ᠎ᠠ 1331 ᠲᠥᠭᠦᠷᠢᠭ ᠲᠤ ᠬᠦᠷᠴᠦ᠂ ᠨᠥᠬᠦᠪᠥᠷᠢ ᠮᠥᠩᠭᠦ ᠬᠠᠮᠤᠭ ᠥᠨᠳᠥᠷ ᠲᠤ ᠪᠠᠨ 34.54 ᠲᠦᠮᠡᠨ ᠲᠥᠭᠦᠷᠢᠭ ᠲᠤ ᠬᠦᠷᠴᠡᠶ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ 2019 ᠣᠨ ᠤ 1 ᠳ᠋ᠤᠬᠡᠷ‌‍ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠨᠡᠶᠢᠭᠡᠮᠯᠢᠭ ᠢ ᠪᠠᠶᠢᠭᠤᠯᠵᠤ᠂ ᠪᠥᠬᠦ ᠣᠷᠣᠨ ᠳᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠡᠬᠢᠯᠡᠨ ᠬᠡᠷᠡᠭᠵᠢᠭᠦᠯᠪᠡ᠃ ᠠᠵᠢᠯᠯᠠᠭ᠎ᠠ ᠶᠢᠨ ᠨᠢᠭᠡᠳᠦᠭᠡᠷ ᠵᠢᠯ ᠳᠤ ᠤᠷᠤᠯᠴᠠᠬᠰᠠᠨ ᠭᠡᠰᠢᠭᠦᠨ 90 ᠲᠦᠮᠡ ᠶᠢ ᠳᠠᠪᠠᠭᠰᠠᠨ ᠪᠥᠭᠡᠳ ᠵᠢᠯ ᠪᠦᠷᠢ 10% ᠠᠴᠠ ᠳᠡᠭᠡᠭᠰᠢ ᠬᠤᠷᠳᠤᠴᠠ ᠪᠠᠷ ᠨᠡᠮᠡᠭᠳᠡᠵᠦ᠂ ᠦᠨᠤ ᠵᠢᠯ 119 ᠲᠦᠮᠡᠨ ᠬᠡᠰᠢᠬᠦᠨ ᠲᠠᠢ ᠪᠤᠯᠤᠯ᠎ᠠ᠃     ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠨᠡᠶᠢᠭᠡᠮᠯᠢᠭ ᠪᠣᠯ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢ ᠡᠷᠬᠢᠯᠡᠬᠦ ᠪᠠᠷ ᠭᠤᠣᠯ ᠠᠭᠤᠯᠭ᠎ᠠ ᠪᠣᠯᠭᠠᠭᠰᠠᠨ ᠪᠦᠬᠦ ᠣᠷᠣᠨ ᠤ ᠴᠢᠨᠠᠷᠲᠠᠶ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠪᠣᠯᠤᠨ᠎ᠠ᠂ ᠬᠠᠷᠢᠯᠴᠠᠨ ᠲᠤᠰᠠᠯᠠᠵᠤ ᠬᠠᠷᠢᠯᠴᠠᠨ ᠲᠡᠳᠬᠦᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠤᠰᠤᠳᠴᠢ ᠰᠢᠯᠲᠠᠭᠠᠨ ᠠᠴᠠ ᠪᠤᠯᠵᠤ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠠᠵᠢᠯᠳᠠᠨ ᠠᠵᠢᠯᠴᠢᠨ ᠳᠤ ᠤᠯᠠᠨ ᠵᠦᠢᠯ ᠤᠨ ᠬᠡᠯᠪᠡᠷᠢ ᠶᠢᠨ ᠬᠠᠪᠰᠤᠷᠤᠯᠭ᠎ᠠ ᠦᠵᠡᠭᠦᠯᠵᠦ᠂ ᠠᠵᠢᠯᠳᠠᠨ ᠠᠵᠢᠯᠴᠢᠨ ᠤ ᠳᠠᠷᠤᠭᠠᠰᠤ ᠶᠢ ᠬᠥᠩᠭᠡᠷᠡᠭᠦᠯᠬᠦ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠵᠣᠷᠢᠯᠭ᠎ᠠ ᠲᠠᠢ ᠶᠤᠮ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号