ᠸᠠᠩ ᠯᠢ ᠰᠢᠶᠠ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠸᠢᠳᠢᠣ᠋ ᠬᠤᠷᠠᠯ ᠪᠤᠯᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠤᠳᠤᠷᠢᠳᠬᠤ ᠳᠤᠭᠤᠶᠢᠯᠠᠩ ᠤᠨ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠨᠡᠩ ᠥᠨᠳᠥᠷ ᠵᠣᠭᠰᠣᠯᠲᠠ ᠨᠡᠩ ᠶᠡᠭᠡ ᠡᠷᠴᠢᠮ ᠢᠶᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/12/23
           12 ᠳ᠋ᠤᠭᠠᠷ ᠰᠠᠷ᠎ᠠ ᠶᠢᠨ 20 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠸᠢᠳᠢᠤ᠋ ᠬᠤᠷᠠᠯ ᠪᠤᠯᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠢ ᠬᠤᠷᠠᠯᠳᠤᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠸᠠᠩ ᠯᠢ ᠰᠢᠶᠠ ᠵᠢᠭᠠᠬᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠤᠯ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠠᠤᠯᠢᠵᠢᠯ ᠤᠨ ᠪᠠᠶᠢᠭᠤᠯᠤᠯᠲᠠ ᠬᠠᠮᠢᠭᠠᠰᠢ ᠪᠠᠨ ᠵᠠᠮᠨᠠᠬᠤ᠂ ᠶᠠᠮᠠᠷ ᠵᠠᠮ ᠢᠶᠠᠷ ᠵᠠᠮᠨᠠᠬᠤ ᠂ ᠶᠠᠮᠠᠷ ᠬᠠᠷᠠᠯᠲᠠ ᠶᠢ ᠪᠡᠶᠡᠯᠡᠭᠦᠯᠬᠦ ᠵᠡᠷᠭᠡ ᠦᠨᠳᠦᠰᠦᠨ ᠴᠢᠨᠠᠷᠲᠠᠢ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠪᠦᠬᠦ ᠲᠠᠯ᠎ᠠ ᠪᠠᠷ ᠬᠠᠤᠯᠢ ᠪᠠᠷ‌ᠤᠯᠤᠰ ᠢᠶᠠᠨ ᠵᠠᠰᠠᠬᠤ ᠶᠢ ᠵᠢᠯᠣᠭᠤᠳᠬᠤ ᠠᠵᠢᠯᠯᠠᠭᠠᠨ ᠤ ᠬᠥᠲᠥᠯᠪᠦᠷᠢ ᠪᠠ ᠰᠢᠨᠵᠢᠯᠡᠬᠦ ᠤᠬᠠᠭᠠᠨᠴᠢ ᠵᠦᠭᠯᠡᠭᠦᠷ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠲᠠᠢ ᠤᠶᠠᠯᠳᠤᠭᠤᠯᠵᠤ᠂ ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠤᠳᠠᠭ᠎ᠠ ᠪᠦᠷᠢ ᠶᠢᠨ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠭᠤᠣᠯ ᠴᠢᠬᠤᠯᠠ ᠠᠭᠤᠯᠭ᠎ᠠ ᠶᠢ ᠡᠵᠡᠮᠳᠡᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠡᠵᠡᠮᠳᠡᠵᠦ᠂ ᠰᠡᠳᠬᠢᠯ᠂ ᠦᠢᠯᠡ ᠠᠵᠢᠯᠯᠠᠭ᠎ᠠ ᠳᠤ ᠪᠠᠨ ᠰᠢᠩᠭᠡᠭᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃     ᠸᠠᠩ ᠯᠢ ᠰᠢᠶᠠ ᠴᠢᠬᠤᠯᠠᠴᠢᠯᠠᠬᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠵᠠᠩᠭᠢᠯᠠᠭ᠎ᠠ ᠶᠢ ᠴᠢᠩᠭ᠎ᠠ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠭᠦᠨᠵᠡᠭᠡᠢ ᠠᠬᠢᠭᠤᠯᠵᠤ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠲᠠᠢ ᠬᠠᠷᠢᠴᠠᠭᠤᠯᠵᠤ ᠂ ᠨᠥᠬᠦᠴᠡᠯ ᠢ ᠡᠷᠬᠢᠮᠯᠡᠬᠦ ᠦᠭᠡᠢ᠂ ᠳᠤᠲᠠᠭᠤ ᠲᠤᠷᠭᠤᠨ ᠬᠢᠬᠦ ᠦᠭᠡᠢ ᠪᠠᠷ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠭᠡᠷ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠢᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠲᠤ ᠦᠵᠡᠯ ᠰᠠᠨᠠᠭᠠᠨ ᠤ ᠲᠠᠯ᠎ᠠ ᠪᠠᠷ ᠲᠠᠬᠢᠨ ᠳᠠᠷᠤᠯᠲᠠ ᠦᠵᠡᠭᠦᠯᠵᠦ᠂ ᠠᠵᠢᠯ ᠤᠨ ᠲᠠᠯ᠎ᠠ ᠪᠠᠷ ᠲᠠᠬᠢᠨ ᠬᠦᠴᠦ ᠣᠷᠣᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠪᠣᠯᠤᠨ ᠲᠤᠬᠠᠶᠢᠯᠠᠭᠰᠠᠨ ᠠᠵᠢᠯ ᠤᠨ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠶᠢ  ᠠᠬᠢᠭᠤᠯᠬᠤ ᠬᠡᠷᠡᠭᠲᠡᠶ᠃ ︽ᠪᠠᠭᠤᠯᠭᠠᠬᠤ᠂ ᠬᠠᠮᠢᠶᠠᠷᠬᠤ᠂  ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠶᠢ ᠤᠯᠠᠮ ᠭᠦᠨᠵᠡᠭᠡᠶᠢᠷᠡᠭᠦᠯᠦᠨ᠂ ᠬᠢᠨᠠᠯᠲᠠ ᠬᠠᠮᠢᠶᠠᠷᠤᠯᠲᠠ ᠶᠢᠨ ᠦᠢᠯᠡᠳᠤᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠬᠠᠤᠯᠢ ᠶᠣᠰᠣᠭᠠᠷ ᠪᠦᠲᠦᠮᠵᠢᠲᠡᠶ ᠪᠠᠷ ᠠᠷᠢᠯᠭᠠᠵᠤ᠃ ᠡᠬᠢ ᠡᠬᠦᠰᠤᠯ ᠠᠴᠠ ᠨᠢ ᠠᠳᠬᠤᠵᠤ᠂ ᠤᠷᠢᠳᠴᠢᠯᠠᠨ ᠵᠠᠰᠠᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠩᠭᠡᠭᠡᠵᠦ᠂ ᠴᠤᠬᠤᠶᠢᠵᠤ ᠪᠠᠶᠢᠭ᠎ᠠ ᠦᠶ᠎ᠡ ᠳᠤ ᠨᠢ ᠰᠢᠢᠳᠪᠤᠷᠢᠯᠡᠬᠦ ᠪᠠᠷ ᠴᠢᠷᠮᠠᠶᠢᠬᠤ ᠬᠡᠷᠡᠭᠲᠡᠶ᠃  ᠰᠢᠢᠳᠪᠤᠷᠢᠳᠤ ᠪᠤᠳᠤᠯᠭ᠎ᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠢᠳᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠲᠠᠢ᠂ ᠵᠢᠷᠤᠮ ᠨᠢ ᠵᠦᠢ ᠶᠣᠰᠣᠨ ᠤ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠤᠯᠠᠮ ᠰᠠᠶᠢᠵᠢᠷᠠᠭᠤᠯᠤᠨ ᠰᠢᠨ᠎ᠡ ᠶᠢ ᠡᠭᠦᠳᠴᠦ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ ᠬᠢᠨᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ᠲᠦᠷᠢᠮ ᠤᠨ ︽ᠬᠠᠰᠢᠯᠭ᠎ᠠ︾ ᠶᠢ ᠪᠠᠲᠤ ᠴᠣᠭᠴᠠᠯᠠᠵᠤ᠂ ᠢᠯᠡ ᠪᠣᠯᠭᠠᠬᠤ ︽ᠴᠣᠩᠬᠤ︾ ᠶᠢ ᠠᠷᠴᠢᠵᠤ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶᠡᠨ ᠳᠤ ᠬᠢ ᠬᠠᠤᠯᠢ ᠲᠣᠭᠲᠠᠭᠠᠯᠲᠠ ᠶᠢ ᠲᠦᠷᠭᠡᠪᠴᠢᠯᠡᠨ ᠠᠬᠢᠭᠤᠯᠵᠤ᠂ ᠤᠯᠠᠨ ᠲᠦᠮᠡᠨ ᠤ ︽ᠲᠤᠯᠭᠠᠮᠳᠠᠯ᠂  ᠬᠦᠴᠢᠷᠳᠡᠯ᠂  ᠵᠤᠪᠠᠨᠢᠯ᠂ ᠪᠠᠷᠠᠯᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠬᠠᠷᠭᠤᠭᠤᠯᠵᠤ᠂ ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃     ᠸᠠᠩ ᠯᠢ ᠰᠢᠶᠠ ᠵᠢᠭᠠᠬᠰᠠᠨ ᠨᠢ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠤᠤ ᠹᠠᠨ ᠬᠤᠷᠠᠯ ᠢ ᠡᠷᠭᠢᠯᠡᠵᠦ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠴᠢ ᠪᠠᠲᠤ᠂ ᠪᠦᠦ ᠰᠢᠶᠠᠨ ᠬᠤᠸᠠ ᠬᠤᠷᠠᠯ ᠳᠤ ᠣᠷᠣᠯᠴᠠᠵᠠᠶ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号