ᠦᠪᠦᠷ ᠮᠤᠩᠭᠤᠯ ᠬᠦᠢᠳᠡᠨ ᠠᠭᠤᠷ ᠠᠮᠢᠰᠬᠤᠯ ᠪᠤᠯᠤᠨ ᠪᠤᠷᠤᠭᠠᠨ ᠴᠠᠰᠤ ᠮᠦᠰᠤᠳᠤᠯ ᠤᠨ  ᠠᠭᠤᠷ ᠠᠮᠢᠰᠬᠤᠯ ᠢ ᠰᠡᠷᠭᠡᠶᠢᠯᠡᠨ  ᠠᠷᠭᠠᠴᠠᠭᠠᠬᠤ ᠲᠦᠰᠤᠯ ᠭᠠᠷᠭᠠᠪᠠ
ᠨᠡᠶᠢᠲᠡᠯᠡᠭᠰᠡᠨ ᠴᠠᠭ᠄
2021/12/20
                                                       ᠤᠶᠢᠷ᠎ᠠ ᠳᠤ᠂ ᠥᠪᠥᠷ  ᠮᠤᠩᠭᠤᠯ  ᠤᠨ ᠠᠷᠠᠳ ᠤᠨ ᠶᠠᠪᠤᠳᠠᠯ ᠲᠢᠩᠬᠢᠮ ᠲᠥᠰᠦᠯ ᠳᠠᠷᠤᠮᠠᠯᠯᠠᠨ  ᠲᠠᠷᠬᠠᠭᠠᠵᠤ   ᠠᠷᠠᠳ  ᠤᠨ ᠶᠠᠪᠤᠳᠠᠯ ᠤᠨ ᠬᠦᠷᠢᠶᠡᠨ  ᠳᠤ ᠬᠢ ᠬᠦᠢᠳᠡᠨ ᠠᠭᠤᠷ ᠠᠮᠢᠰᠬᠤᠯ᠂  ᠪᠤᠷᠤᠭᠠᠨ ᠴᠠᠰᠤ ᠮᠦᠰᠤᠳᠤᠯ ᠵᠡᠷᠭᠡ ᠣᠨᠴᠠᠭᠠᠶ ᠴᠠᠭ ᠠᠭᠤᠷ ᠢ ᠠᠷᠭᠠᠠᠴᠠᠭᠠᠬᠤ ᠠᠵᠢᠯ ᠢ ᠰᠠᠶᠢᠳᠤᠷ ᠬᠢᠬᠦ ᠲᠤᠬᠠᠢ ᠭᠤᠣᠯᠳᠠᠯᠭ᠎ᠠ ᠲᠠᠢ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠲᠤᠷᠠᠳᠪᠠ᠃ ᠲᠥᠰᠦᠯ ᠳᠤ ᠱᠠᠭᠠᠷᠳᠠᠭᠰᠠᠨ ᠨᠢ᠂ ᠠᠷᠠᠳ ᠤᠨ ᠶᠠᠪᠤᠳᠠᠯ ᠤᠨ  ᠦᠢᠯᠡᠴᠢᠯᠡᠭᠡᠨ  ᠤ  ᠪᠠᠶᠢᠭᠤᠯᠤᠮᠵᠢ  ᠶᠢᠨ ᠠᠮᠤᠷ ᠲᠦᠪᠰᠢᠨ ᠢᠶᠠᠷ  ᠳᠠᠮᠵᠢᠭᠤᠯᠤᠨ ᠲᠡᠭᠡᠭᠡᠪᠤᠷᠢᠯᠡᠬᠦ ᠶᠢ ᠴᠢᠳᠠᠯ ᠢᠶᠠᠷ ᠢᠶᠠᠨ ᠪᠠᠳᠤᠯᠠᠵᠤ᠂  ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠷᠠᠳ ᠤᠨ ᠶᠠᠪᠤᠳᠠᠯ ᠤᠨ ᠡᠯ᠎ᠡ ᠦᠢᠯᠡᠴᠢᠯᠡᠭᠡᠨ ᠤ ᠪᠠᠶᠢᠭᠤᠯᠤᠮᠵᠢ  ᠶᠢ ᠵᠢᠯᠤᠭᠤᠳᠤᠨ ᠠᠮᠤᠷ ᠲᠦᠪᠰᠢᠨ ᠤ ᠪᠠᠶᠢᠴᠠᠭᠠᠯᠳᠠ  ᠶᠢ ᠪᠠᠶᠢᠡᠭᠭᠤ ᠦᠷᠨᠢᠭᠦᠯᠵᠤ᠂   ᠠᠮᠤᠷ ᠲᠦᠪᠰᠢᠨ ᠤ  ᠬᠡᠮ  ᠰᠤᠭᠤᠭ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃  ᠴᠠᠭ  ᠠᠭᠤᠷ  ᠤᠨ ᠬᠤᠪᠢᠷᠠᠯᠲᠠ ᠶᠢ ᠨᠢᠭᠲᠠ  ᠠᠩᠬᠠᠷᠴᠤ᠂ ᠡᠯ᠎ᠡ ᠲᠥᠷᠥᠯ ᠤᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠢᠯᠤᠭᠤᠳᠤᠨ ᠭᠠᠮᠰᠢᠭ  ᠤᠨ ᠴᠠᠭ ᠠᠭᠤᠷ ᠤᠨ ᠪᠠᠴᠢᠮ ᠪᠠᠶᠢᠳᠠᠯ ᠢ   ᠠᠷᠭᠠᠴᠠᠭᠠᠬᠤ ᠲᠥᠰᠦᠯ  ᠢ  ᠲᠡᠭᠦᠯᠳᠡᠷᠵᠢᠭᠦᠯᠵᠤ᠂ ᠠᠮᠢᠳᠤᠷᠠᠯ ᠤᠨ ᠪᠠ ᠭᠠᠮᠰᠢᠭ ᠠᠴᠠ ᠠᠪᠤᠷᠠᠬᠤ ᠡᠳ᠋ ᠪᠣᠳᠠᠰ ᠢ ᠨᠦᠬᠡᠴᠡᠯᠡᠬᠦ᠂ ᠦᠢᠯᠡᠴᠢᠯᠡᠭᠡ ᠬᠦᠷᠳᠡᠭᠰᠡᠳ ᠤᠨ ᠲᠠᠭᠠᠷᠠᠵᠤ ᠪᠡᠬᠡᠷᠡᠬᠦ ᠪᠤᠶᠤ ᠬᠥᠯᠳᠡᠬᠦ ᠠᠴᠠ ᠰᠡᠷᠬᠡᠶᠢᠯᠡᠬᠦ ᠠᠵᠢᠯ ᠢ ᠢᠳᠡᠪᠬᠢᠳᠡᠢ ᠰᠠᠶᠢᠳᠤᠷ  ᠬᠢᠵᠤ᠂ ᠢᠯᠠᠩᠭᠤᠶ᠎ᠠ ᠭᠠᠮᠰᠢᠭ ᠠᠴᠠ ᠪᠤᠯᠵᠤ ᠤᠰᠤ ᠲᠠᠰᠤᠷᠠᠬᠤ ᠂ ᠴᠠᠬᠢᠯᠭᠠᠨ ᠲᠠᠰᠤᠷᠠᠬᠤ ᠵᠡᠷᠭᠡ ᠪᠠᠶᠢᠳᠠᠯ ᠳᠤ ᠭᠦᠢᠴᠡᠳ ᠪᠡᠯᠡᠳᠬᠡᠯ ᠲᠠᠢ ᠪᠠᠶᠢᠵᠤ  ᠭᠠᠮᠰᠢᠭ ᠢ  ᠠᠷᠭᠠᠴᠠᠭᠠᠬᠤ ᠴᠢᠳᠠᠪᠤᠷᠢ ᠪᠠᠨ ᠨᠡᠮᠡᠭᠳᠡᠭᠦᠯᠬᠦ ᠬᠡᠷᠡᠭᠳᠡᠢ᠃  ᠬᠦᠴᠢᠷᠳᠡᠯᠳᠡᠢ ᠤᠯᠠᠨ ᠲᠦᠮᠡᠨ  ᠤ ᠦᠨᠳᠤᠰᠤᠨ ᠠᠮᠢᠳᠤᠷᠠᠯ ᠤᠨ ᠪᠠᠳᠤᠯᠠᠭ᠎ᠠ ᠶᠢ ᠰᠠᠶᠢᠲᠤᠷ  ᠬᠢᠵᠤ᠂  ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ  ᠮᠦᠴᠢᠷ  ᠤᠳ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢᠨ ᠦᠢᠯᠡᠳᠤᠯ ᠢ  ᠭᠦᠢᠴᠡᠳ ᠪᠠᠳᠠᠷᠠᠭᠤᠯᠵᠤ᠂  ᠭᠡᠷ ᠲᠤ ᠪᠠᠨ  ᠬᠤᠴᠤᠷᠠᠭᠰᠠᠨ᠂ ᠭᠠᠭᠴᠠᠭᠠᠷ  ᠰᠠᠭᠤᠭ᠎ᠠ ᠂    ᠨᠠᠰᠤᠳᠠᠶᠢᠴᠤᠳ ᠪᠤᠯᠤᠨ ᠬᠡᠷ ᠲᠤ ᠬᠤᠴᠣᠷᠤᠭᠰᠠᠨ ᠬᠡᠤᠬᠡᠳ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠵᠡᠷᠭᠡ ᠣᠨᠴᠠᠭᠠᠶ  ᠬᠦᠮᠦᠰ ᠢ ᠪᠥᠬᠦ ᠲᠠᠯ᠎ᠠ ᠪᠠᠷ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠢᠵᠢᠭ ᠤᠨ  ᠪᠠᠶᠢᠳᠠᠯ ᠭᠠᠮᠰᠢᠭ ᠤᠨ  ᠪᠠᠶᠢᠳᠠᠯ   ᠨᠦᠯᠦᠭᠡᠯᠡᠭᠳᠡᠭᠡᠳ ᠦᠨᠳᠦᠰᠦᠨ ᠠᠮᠢᠳᠤᠷᠠᠯ ᠨᠢ ᠬᠦᠴᠢᠷᠳᠡᠯ ᠲᠠᠢ ᠬᠥᠮᠦᠰ ᠪᠤᠯᠤᠨ ᠲᠡᠳᠡᠨ ᠤ ᠭᠡᠷ  ᠪᠦᠯᠢ ᠳᠤ  ᠲᠦᠷ ᠴᠠᠭ ᠤᠨ ᠲᠤᠰᠠᠯᠠᠮᠵᠢ ᠶᠢᠨ ᠮᠥᠩᠭᠦ ᠣᠯᠭᠤᠬᠤ ᠵᠡᠷᠭᠡ ᠠᠷᠭ᠎ᠠ ᠬᠡᠮᠵᠢᠶ᠎ᠡ ᠪᠠᠷ ᠴᠠᠭ ᠲᠤᠬᠠᠶ ᠳᠤ ᠨᠢ ᠲᠤᠰᠠᠯᠠᠬᠤ ᠬᠡᠷᠡᠭᠳᠡᠢ᠃  ︽ᠬᠠᠬᠢᠷ ᠡᠪᠦᠯ ᠤᠨ ᠬᠦᠢᠳᠡᠨ ᠳᠤ ᠬᠠᠶᠢᠷ᠎ᠠ ᠬᠠᠯᠠᠮᠵᠢ ᠬᠦᠷᠭᠡᠬᠦ︾ ᠲᠤᠰᠠᠯᠠᠮᠵᠢ ᠶᠢᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ᠂ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠦᠨ᠂ ᠲᠣᠭᠤᠷᠢᠨ ᠪᠠᠶᠢᠴᠠᠭᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠠᠮᠢᠳᠤᠷᠠᠯ ᠳᠤ ᠪᠠᠨ ᠵᠥᠪ ᠥᠬᠡᠶ ᠲᠡᠨᠦᠭᠦᠯ ᠭᠤᠶᠢᠷᠠᠨᠴᠢᠳ ᠢ ᠴᠠᠭ ᠲᠤᠬᠠᠶ ᠳᠤ ᠨᠢ ᠲᠤᠰᠠᠯᠠᠮᠵᠢ ᠦᠵᠡᠬᠦᠯᠬᠦ ᠶᠢ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠴᠢᠩᠭ᠎ᠠ ᠪᠣᠳᠠᠲᠠᠢ ᠠᠳᠬᠤᠵᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠳᠠᠨ ᠪᠣᠯᠤᠨ  ᠦᠢᠯᠡᠴᠢᠯᠡᠭᠡ ᠬᠦᠷᠳᠡᠭᠰᠡᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠥᠭᠡᠳ ᠡᠮᠬᠢ ᠲᠠᠢ ᠠᠬᠢᠭᠤᠯᠵᠤ᠂ ᠠᠷᠠᠳ ᠤᠨ ᠶᠠᠪᠤᠳᠠᠯ ᠤᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃    ᠲᠥᠰᠦᠯ ᠳᠤ ᠴᠢᠬᠤᠯᠠᠴᠢᠯᠠᠬᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠦᠢᠳᠡᠨ ᠠᠭᠤᠷ ᠠᠮᠢᠰᠬᠤᠯ ᠪᠣᠯᠤᠨ ᠪᠣᠷᠣᠭᠠᠨ ᠴᠠᠰᠤ ᠮᠥᠰᠥᠲᠦᠯ ᠤᠨ ᠪᠠᠶᠢᠳᠠᠯ ᠵᠡᠷᠭᠡ ᠣᠨᠴᠠᠭᠠᠢ ᠴᠠᠭ ᠠᠭᠤᠷ ᠢ ᠠᠷᠭᠠᠴᠠᠭᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ᠂ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠬᠦ ᠬᠡᠷᠡᠭᠲᠡᠢ᠃ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠ ᠠᠵᠢᠯ ᠤᠨ ᠬᠠᠷᠢᠭᠤᠴᠠᠯᠭ᠎ᠠ ᠶᠢ ᠨᠢᠮᠪᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ ᠴᠠᠭ ᠲᠤᠬᠠᠢ ᠳᠤ ᠨᠢ ᠮᠡᠳᠡᠭᠡ ᠵᠠᠩᠭᠢ ᠬᠦᠷᠭᠡᠵᠦ᠂ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃                                                                                 
 
ᠢᠷᠡᠯᠲᠡ᠄ ︽ᠲᠤᠮᠳᠠᠳᠤ ᠤᠯᠤᠰ ᠤᠨ ᠨᠡᠶᠢᠬᠡᠮ ᠰᠤᠨᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号