2022 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢ ︽ᠳᠥᠷᠪᠡᠨ ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠣᠶ ᠪᠣᠯᠭᠠᠬᠤ ᠠᠵᠢᠯ ᠢ ᠰᠠᠶᠢᠲᠤᠷ ᠬᠢᠬᠦ ᠲᠤᠬᠠᠶ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2021/12/30
   2022 ᠣᠨ ᠤ ᠰᠢᠨ᠎ᠡ ᠵᠢᠯ᠂ ᠴᠠᠭᠠᠨ ᠰᠠᠷ᠎ᠠ ᠤᠶᠢᠷᠠᠳᠤᠵᠤ ᠪᠠᠶᠢᠨ᠎ᠠ᠂ ᠪᠠᠶᠠᠷ ᠤᠨ ᠡᠳᠦᠷ ᠤᠨ ᠬᠤᠭᠤᠴᠠᠭᠠᠨ ᠳᠤ ︽ᠳᠥᠷᠪᠡᠨ ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠣᠶ ᠪᠣᠯᠭᠠᠬᠤ ᠠᠵᠢᠯ ᠢ ᠰᠠᠶᠢᠲᠤᠷ ᠬᠢᠵᠦ᠂ ᠬᠤᠶᠠᠷ ᠪᠠᠶᠠᠷ ᠤᠨ ᠬᠤᠭᠤᠴᠠᠭᠠᠨ ᠳᠤ ᠰᠤᠷᠲᠠᠯ ᠴᠢᠭᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ  ᠮᠡᠳᠡᠭᠳᠡᠶ᠎ᠡ᠄  ᠪᠦᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶  ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠲᠠᠯ᠎ᠠ ᠠᠴᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ᠂ ᠲᠤᠯᠭᠠᠮ ᠴᠢᠨᠠᠷ ᠢ ᠲᠠᠨᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠥᠴᠦᠬᠡᠨ ᠴᠦ ᠰᠤᠯᠠᠷᠠᠭᠤᠯᠬᠤ ᠦᠭᠡᠢ ᠪᠠᠶᠢᠬᠤ ᠬᠡᠷᠡᠭᠲᠡᠢ᠃ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢ ︽ᠳᠥᠷᠪᠡᠨ ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠤᠶ ᠪᠣᠯᠭᠠᠬᠤ ᠠᠵᠢᠯ ᠢ ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠤᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠤᠨ ᠣᠶᠢᠷ᠎ᠠ ᠳᠤ ᠨᠡᠶᠢᠲᠡᠯᠡᠨ ᠢᠯᠡᠴᠢᠯᠡᠭᠰᠡᠨ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠰᠤᠷᠤᠯᠴᠠᠵᠤ᠂ ᠡᠷᠲᠡ ᠰᠠᠨᠠᠭᠤᠯᠵᠤ᠂ ᠡᠷᠲᠡ ᠬᠥᠮᠦᠵᠢᠭᠦᠯᠵᠦ᠂ ᠡᠷᠲᠡ ᠰᠡᠷᠡᠮᠵᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠪᠣᠯᠤᠨ ᠠᠯᠪᠠᠨ ᠲᠤᠰᠢᠶᠠᠯᠲᠠᠨ ᠢ ᠬᠦᠳᠦᠯᠦᠨ ᠵᠢᠯᠣᠭᠤᠳᠴᠤ ᠪᠠᠶᠢᠭᠠᠳ ᠪᠤᠯᠭᠤᠮᠵᠢᠯᠠᠵᠤ᠂ ᠰᠡᠷᠡᠮᠵᠢᠯᠡᠬᠦ ᠶᠢᠨ ᠲᠠᠭᠠᠤ ᠬᠤᠷᠢᠭ᠎ᠠ ᠱᠤᠭᠤᠮ ᠢ ᠰᠠᠬᠢᠬᠤ᠂ ᠠᠷᠢᠭᠤᠨ  ᠴᠢᠭᠴᠢ ᠪᠦᠬᠡᠳ ᠪᠣᠯᠪᠠᠰᠤᠨ ᠢᠶᠠᠷ ᠪᠠᠶᠠᠷ ᠤᠨ ᠡᠳᠦᠷ ᠢ ᠥᠩᠭᠡᠷᠡᠭᠦᠯᠬᠦ ᠪᠣᠯᠭᠠᠬᠤ ᠬᠡᠷᠡᠭᠲᠡᠢ᠃ ᠪᠦᠬᠦ ᠣᠷᠣᠨ ᠤ ᠨᠠᠮ ᠤᠨ ᠭᠡᠰᠢᠭᠦᠨ ᠺᠠᠳ᠋ᠷᠴᠤᠳ ᠪᠣᠯᠤᠨ ᠠᠯᠪᠠᠨ ᠲᠤᠰᠢᠶᠠᠯᠲᠠᠨ ᠨᠠᠷ ᠨᠠᠮ ᠤᠨ ᠲᠥᠪ ᠬᠤᠷᠢᠶᠠᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠪᠠᠶᠠᠷ ᠤᠨ ᠡᠳᠦᠷ ᠤᠨ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠵᠢᠱᠢᠶᠡᠴᠢ ᠪᠠᠷ ᠵᠢᠷᠤᠮᠯᠠᠵᠤ᠂ ᠭᠠᠵᠢᠭᠤ ᠰᠤᠷᠲᠠᠯ ᠢ ᠰᠠᠨᠠᠭᠠᠴᠢᠯᠠᠭ᠎ᠠ ᠠᠴᠠ ᠪᠠᠨ ᠡᠰᠡᠷᠭᠦᠴᠡᠵᠦ᠂ ᠰᠢᠯᠢᠳᠡᠭ ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠠᠶᠠᠷ ᠳᠤᠷᠠᠰᠬᠠᠯ ᠤᠨ ᠡᠳᠦᠷ ᠢ ᠠᠷᠢᠭᠤᠨ  ᠴᠢᠭᠴᠢ ᠪᠠᠷ ᠥᠩᠭᠡᠷᠡᠭᠦᠯᠬᠦ ᠲᠠᠯ᠎ᠠ ᠪᠠᠷ ︽ᠲᠦᠷᠤᠬᠦᠴᠢ ᠭᠠᠯᠠᠭᠤ ᠶᠢᠨ ᠦᠢᠯᠡᠳᠦᠯ︾ ᠢᠶᠠᠨ ᠪᠠᠳᠠᠷᠠᠭᠤᠯᠬᠤ ᠬᠡᠷᠡᠭᠲᠡᠶ᠃ ᠪᠠᠶᠠᠷ ᠤᠨ ᠡᠳᠦᠷ ᠤᠨ ᠬᠤᠭᠤᠴᠠᠭᠠᠨ ᠳᠤ ᠠᠯᠪᠠᠨ ᠤ ᠵᠣᠭᠤᠰ ᠢᠶᠠᠷ ᠴᠠᠭᠠᠨ ᠰᠠᠷ᠎ᠠ ᠶᠢᠨ ᠪᠡᠯᠡᠭ ᠬᠤᠳᠠᠯᠳᠤᠨ ᠠᠪᠬᠤ ᠪᠠ ᠪᠡᠯᠡᠭᠯᠡᠬᠦ ᠶᠢ ᠴᠢᠩᠭ᠎ᠠ ᠴᠠᠭᠠᠵᠠᠯᠠᠨ᠎ᠠ᠃ ᠨᠥᠬᠦᠪᠥᠷᠢ᠂ ᠱᠠᠩᠨᠠᠯ ᠤᠨ ᠮᠥᠩᠭᠦ ᠪᠠ ᠪᠣᠳᠠᠲᠤ ᠶᠠᠭᠤᠮ᠎ᠠ ᠶᠢ ᠲᠣᠭᠲᠠᠭᠠᠯ ᠠᠴᠠ ᠵᠥᠷᠢᠴᠡᠨ ᠣᠯᠭᠤᠬᠤ ᠶᠢ ᠴᠢᠩᠭ᠎ᠠ ᠴᠠᠭᠠᠵᠠᠯᠠᠨ᠎ᠠ᠃ ᠠᠯᠪᠠᠨ ᠤ ᠵᠣᠭᠤᠰ ᠢᠶᠠᠷ ᠬᠠᠷᠢᠯᠴᠠᠨ ᠳᠠᠶᠢᠯᠠᠯᠴᠠᠬᠤ᠂ ᠵᠢᠭᠤᠯᠴᠢᠯᠠᠬᠤ ᠪᠠ ᠥᠨᠳᠥᠷ ᠬᠡᠷᠡᠭᠯᠡᠭᠡᠨ ᠤ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ ᠬᠤᠪᠣᠷ ᠴᠤᠬᠠᠭ ᠣᠨᠴᠠ ᠭᠠᠷᠤᠯᠲᠠ ᠪᠤᠯᠤᠨ ᠪᠤᠰᠤᠳ ᠪᠡᠯᠡᠭ ᠤᠨ ᠡᠳ᠋᠂ ᠸᠢᠴᠠᠲ ᠤᠨ ᠤᠯᠠᠭᠠᠨ ᠪᠠᠭᠯᠠᠭ᠎ᠠ ᠪᠤᠯᠤᠨ ᠪᠤᠰᠤᠳ ᠬᠡᠯᠪᠡᠷᠢ ᠶᠢᠨ ᠪᠡᠯᠡᠭ ᠤᠨ ᠵᠣᠭᠤᠰ᠂ ᠬᠡᠷᠡᠭᠯᠡᠭᠡᠨ ᠤ ᠺᠠᠷᠲ ᠵᠡᠷᠭᠡ ᠶᠢ ᠲᠣᠭᠲᠠᠭᠠᠯ ᠠᠴᠠ ᠵᠥᠷᠢᠴᠡᠨ ᠭᠥᠯᠢᠶᠡᠨ ᠠᠪᠴᠤ ᠬᠦᠷᠭᠡᠬᠦ ᠶᠢ ᠴᠢᠩᠭ᠎ᠠ ᠴᠠᠭᠠᠵᠠᠯᠠᠨ᠎ᠠ᠃ ᠲᠣᠭᠲᠠᠭᠠᠯ ᠢ ᠵᠥᠷᠢᠴᠡᠨ ᠬᠤᠷᠢᠮ ᠪᠡᠯᠪᠡᠰᠦᠷᠡᠯ ᠤᠨ ᠶᠠᠪᠤᠳᠠᠯ ᠢ ᠬᠢᠬᠦ ᠪᠤᠶᠤ ᠵᠠᠪᠰᠢᠶᠠᠨ ᠢ ᠳᠠᠯᠢᠮᠳᠠᠭᠤᠯᠤᠨ ᠡᠳ᠋ ᠠᠰᠢᠭ ᠤᠯᠬᠤ ᠶᠢ ᠴᠢᠩᠭ᠎ᠠ ᠴᠠᠭᠠᠵᠠᠯᠠᠨ᠎ᠠ᠃ ᠠᠯᠪᠠᠨ ᠤ ᠲᠡᠷᠭᠡ ᠶᠢ ᠬᠤᠪᠢᠨ ᠳᠤ ᠪᠠᠨ ᠬᠡᠷᠡᠭᠯᠡᠬᠦ᠂ ︽ᠬᠤᠪᠢ ᠶᠢᠨ ᠲᠡᠷᠭᠡ ᠶᠢ ᠠᠯᠪᠠᠨ ᠤ ᠬᠢ ᠪᠠᠷ ᠲᠡᠵᠢᠭᠡᠬᠦ︾ ᠪᠤᠯᠤᠨ ᠬᠠᠮᠢᠶᠠᠷᠬᠤ ᠪᠠ  ᠦᠢᠯᠡᠴᠢᠯᠡᠬᠦ ᠡᠲᠡᠭᠡᠳ ᠠᠴᠠ ᠲᠡᠷᠭᠡ ᠤᠨᠤᠭ᠎ᠠ ᠵᠢᠬᠡᠯᠡᠬᠦ ᠶᠢ ᠴᠢᠩᠭ᠎ᠠ ᠴᠠᠭᠠᠵᠠᠯᠠᠨ᠎ᠠ᠃ ᠠᠷᠢᠬᠢ ᠤᠤᠭᠤᠭᠠᠳ ᠮᠠᠰᠢᠨ ᠪᠠᠷᠢᠬᠤ ᠶᠢ ᠴᠢᠩᠭ᠎ᠠ ᠴᠠᠭᠠᠵᠠᠯᠠᠨ᠎ᠠ᠃ ᠲᠣᠭᠲᠠᠭᠠᠯ ᠢ ᠵᠥᠷᠢᠴᠡᠨ ᠬᠤᠪᠢ ᠬᠥᠮᠦᠨ ᠤ ᠨᠠᠶᠢᠷ ᠨᠠᠭᠠᠳᠤᠮ ᠤᠨ ᠭᠠᠵᠠᠷ ᠲᠤ  ᠤᠴᠢᠬᠤ ᠂ ᠲᠣᠭᠲᠠᠭᠠᠯ ᠢ ᠵᠥᠷᠢᠴᠡᠨ ᠨᠤᠲᠤᠭ ᠨᠢᠬᠡᠳᠡᠨ ᠤ ᠴᠤᠬᠯᠠᠭᠠᠨ᠂ ᠬᠠᠮᠳᠤ ᠰᠤᠷᠤᠬᠴᠢᠳ ᠤᠨ ᠴᠤᠬᠯᠠᠭᠠᠨ᠂ ᠳᠠᠶᠢᠴᠢᠨ ᠨᠥᠬᠦᠳ ᠤᠨ ᠴᠤᠬᠯᠠᠭᠠᠨ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ ᠬᠠᠮᠢᠶᠠᠷᠤᠯᠲᠠ ᠪᠠ  ᠦᠢᠯᠡᠴᠢᠯᠡᠭᠡ ᠬᠦᠷᠳᠡᠭᠰᠡᠳ ᠤᠨ ᠲᠣᠬᠢᠷᠠᠭᠤᠯᠤᠭᠰᠠᠨ ᠳᠠᠶᠢᠯᠠᠯᠭ᠎ᠠ ᠪᠠ ᠵᠢᠭᠤᠯᠴᠢᠯᠠᠯ ᠵᠡᠷᠭᠡ ᠠᠵᠢᠯᠯᠠᠭ᠎ᠠ ᠶᠢ ᠲᠣᠭᠲᠠᠭᠠᠯ ᠠᠴᠠ ᠵᠥᠷᠢᠴᠡᠨ ᠭᠥᠯᠢᠶᠡᠨ ᠠᠪᠬᠤ ᠶᠢ ᠴᠢᠩᠭ᠎ᠠ ᠴᠠᠭᠠᠵᠠᠯᠠᠨ᠎ᠠ᠃ ᠵᠣᠭᠤᠰ ᠨᠠᠭᠠᠳᠬᠤ ᠶᠢ ᠴᠢᠩᠭ᠎ᠠ ᠴᠠᠭᠠᠵᠠᠯᠠᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠬᠦ ᠶᠢ ᠴᠢᠩᠭ᠎ᠠ ᠴᠠᠭᠠᠵᠠᠯᠠᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃    ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠢᠨᠠᠯᠲᠠ ᠲᠠᠯᠪᠢᠬᠤ ᠶᠢ ᠴᠢᠩᠭᠠᠳᠬᠠᠬᠤ᠂ ︽ᠳᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠤᠯᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠪᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠠᠬᠢᠭᠤᠯᠬᠤ ᠲᠠᠢ ᠨᠢᠬᠳᠠ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠤᠷᠲᠠᠯ ᠴᠢᠭᠴᠢ ᠣᠪᠣᠷ ᠲᠥᠪ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠣᠭᠲᠠᠭᠠᠯ ᠢ ᠵᠥᠷᠢᠴᠡᠨ ᠢᠳᠡᠵᠦ ᠤᠤᠭᠤᠬᠤ᠂ ᠲᠣᠭᠲᠠᠭᠠᠯ ᠢ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠵᠤ ᠬᠦᠷᠭᠡᠬᠦ ᠵᠡᠷᠭᠡ ᠠᠷᠬᠠᠭ ᠭᠡᠮ ᠮᠠᠭᠤ ᠳᠠᠳᠬᠠᠯ ᠪᠤᠯᠤᠨ ︽ᠠᠯᠪᠠᠨ ᠤ ᠬᠢ ᠶᠢ ᠢᠳᠡᠬᠦ ᠦᠬᠡᠢ ᠪᠤᠯ ᠵᠠᠩᠭᠤᠶᠢᠳᠠ ᠶᠢᠨ ᠬᠢ ᠶᠢ ᠢᠳᠡᠬᠦ︾᠂ ᠡᠯᠧᠺᠲᠷᠤᠨ ᠤᠯᠠᠭᠠᠨ ᠪᠠᠭᠯᠠᠭ᠎ᠠ ᠶᠢ ᠬᠤᠷᠢᠶᠠᠨ ᠬᠦᠷᠭᠡᠬᠦ ᠵᠡᠷᠭᠡ ᠰᠢᠨ᠎ᠡ ᠬᠠᠨᠳᠤᠰᠢ ᠰᠢᠨ᠎ᠡ ᠬᠤᠪᠢᠷᠠᠯᠲᠠ ᠶᠢ ᠲᠠᠬᠢᠨ ᠳᠠᠪᠲᠠᠨ ᠠᠳᠬᠤᠬᠤ ᠬᠡᠷᠡᠭᠲᠡᠢ᠃ ᠠᠷᠭ᠎ᠠ ᠬᠡᠯᠪᠡᠷᠢ ᠶᠢᠨ ᠰᠢᠨ᠎ᠡ ᠶᠢ ᠦᠷᠭᠦᠯᠵᠢᠯᠡᠨ ᠡᠭᠦᠳᠴᠦ᠂ ᠬᠠᠷᠢᠯᠴᠠᠨ ᠪᠠᠶᠢᠴᠠᠭᠠᠬᠤ᠂ ᠲᠤᠬᠠᠢ ᠶᠢᠨ ᠲᠠᠯᠠᠪᠤᠷ ᠲᠤ ᠪᠠᠶᠢᠴᠠᠭᠠᠬᠤ᠂ ᠲᠤᠮᠤ ᠳ᠋ᠠᠶᠢᠲ᠋ᠠ ᠶᠢ ᠰᠢᠭᠰᠢᠨ ᠪᠠᠶᠢᠴᠠᠭᠠᠬᠤ ᠵᠡᠷᠭᠡ ᠠᠷᠭ᠎ᠠ  ᠬᠡᠮᠵᠢᠶ᠎ᠡ ᠪᠠᠷ ᠳᠠᠮᠵᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠠᠷᠠᠳ ᠤᠯᠠᠨ ᠤ ᠬᠢᠨᠠᠯᠲᠠ ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠵᠠᠰᠠᠭ ᠵᠠᠬᠢᠷᠭ᠎ᠠ᠂ ᠬᠠᠤᠯᠢ ᠴᠠᠭᠠᠵᠠ᠂ ᠬᠢᠨᠠᠨ ᠪᠤᠳᠤᠯᠳᠠ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠵᠡᠷᠭᠡ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠰᠦᠪᠡᠭᠴᠢ ᠶᠢ ᠰᠢᠯᠵᠢᠭᠦᠯᠦᠨ ᠬᠦᠷᠭᠡᠬᠦ ᠠᠵᠢᠯ ᠢ ᠴᠢᠩᠭᠠᠳᠬᠠᠬᠤ ᠬᠡᠷᠡᠭᠲᠡᠶ᠃ ᠢᠯᠡᠷᠡᠭᠦᠯᠦᠭᠰᠡᠨ ︽ᠲᠦᠷᠪᠡᠨ ᠰᠤᠷᠲᠠᠯ︾ ᠤᠨ ᠠᠰᠠᠭᠤᠳᠠᠯ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠬᠦ ᠶᠢᠨ ᠬᠠᠮᠲᠤ ᠵᠠᠷᠯᠠᠨ ᠮᠡᠳᠡᠭᠳᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ︽ᠭᠤᠷᠪᠠᠨ ᠦᠭᠡᠶ︾ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠴᠢᠩᠭ᠎ᠠ ᠬᠥᠮᠦᠵᠢᠭᠦᠯᠬᠦ᠂ ᠴᠢᠩᠭ᠎ᠠ ᠬᠠᠮᠢᠶᠠᠷᠬᠤ᠂ ᠴᠢᠩᠭ᠎ᠠ ᠬᠢᠨᠠᠯᠲᠠ ᠲᠠᠯᠪᠢᠬᠤ᠂ ᠴᠢᠩᠭ᠎ᠠ ᠵᠠᠯᠬᠠᠭᠠᠨ  ᠰᠢᠢᠳᠬᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠬᠡᠷᠡᠭᠵᠢᠭᠦᠯᠬᠦ ᠠᠷᠭ᠎ᠠ  ᠪᠤᠯᠤᠨ ᠢᠵᠢ ᠪᠦᠷᠢᠳᠦᠭᠰᠡᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠠᠰᠠᠭᠤᠳᠠᠯ ᠢ ᠪᠠᠶᠢᠴᠠᠭᠠᠨ ᠰᠢᠢᠳᠪᠤᠷᠢᠯᠡᠬᠦ ᠶᠢᠨ ᠵᠡᠷᠬᠡ ᠲᠦᠷᠢᠮ ᠢ ᠲᠡᠭᠦᠯᠳᠡᠷᠵᠢᠭᠦᠯᠵᠦ᠂ ᠪᠠᠶᠢᠴᠠᠭᠠᠨ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠵᠠᠰᠠᠬᠤ ᠶᠢ ᠨᠡᠪᠲᠡᠷᠡᠭᠦᠯᠵᠦ᠂ ᠵᠠᠯᠬᠠᠭᠠᠨ ᠰᠢᠳᠬᠡᠬᠦ᠂ ᠬᠢᠨᠠᠯᠲᠠ ᠲᠠᠯᠪᠢᠬᠤ᠂ ᠰᠤᠷᠭᠠᠨ ᠬᠥᠮᠦᠵᠢᠭᠦᠯᠬᠦ ᠶᠢ ᠠᠭᠤᠰᠤᠯᠴᠠᠭᠤᠯᠵᠤ᠂ ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠨᠢᠭᠡ ᠲᠠᠯ᠎ᠠ ᠪᠠᠷ ᠰᠡᠷᠡᠮᠵᠢᠯᠡᠭᠦᠯᠬᠦ᠂ ᠨᠢᠭᠡ ᠲᠠᠯ᠎ᠠ ᠪᠠᠷ ᠵᠠᠰᠠᠬᠤ ᠶᠡᠷᠦᠩᠬᠡᠶᠢᠯᠡᠭᠰᠡᠨ ᠦᠢᠯᠡᠳᠦᠯ ᠢ ᠪᠡᠶᠡᠯᠡᠭᠦᠯᠪᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠬᠠᠮᠤᠭ ᠤᠨ ᠴᠢᠩᠭ᠎ᠠ ᠬᠢᠵᠠᠭᠠᠷᠯᠠᠯ ᠪᠠ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠢᠭᠤᠨ ᠴᠢᠭᠴᠢ ᠪᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠲᠠᠯ᠎ᠠ ᠪᠠᠷ ᠲᠦᠷᠦᠭᠦᠨ ᠳᠤ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃    ᠢᠯᠡᠴᠢᠯᠡᠨ ᠮᠡᠳᠡᠭᠦᠯᠬᠦ ᠤᠲᠠᠰᠤ᠄ 0471 — 12388     ᠢᠯᠡᠴᠢᠯᠡᠨ ᠮᠡᠳᠡᠭᠦᠯᠬᠦ ᠰᠦᠯᠵᠢᠶ᠎ᠡ᠄ neimeng.12388.gov.cn    ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ᠄ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号