ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠮᠠᠨᠵᠤᠤᠷ ᠬᠤᠲᠠ ᠶᠢᠨ ᠲᠤᠬᠠᠶ ᠶᠢᠨ ᠲᠠᠯᠠᠪᠤᠷ ᠤᠨ ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/22
            12 ᠳ᠋ᠤᠭᠠᠷ ᠰᠠᠷ᠎ᠠ ᠶᠢᠨ 17 ᠤ ᠡᠳᠦᠷ ᠤᠨ ᠣᠷᠣᠶ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠮᠠᠨᠵᠤᠤᠷ ᠬᠤᠲᠠ ᠶᠢᠨ ᠲᠤᠬᠠᠶ ᠶᠢᠨ ᠲᠠᠯᠠᠪᠤᠷ ᠤᠨ ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠢᠦᠶ ᠯᠢ ᠰᠢᠨ ᠬᠤᠷᠠᠯ ᠳᠤ ᠣᠷᠣᠯᠴᠠᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠮᠠᠨᠵᠤᠤᠷ ᠬᠤᠲᠠ ᠶᠢᠨ ᠲᠤᠬᠠᠶ ᠶᠢᠨ ᠲᠠᠯᠠᠪᠤᠷ ᠤᠨ  ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠶᠢᠨ ᠵᠢᠯᠣᠭᠤᠳᠬᠤ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠢ ᠡᠷᠭᠢᠯᠡᠪᠡ᠃     ᠬᠤᠷᠠᠯ ᠠᠴᠠ ᠵᠢᠭᠠᠬᠰᠠᠨ ᠨᠢ᠂ ᠣᠳᠣᠬᠠᠨ ᠳᠤ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠴᠦᠰ ᠤᠨ  ᠰᠢᠢᠳᠪᠤᠷᠢᠳᠤ ᠱᠠᠲᠤᠨ ᠳᠤ ᠤᠷᠤᠯ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠴᠦᠰ ᠲᠤ ᠨᠢ ᠲᠤᠯᠲᠠᠯ᠎ᠠ ᠪᠣᠯᠭᠤᠮᠵᠢᠲᠠᠶ ᠪᠠᠶᠢᠬᠤ ᠶᠢ ᠪᠠᠷᠢᠮᠲᠠᠯᠠᠨ᠂ ᠲᠡᠶᠢᠨ ᠤ ᠪᠠᠶᠢᠳᠠᠯ᠂ ᠰᠢᠪᠲᠤᠯᠤᠯᠲᠠ ᠶᠢᠨ ᠪᠠᠶᠢᠳᠠᠯ ᠢ ᠪᠠᠲᠤᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ  ᠪᠣᠳᠠᠲᠠᠶᠢᠵᠢᠭᠤᠯᠤᠨ᠂ ᠰᠡᠷᠭᠡᠶᠢᠯᠡᠨ ᠡᠵᠡᠮᠳᠡᠬᠦ ᠡᠯ᠎ᠡ ᠵᠦᠢᠯ  ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠨ ᠨᠠᠶᠢᠳᠠᠪᠤᠷᠢᠵᠢᠭᠤᠯᠵᠤ᠂ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠪᠠᠶᠢᠯᠳᠤᠭᠠᠨ᠂ ᠰᠥᠨᠥᠭᠡᠬᠦ ᠪᠠᠶᠢᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠶ᠃     ᠬᠤᠷᠠᠯ ᠠᠴᠠ ᠴᠢᠬᠤᠯᠠᠴᠢᠯᠠᠭᠰᠠᠨ ᠨᠢ᠂ ᠬᠤᠷᠢᠭ᠎ᠠ ᠱᠤᠭᠤᠮ ᠤᠨ ᠰᠡᠳᠬᠢᠬᠦᠶ ᠪᠣᠯᠤᠨ ᠠᠰᠠᠭᠤᠳᠠᠯ ᠤᠨ ᠤᠳᠤᠷᠢᠳᠤᠮᠵᠢ ᠶᠢ ᠪᠠᠲᠤ ᠪᠤᠶ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠯᠳᠠᠰᠢ ᠭᠠᠷᠬᠤ ᠶᠢ ᠬᠤᠷᠢᠭᠯᠠᠵᠤ᠂ ᠭᠡᠮ ᠰᠣᠭᠤᠭ ᠢ ᠠᠷᠢᠯᠭᠠᠨ᠂ ᠪᠦᠬᠡᠮ ᠬᠦᠴᠢᠯ ᠤᠨ ᠪᠠᠶᠢᠴᠠᠭᠠᠯᠳᠠ ᠬᠢᠬᠦ ᠶᠣᠰᠣᠲᠠᠢ ᠶᠢ ᠨᠢ ᠪᠦᠬᠦᠨ ᠬᠢᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠂ ᠲᠤᠰᠠᠭᠠᠷᠯᠠᠨ ᠬᠠᠮᠢᠶᠠᠷᠬᠤ ᠳᠤ ᠪᠦᠬᠦ ᠶᠠᠪᠤᠴᠠ ᠶᠢ ᠪᠢᠲᠡᠭᠦᠮᠵᠢᠯᠡᠵᠦ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠬᠡᠷᠡᠭᠲᠡᠢ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤ ︽ᠭᠡᠷ ᠠᠴᠠ ᠪᠠᠨ ᠭᠠᠷᠬᠤ ᠦᠭᠡᠢ︾᠂ ︽ᠬᠤᠷᠢᠶᠠᠯᠠᠯ ᠠᠴᠠ ᠭᠠᠷᠬᠤ ᠦᠭᠡᠢ︾ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠳᠬᠠᠵᠤ ᠤᠰᠠᠳᠬᠠᠬᠤ᠂ ᠡᠮᠨᠡᠯᠭᠡ ᠶᠢᠨ ᠬᠤᠷᠢᠶᠠᠨ ᠤ ᠰᠡᠷᠬᠡᠶᠢᠯᠡᠯᠳᠡ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠲᠠᠷᠬᠠᠯᠲᠠ ᠶᠢᠨ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠡᠪᠡᠳᠴᠢᠲᠡᠨ ᠢ ᠪᠦᠬᠦ ᠬᠦᠴᠦᠨ ᠢᠶᠠᠷ ᠢᠶᠠᠨ ᠡᠮᠨᠡᠨ ᠵᠠᠰᠠᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠤᠬᠠᠭᠤᠯᠭ᠎ᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠲᠥᠪᠯᠡᠷᠡᠭᠦᠯᠦᠨ ᠲᠤᠰᠠᠭᠠᠷᠯᠠᠭᠰᠠᠨ ᠬᠥᠮᠦᠰ ᠤᠨ ᠲᠤᠰᠠᠭᠠᠷᠯᠠᠯ ᠢ ᠬᠦᠴᠦᠨ ᠥᠬᠡᠶ ᠪᠣᠯᠭᠠᠬᠤ᠂  ᠬᠤᠷᠤᠭᠠᠯᠠᠯ ᠤᠨ ᠪᠢᠲᠡᠭᠦᠮᠵᠢᠯᠡᠭᠰᠡᠨ ᠡᠵᠡᠮᠳᠡᠯ ᠢ ᠬᠦᠴᠦᠨ ᠥᠬᠡᠶ ᠪᠣᠯᠭᠠᠬᠤ ᠬᠠᠮᠢᠶᠠᠷᠤᠨ ᠡᠵᠡᠮᠳᠡᠬᠦ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠬᠦ ᠬᠡᠷᠡᠭᠲᠡᠶ᠃            
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号