︽ᠬᠤᠶᠠᠷ ᠪᠠᠶᠠᠷ︾ ᠤᠨ ᠬᠤᠭᠤᠴᠠᠭᠠᠨ ᠳᠤ ᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ  ᠦᠢᠯᠡᠳᠪᠤᠷᠢᠯᠡᠯ ᠵᠡᠷᠭᠡ ᠬᠤᠯᠪᠣᠭᠳᠠᠯ ᠪᠥᠬᠦᠶ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/30
             12 ᠰᠠᠷ᠎ᠠ ᠶᠢᠨ 29 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ︽ᠡᠪᠦᠯ ᠬᠠᠪᠤᠷ ᠪᠠ ︿ᠬᠤᠶᠠᠷ ᠪᠠᠶᠠᠷ﹀ ᠤᠨ ᠬᠤᠭᠤᠴᠠᠭᠠᠨ ᠳᠤ ᠬᠢ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ᠂  ᠠᠶᠤᠯᠬᠦᠢ ᠦᠢᠯᠡᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ  ᠬᠢ ᠡᠯ᠎ᠡ ᠵᠦᠢᠯ ᠤᠨ ᠠᠵᠢᠯ ᠪᠣᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ︵ᠲᠠᠯᠠᠪᠤᠷ ᠭᠠᠵᠠᠷ︶ ᠶᠢᠨ ᠠᠮᠤᠷ ᠲᠦᠪᠰᠢᠨ᠂ ᠥᠷᠭᠡᠨ ᠤᠯᠠᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠲᠡᠭᠡᠳ ᠤᠨ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠮᠡᠳᠡᠭᠳᠡᠯ ᠳᠤ ᠱᠠᠭᠠᠷᠳᠠᠭᠰᠠᠨ ᠨᠢ᠂ ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ︵ᠲᠠᠯᠠᠪᠤᠷ ᠭᠠᠵᠠᠷ︶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠬᠢᠵᠦ᠂ ︽ᠲᠦᠷᠪᠡ ᠶᠢ ᠡᠷᠳᠡ ᠬᠢᠬᠦ︾ ᠪᠠ ︽ᠲᠠᠪᠤ ᠶᠢ ᠪᠦᠷᠢᠳᠦᠭᠦᠯᠵᠦ ᠭᠤᠷᠪᠠ ᠶᠢ ᠴᠢᠩᠭᠠᠳᠬᠠᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠰᠤᠵᠢᠯ ᠤᠨ  ᠦᠢᠯᠡᠴᠢᠯᠡᠭᠡ᠂ ᠨᠡᠶᠢᠭᠡᠮ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠬᠡᠤᠬᠡᠳ ᠤᠨ ᠠᠰᠠᠷᠠᠮᠵᠢ ᠵᠡᠷᠭᠡ ᠠᠷᠠᠳ ᠤᠨ ᠶᠠᠪᠤᠳᠠᠯ ᠤᠨ  ᠦᠢᠯᠡᠴᠢᠯᠡᠬᠡᠨ ᠤ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠰᠡᠷᠭᠡᠶᠢᠯᠡᠨ ᠡᠵᠡᠮᠳᠡᠬᠦ ᠵᠦᠭᠯᠡᠭᠦᠷ ᠢ ᠴᠢᠩᠭ᠎ᠠ ᠬᠡᠷᠡᠭᠵᠢᠭᠦᠯᠬᠦ ᠶᠢ ᠰᠢᠪᠠᠳᠠᠨ ᠵᠢᠯᠣᠭᠤᠳᠴᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠷᠢᠭᠤᠳᠬᠠᠬᠤ᠂ ᠲᠤᠰᠠᠭᠠᠷᠯᠠᠬᠤ᠂ ᠨᠢᠭᠡ ᠮᠧᠲᠷ ᠤᠨ ᠱᠤᠭᠤᠮ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠦᠢᠳᠡᠨ ᠢᠳᠡᠭᠡᠨ ᠤᠮᠳᠠᠭᠠᠨ᠂ ᠲᠦᠷᠭᠡᠨ ᠬᠦᠷᠭᠡᠯᠲᠡ ᠵᠡᠷᠭᠡ ᠡᠳ᠋ ᠪᠣᠳᠠᠰ ᠢ ᠪᠠᠶᠢᠴᠠᠭᠠᠨ ᠰᠢᠯᠭᠠᠵᠤ ᠠᠷᠢᠭᠤᠳᠬᠠᠬᠤ ᠶᠢ ᠴᠢᠩᠳᠠᠯᠠᠵᠤ᠂ ᠬᠥᠮᠦᠨ᠂ ᠪᠣᠳᠠᠰ ᠢ ᠬᠠᠮᠲᠤ ᠳᠤ ᠨᠢ ᠰᠡᠷᠭᠡᠶᠢᠯᠡᠬᠦ ᠶᠢ ᠡᠷᠡᠰ ᠪᠡᠶᠡᠯᠡᠭᠦᠯᠵᠦ᠂ ᠭᠠᠳᠠᠨ᠎ᠠ ᠠᠴᠠ ᠣᠷᠣᠭᠤᠯᠬᠤ ᠠᠷᠭ᠎ᠠ ᠵᠠᠮ ᠢ ᠲᠠᠰᠤᠯᠬᠤ ᠬᠡᠷᠡᠭᠲᠡᠶ᠃     ᠮᠡᠳᠡᠭᠳᠡᠯ ᠳᠤ᠂ ᠠᠷᠠᠳ ᠤᠨ ᠶᠠᠪᠤᠳᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠶᠢᠲᠤᠷ ᠬᠢᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠥᠯᠳᠡᠵᠦ ᠰᠢᠷᠬᠠᠲᠤᠬᠤ᠂ ᠬᠥᠯᠳᠡᠵᠦ ᠦᠬᠦᠬᠦ ᠠᠳᠡᠯ ᠭᠠᠷᠬᠤ ᠶᠢ ᠰᠡᠷᠭᠡᠶᠢᠯᠡᠵᠦ᠂ ᠦᠢᠯᠡᠴᠢᠯᠡᠭᠡ ᠬᠦᠷᠳᠡᠭᠰᠡᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃     ᠮᠡᠳᠡᠭᠳᠡᠯ ᠳᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠭᠡᠮ ᠰᠣᠭᠤᠭ ᠢ ᠳᠠᠷᠠᠭᠠᠯᠠᠨ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠠᠷᠠᠭᠠᠯᠠᠨ ᠪᠠᠶᠢᠴᠠᠭᠠᠭᠠᠳ ᠢᠯᠡᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠭᠡᠮ ᠰᠣᠭᠤᠭ ᠲᠤ ᠡᠬᠡ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠳᠠᠯ ᠢ ᠴᠠᠭ ᠲᠤᠬᠠᠢ ᠳᠤ ᠨᠢ ᠡᠵᠡᠮᠰᠢᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠠᠰᠠᠭᠤᠳᠠᠯ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠭᠡᠮ ᠰᠣᠭᠤᠭ ᠢ ᠴᠤᠬᠤᠶᠢᠵᠤ ᠪᠠᠶᠢᠭ᠎ᠠ ᠦᠶ᠎ᠡ ᠳᠤ ᠨᠢ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠷᠠᠳ ᠤᠨ ᠶᠠᠪᠤᠳᠠᠯ ᠤᠨ ᠠᠵᠢᠯ ᠳᠤ ᠬᠤᠯᠪᠣᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂  ᠰᠢᠢᠳᠪᠤᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ  ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂  ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃     ᠮᠡᠳᠡᠭᠳᠡᠯ ᠳᠤ ᠱᠠᠭᠠᠷᠳᠠᠭᠰᠠᠨ ᠨᠢ᠂ ᠬᠦᠴᠢᠷᠳᠡᠯᠲᠡᠶ ᠣᠯᠠᠨ ᠲᠦᠮᠡᠨ ᠢ ᠲᠤᠰᠠᠯᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠪᠠ ᠬᠠᠯᠠᠭᠤᠨ ᠳᠤᠯᠠᠭᠠᠨ ᠢ ᠢᠮᠠᠭᠲᠠ ᠰᠡᠳᠬᠢᠯ ᠳᠤ ᠪᠠᠨ ᠪᠤᠳᠤᠵᠤ᠂ ᠬᠦᠴᠢᠷᠳᠡᠯᠲᠡᠶ ᠣᠯᠠᠨ ᠲᠦᠮᠡᠨ᠂ ᠭᠠᠮᠰᠢᠭᠳᠠᠭᠰᠠᠨ ᠣᠯᠠᠨ ᠲᠦᠮᠡᠨ ᠢ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠵᠡᠷᠭᠡ  ᠲᠤᠰᠠᠯᠠᠮᠵᠢ ᠶᠢᠨ ᠪᠠᠯᠠ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠲᠦᠭᠡᠭᠡᠵᠦ᠂ ᠨᠡᠶᠢᠭᠡᠮ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠶ᠃ ︽ᠬᠠᠬᠢᠷ ᠡᠪᠦᠯ ᠤᠨ ᠬᠦᠢᠳᠡᠨ ᠳᠤ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠶ  ᠲᠤᠰᠠᠯᠠᠮᠵᠢ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠦᠨ᠂ ᠲᠣᠭᠤᠷᠢᠨ ᠪᠠᠶᠢᠴᠠᠭᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠠᠮᠢᠳᠤᠷᠠᠯ ᠳᠤ ᠪᠠᠨ ᠵᠥᠪ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠲᠤ ᠴᠠᠭ ᠲᠤᠬᠠᠶ ᠳᠤ ᠨᠢ ᠪᠦᠲᠦᠮᠵᠢᠲᠡᠶ  ᠲᠤᠰᠠᠯᠠᠮᠵᠢ ᠦᠵᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃     ᠮᠡᠳᠡᠭᠳᠡᠯ ᠳᠤ᠂   ᠵᠢᠵᠢᠭᠦᠷᠯᠡᠨ ᠰᠠᠬᠢᠬᠤ ᠠᠵᠢᠯ ᠢ ᠨᠠᠷᠢᠨ ᠬᠢᠨᠠᠮᠠᠭᠠᠶ ᠵᠢᠷᠤᠮᠵᠢᠭᠤᠯᠤᠨ ᠰᠠᠶᠢᠲᠤᠷ ᠬᠢᠵᠦ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 24 ᠴᠠᠭ ᠢᠶᠠᠷ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠤ ᠪᠠᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠡᠯ᠎ᠡ  ᠵᠦᠢᠯ ᠤᠨ ᠠᠵᠢᠯ ᠬᠡᠪ ᠤᠨ ᠡᠮᠬᠢ ᠵᠢᠷᠤᠮ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠮᠡᠳᠡᠭᠳᠡᠯ ᠳᠤ᠂ ᠲᠥᠪ ᠤᠨ ᠨᠠᠢᠮᠠᠨ ᠲᠣᠭᠲᠠᠭᠠᠯ ᠪᠤᠯᠤᠨ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠠᠷᠪᠢᠯᠠᠨ ᠭᠠᠮᠨᠠᠬᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠶᠢᠨ ᠢᠷᠠᠭᠤ ᠠᠯᠳᠠᠷ ᠲᠠᠢ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠬᠤ ᠬᠡᠷᠡᠭᠲᠡᠶ᠃         
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号