ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠢ ᠲᠠᠶᠢᠯᠪᠤᠷᠢᠯᠠᠨ ᠤᠬᠠᠭᠤᠯᠪᠠ
ᠨᠡᠶᠢᠲᠡᠯᠡᠭᠰᠡᠨ ᠴᠠᠭ᠄
2021/2/11
ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠢ ᠲᠠᠶᠢᠯᠪᠤᠷᠢᠯᠠᠨ ᠤᠬᠠᠭᠤᠯᠪᠠ                                     ᠹᠦ᠋ ᠿᠦᠡᠭ ᠤᠷᠴᠢᠭᠤᠯᠪᠠ       2 ᠳ᠋ᠤᠭᠠᠷ ᠰᠠᠷ᠎ᠠ ᠶᠢᠨ 8 ᠤ ᠡᠳᠤᠷ ᠤᠨ ᠦᠳᠡ ᠶᠢᠨ ᠡᠮᠦᠨ᠎ᠡ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ 2021 ᠤᠨ ᠤ ᠠᠩᠬᠠᠳᠠᠬᠴᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ  ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠢ ᠲᠠᠶᠢᠯᠪᠤᠷᠢᠯᠠᠨ ᠲᠠᠨᠢᠯᠴᠠᠭᠤᠯᠬᠤ ᠶᠢᠨ ᠬᠠᠮᠳᠤ ᠲᠤᠭᠤᠰᠢᠯᠠᠭᠤᠯᠤᠨ ᠬᠡᠷᠡᠭᠵᠢᠬᠦᠯᠬᠦ ᠶᠢ ᠠᠬᠢᠭᠤᠯᠪᠠ᠃ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠢ ᠨᠡᠶᠢᠳᠡᠯᠡᠭᠰᠡᠨ ᠨᠢ ᠮᠠᠨ ᠤ ᠤᠷᠤᠨ ᠤ ᠤᠯᠤᠰ ᠲᠦᠷᠤ ᠪᠠ ᠨᠡᠶᠢᠬᠡᠮ ᠤᠨ ᠠᠮᠢᠳᠤᠷᠠᠯ ᠤᠨ ᠲᠤᠮᠳᠠᠬᠢ ᠨᠢᠬᠡᠨ ᠶᠡᠭᠡ ᠶᠠᠪᠤᠳᠠᠯ᠂ ᠤᠳᠬ᠎ᠠ ᠠᠭᠤᠯᠭ᠎ᠠ ᠨᠢ ᠬᠦᠨᠳᠤ ᠴᠢᠬᠤᠯᠨ ᠪᠦᠬᠡᠳ ᠡᠴᠢᠨ᠎ᠡ ᠬᠦᠨ ᠶᠤᠮ᠂ ᠡᠨᠡ ᠨᠢ ᠮᠠᠨ ᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠬᠠᠤᠯᠢ ᠪᠠᠷ ᠵᠠᠰᠠᠬᠤ ᠵᠠᠮ ᠳᠤ ᠬᠢ ᠪᠠᠰᠨ ᠨᠢᠬᠡᠨ ᠲᠤᠮᠤ ᠠᠯᠬᠤᠮ ᠪᠢᠯᠨ᠃ ᠲᠤᠰ ᠲᠦᠷᠢᠮ ᠢ 2021 ᠤᠨ ᠤ 5 ᠳ᠋ᠤᠭᠠᠷ ᠰᠠᠷ᠎ᠠ 1 ᠤ ᠡᠳᠤᠷ ᠠᠴᠠ ᠡᠬᠢᠯᠡᠨ ᠵᠢᠩᠭᠢᠨᠢ ᠪᠠᠷ ᠬᠡᠷᠡᠭᠵᠢᠬᠦᠯᠤᠨ᠎ᠡ᠃    ᠦᠪᠤᠷ  ᠮᠤᠩᠭᠤᠯ ᠪᠤᠯ ᠮᠠᠨ ᠤ ᠤᠯᠤᠰ ᠤᠨ ᠦᠨᠳᠤᠰᠤᠳᠡᠨ ᠤ ᠤᠷᠤᠨ ᠤ ᠦᠪᠡᠷᠳᠡᠬᠡᠨ ᠵᠠᠰᠠᠬᠤ ᠲᠦᠷᠢᠮ ᠢ ᠬᠡᠷᠡᠭᠵᠢᠬᠦᠯᠦᠭᠰᠡᠨ ᠠᠩᠬᠠᠳᠠᠬᠴᠢ ᠦᠪᠡᠷᠳᠡᠬᠡᠨ ᠵᠠᠰᠠᠬᠤ ᠤᠷᠤᠨ ᠪᠤᠯᠤᠨ᠎ᠠ᠂ ᠦᠨᠳᠤᠰᠤᠳᠡᠨ ᠤ ᠪᠦᠯᠬᠦᠮᠳᠡᠯ ᠪᠤᠯ ᠡᠯ᠎ᠡ ᠦᠨᠳᠤᠰᠤᠳᠡᠨ ᠤ ᠠᠷᠠᠳ ᠲᠦᠮᠡᠨ ᠤ ᠠᠮᠢᠨ ᠱᠤᠭᠤᠮ ᠮᠥᠨ᠂ ᠤᠯᠤᠰ ᠤᠨ ᠨᠢᠬᠡᠳᠤᠯ ᠢ ᠬᠠᠮᠠᠭᠠᠯᠠᠨ᠂ ᠦᠨᠳᠤᠰᠤᠳᠡᠨ ᠤ ᠪᠦᠯᠬᠦᠮᠳᠡᠯ ᠢ ᠴᠢᠩᠭᠠᠳᠬᠠᠬᠤ ᠪᠤᠯ ᠪᠦᠬᠦ ᠤᠷᠤᠨ ᠤ ᠡᠯ᠎ᠡ ᠦᠨᠳᠤᠰᠤᠳᠡᠨ ᠤ ᠠᠷᠠᠳ ᠲᠦᠮᠡᠨ ᠤ ᠬᠠᠮᠤᠭ ᠤᠨ ᠲᠡᠬᠡᠳᠤ ᠡᠷᠬᠡ ᠠᠰᠢᠭ ᠪᠠ ᠬᠠᠮᠳᠤ ᠶᠢᠨ ᠬᠠᠷᠢᠭᠤᠴᠠᠯᠭ᠎ᠠ ᠪᠤᠯᠤᠨ᠎ᠠ᠃ ᠰᠢᠨ᠎ᠡ ᠪᠠᠷ ᠲᠤᠬᠳᠠᠭᠠᠵᠤ ᠨᠡᠶᠢᠳᠡᠯᠡᠬᠦ ᠲᠤᠰ ᠲᠦᠷᠢᠮ ᠨᠢ ᠨᠠᠮ ᠤᠨ ᠦᠨᠳᠤᠰᠤᠳᠡᠨ ᠤ ᠠᠵᠢᠯ ᠤᠨ ᠰᠢᠨ᠎ᠡ ᠶᠢ ᠡᠬᠦᠳᠬᠦ ᠤᠨᠤᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠬᠦᠨᠵᠡᠬᠡᠢ ᠲᠤᠭᠤᠰᠢᠯᠠᠭᠤᠯᠤᠨ᠂ ᠠᠷᠠᠳᠴᠢᠯᠠᠯ ᠢ ᠦᠷᠬᠡᠨ ᠲᠡᠯᠬᠡᠷ ᠪᠠᠳᠠᠷᠠᠭᠤᠯᠤᠨ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠤᠯᠤᠨ ᠬᠠᠤᠯᠢ ᠪᠠᠷ ᠤᠯᠤᠰ ᠢᠶᠠᠨ ᠵᠠᠰᠠᠬᠤ ᠯᠤᠭ᠎ᠠ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠳᠠᠯᠠᠨ᠂ ᠪᠦᠬᠦ ᠤᠷᠤᠨ ᠤ ᠡᠯ᠎ᠡ ᠦᠨᠳᠤᠰᠤᠳᠡᠨ ᠤ ᠠᠷᠠᠳ ᠲᠦᠮᠡᠨ ᠤ ᠬᠠᠮᠳᠤ ᠶᠢᠨ ᠬᠦᠰᠡᠯ ᠪᠠ ᠦᠨᠳᠤᠰᠤᠨ ᠠᠰᠢᠭ ᠲᠤᠰᠨ ᠶᠢ ᠲᠤᠰᠬᠠᠵᠤ᠂ ᠨᠠᠮ ᠤᠨ ᠵᠤᠷᠢᠯᠳᠠ ᠪᠠ ᠠᠷᠠᠳ ᠲᠦᠮᠡᠨ ᠤ ᠵᠤᠷᠢᠯᠳᠠ ᠲᠡᠬᠡᠳᠤ ᠬᠡᠮᠵᠢᠶᠡᠨ ᠤ ᠨᠢᠬᠡᠳᠤᠯᠳᠡᠢ ᠪᠠᠶᠢᠬᠤ ᠶᠢ ᠪᠡᠶᠡᠯᠡᠬᠦᠯᠦᠭᠰᠡᠨ ᠪᠠᠶᠢᠨ᠎ᠠ᠃ ᠰᠢᠨᠵᠢᠯᠡᠬᠦ ᠤᠬᠠᠭᠠᠨᠴᠢ ᠪᠠᠷ ᠬᠠᠤᠯᠢ ᠲᠤᠬᠳᠠᠭᠠᠬᠤ᠂ ᠠᠷᠠᠳᠴᠢᠯᠠᠯ ᠢᠶᠠᠷ ᠬᠠᠤᠯᠢ ᠲᠤᠬᠳᠠᠭᠠᠬᠤ᠂ ᠬᠠᠤᠯᠢ ᠶᠤᠰᠤᠭᠠᠷ ᠬᠠᠤᠯᠢ ᠲᠤᠬᠳᠠᠭᠠᠬᠤ ᠶᠢᠨ ᠬᠡᠪ ᠲᠠᠭᠤᠷᠢᠶᠠᠯ ᠪᠤᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤᠳᠬᠠᠵᠤ᠂ ᠦᠪᠤᠷ ᠮᠤᠩᠭᠤᠯ ᠤᠨ ᠦᠨᠳᠤᠰᠤᠳᠡᠨ  ᠤ ᠪᠦᠯᠬᠦᠮᠳᠡᠯ ᠲᠠᠪᠰᠢᠯᠳᠠ ᠶᠢᠨ ᠦᠢᠯᠡᠰ ᠦᠷᠬᠦᠯᠵᠢᠯᠡᠨ ᠪᠦᠬᠦ ᠤᠯᠤᠰ ᠤᠨ ᠲᠡᠷᠢᠬᠦᠨ ᠤ ᠡᠩᠨᠡᠬᠡᠨ ᠳᠤ ᠶᠠᠪᠤᠬᠤ ᠶᠢ ᠠᠬᠢᠭᠤᠯᠤᠨ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ ᠪᠠ ᠡᠶ᠎ᠡ ᠵᠤᠬᠢᠴᠠᠯᠳᠤ ᠨᠡᠶᠢᠬᠡᠮ ᠵᠢᠷᠤᠮᠳᠤ ᠦᠨᠳᠤᠰᠤᠳᠡᠨ ᠤ ᠬᠠᠷᠢᠴᠠᠭ᠎ᠠ ᠶᠢ ᠪᠠᠳᠤᠳᠬᠠᠨ ᠬᠦᠭᠵᠢᠬᠦᠯᠵᠤ᠂ ᠲᠠᠭᠤᠷᠢᠶᠠᠯ ᠦᠪᠡᠷᠳᠡᠬᠡᠨ ᠵᠠᠰᠠᠬᠤ ᠤᠷᠤᠨ ᠤ ᠡᠷᠬᠢᠮ ᠲᠡᠬᠡᠳᠤ ᠢᠷᠠᠭᠤ ᠠᠯᠳᠠᠷ ᠢᠶᠠᠨ ᠰᠢᠨ᠎ᠡ ᠴᠠᠭ ᠡᠷᠡᠨ ᠳᠤ ᠦᠷᠬᠦᠯᠵᠢᠯᠡᠨ ᠪᠠᠳᠤᠯᠠᠵᠤ᠂ ᠦᠪᠤᠷ ᠮᠤᠩᠭᠤᠯ ᠢᠶᠠᠨ ᠤᠯᠠᠮ ᠦᠵᠡᠰᠬᠦᠯᠡᠩ ᠰᠠᠶᠢᠬᠠᠨ ᠪᠤᠯᠭᠠᠨ ᠪᠦᠳᠦᠬᠡᠨ ᠪᠠᠶᠢᠭᠤᠯᠵᠤ᠂ ᠲᠤᠮᠳᠠᠳᠤ ᠶᠢᠨ ᠬᠦᠰᠡᠯ ᠢ ᠬᠠᠮᠳᠤ ᠪᠠᠷ ᠲᠡᠷᠭᠡᠯᠰᠢᠬᠦᠯᠤᠨ᠂ ᠨᠡᠶᠢᠬᠡᠮ ᠵᠢᠷᠤᠮᠳᠤ ᠤᠳᠤᠬᠢᠴᠢᠯᠠᠯᠳᠠ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠨ ᠳᠤ ᠦᠪᠤᠷ ᠮᠤᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠠᠤᠯᠢ ᠪᠠᠷ ᠵᠠᠰᠠᠬᠤ ᠬᠦᠴᠤᠳᠠᠢ ᠪᠠᠳᠤᠯᠠᠭ᠎ᠠ ᠬᠠᠨᠭ᠍ᠭᠠᠬᠰᠠᠨ ᠶᠤᠮ᠃     ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠪᠤᠯ ᠮᠠᠨ ᠤ ᠣᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ  ᠤᠨ ᠲᠤᠬᠠᠢ ᠠᠩᠬᠠᠨ ᠤ ᠶᠡᠷᠤᠩᠭᠡᠶᠢᠯᠡᠭᠰᠡᠨ ᠴᠢᠨᠠᠷ ᠲᠠᠢ ᠤᠷᠤᠨ ᠨᠤᠳᠤᠭ ᠤᠨ ᠬᠠᠤᠯᠢ ᠲᠦᠷᠢᠮ ᠪᠤᠯᠤᠨ᠎ᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ  ᠠᠴᠠ ᠬᠠᠤᠯᠢ ᠲᠤᠬᠳᠠᠭᠠᠬᠤ ᠲᠤᠰᠬᠠᠢ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠤ᠂ ᠲᠦᠷᠢᠮ ᠢ ᠨᠤᠤᠷᠠᠬᠯᠠᠵᠤ᠂ ᠵᠠᠰᠠᠬᠤ᠂ ᠲᠡᠬᠦᠯᠳᠡᠷᠵᠢᠬᠦᠯᠬᠦ ᠠᠵᠢᠯ ᠢ ᠬᠠᠷᠢᠭᠤᠴᠠᠬᠤ ᠶᠢᠨ ᠬᠠᠮᠳᠤ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠠᠶᠢᠮᠠᠭ ᠬᠤᠳᠠ ᠬᠤᠰᠢᠭᠤ ᠰᠢᠶᠠᠨ ︵ᠬᠤᠳᠠ ᠲᠤᠭᠤᠷᠢᠭ︶ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠪᠦᠬᠦ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ᠂ ᠤᠯᠤᠰ ᠤᠨ ᠲᠤᠳᠤᠭᠠᠳᠤ ᠶᠢᠨ ᠲᠤᠰᠬᠠᠢ ᠮᠡᠷᠬᠡᠵᠢᠯᠳᠡᠨ ᠡᠷᠳᠡᠮᠳᠡᠳ ᠤᠨ ᠰᠠᠨᠠᠯ ᠢ ᠦᠷᠬᠡᠨ ᠢᠶᠠᠷ ᠬᠤᠷᠢᠶᠠᠵᠤ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠲᠦᠷᠪᠡᠳᠤᠬᠡᠷ ᠬᠤᠷᠠᠯᠳᠤᠭᠠᠨ ᠬᠢᠨᠠᠨ ᠵᠦᠪᠯᠡᠬᠡᠳ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠷᠪᠡᠳᠤᠬᠡᠷ ᠤᠳᠠᠭᠠᠨ ᠤ ᠬᠤᠷᠠᠯᠳᠤᠭᠠᠨ ᠢᠶᠠᠷ ᠬᠢᠨᠠᠨ ᠵᠦᠪᠰᠢᠶᠡᠷᠡᠬᠦᠯᠬᠦ  ᠪᠠᠷ ᠭᠤᠶᠤᠴᠢᠯᠠᠬᠤ ᠪᠠᠷ ᠰᠢᠢᠳᠴᠤ᠂ ᠲᠦᠯᠦᠬᠡᠯᠡᠭᠴᠢ ᠪᠠ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ ᠬᠢᠨᠠᠨ ᠵᠦᠪᠯᠡᠵᠤ ᠶᠠᠷᠢᠯᠴᠠᠬᠰᠠᠨ ᠵᠠᠰᠠᠬᠤ ᠰᠠᠨᠠᠭᠤᠯᠭ᠎ᠠ ᠶᠢ ᠬᠦᠢᠴᠡᠳ ᠬᠦᠯᠢᠶᠡᠨ ᠠᠪᠤᠬᠰᠠᠨ ᠤ ᠰᠠᠭᠤᠷᠢᠨ ᠲᠡᠬᠡᠷ᠎ᠡ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠷᠪᠡᠳᠤᠬᠡᠷ ᠬᠤᠷᠠᠯᠳᠤᠭᠠᠨ ᠠᠴᠠ ᠪᠠᠳᠤᠯᠠᠬᠰᠠᠨ ᠲᠦᠷᠢᠮ ᠪᠤᠯᠬᠤ ᠶᠤᠮ᠃     ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠨᠡᠶᠢᠳᠡ ᠨᠠᠢᠮᠠᠨ ᠪᠦᠯᠦᠭ᠂ ᠲᠠᠯᠠᠨ ᠵᠤᠷᠪᠤᠰ ᠪᠤᠢ᠂ ᠡᠬᠦᠨ ᠳᠤ ᠤᠯᠤᠰ ᠤᠨ ᠨᠢᠬᠡᠳᠤᠯ ᠪᠠ ᠦᠨᠳᠤᠰᠤᠳᠡᠨ ᠤ ᠪᠦᠯᠬᠦᠮᠳᠡᠯ ᠢ ᠬᠠᠮᠠᠭᠠᠯᠠᠬᠤ ᠪᠤᠯ ᠡᠯ᠎ᠡ ᠦᠨᠳᠤᠰᠤᠳᠡᠨ ᠤ ᠬᠠᠮᠤᠭ ᠤᠨ ᠲᠡᠬᠡᠳᠤ ᠡᠷᠬᠡ ᠠᠰᠢᠭ ᠪᠤᠯᠬᠤ ᠶᠢ ᠲᠤᠳᠤᠷᠬᠠᠶᠢᠯᠠᠬᠰᠠᠨ ᠪᠦᠬᠡᠳ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠢ ᠡᠬᠦᠳᠤᠨ ᠪᠠᠶᠢᠭᠤᠯᠤᠬᠰᠠᠨ ᠪᠠᠶᠠᠯᠢᠭ ᠲᠤᠷᠰᠢᠯᠭ᠎ᠠ ᠶᠢ ᠬᠠᠤᠯᠢ ᠲᠤᠬᠳᠠᠭᠠᠬᠤ ᠬᠡᠯᠪᠡᠷᠢ ᠪᠠᠷ ᠤᠯᠠᠮ ᠪᠠᠳᠤᠳᠬᠠᠵᠤ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠵᠢᠷᠤᠮᠯᠠᠪᠠᠰᠤ ᠵᠤᠬᠢᠬᠤ ᠦᠨᠳᠤᠰᠤᠨ ᠵᠠᠷᠴᠢᠮ᠂ ᠲᠤᠮᠳᠠᠳᠤ ᠶᠢᠨ ᠰᠤᠶᠤᠯ ᠤᠨ ᠬᠠᠮᠳᠤ ᠶᠢᠨ ᠲᠠᠨᠢᠯᠳᠠ ᠪᠠ ᠰᠤᠶᠤᠯ  ᠤᠨ ᠤᠯᠠᠮᠵᠢᠯᠠᠯ ᠢ ᠠᠬᠢᠭᠤᠯᠬᠤ᠂ ᠡᠯ᠎ᠡ ᠦᠨᠳᠤᠰᠤᠳᠡᠨ ᠤ ᠬᠠᠮᠳᠤ ᠶᠢᠨ ᠪᠠᠳᠠᠷᠠᠯ ᠬᠦᠭᠵᠢᠯ ᠢ ᠠᠬᠢᠭᠤᠯᠬᠤ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠢ ᠡᠬᠦᠳᠤᠨ ᠪᠠᠶᠢᠭᠤᠯᠬᠤ᠂ ᠨᠡᠶᠢᠬᠡᠮ ᠤᠨ ᠬᠠᠮᠵᠢᠯᠴᠠᠭ᠎ᠠ ᠶᠢ ᠴᠢᠩᠭᠠᠳᠬᠠᠬᠤ᠂ ᠪᠠᠳᠤᠯᠠᠬᠤ ᠪᠠ ᠬᠢᠨᠠᠬᠤ᠂ ᠬᠠᠤᠯᠢ ᠶᠢᠨ ᠬᠠᠷᠢᠭᠤᠴᠠᠯᠭ᠎ᠠ ᠵᠡᠷᠬᠡ ᠲᠠᠯ᠎ᠠ ᠪᠠᠷ ᠪᠤᠳᠠᠳᠠᠢ ᠲᠦᠷᠢᠮ ᠲᠤᠬᠳᠠᠭᠠᠵᠠᠢ᠃    ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠤᠨ ᠠᠭᠤᠯᠭ᠎ᠠ ᠨᠢ ᠪᠠᠶᠠᠯᠢᠭ ᠮᠦᠷᠳᠡᠬᠡᠨ ᠬᠢᠯᠠᠰ ᠴᠡᠭ ᠤᠯᠠᠨ ᠪᠤᠢ᠄       ᠨᠢᠬᠡ᠂ ᠰᠢ ᠶᠢᠨ ᠫᠢᠡᠭ ᠶᠡᠷᠤᠩᠭᠡᠢ ᠱᠦᠵᠢ ᠶᠢᠨ ᠦᠨᠳᠤᠰᠤᠳᠡᠨ ᠤ ᠠᠵᠢᠯ ᠤᠨ ᠲᠤᠬᠠᠢ ᠴᠢᠬᠤᠯᠨ ᠦᠬᠦᠯᠡᠮᠵᠢ ᠪᠠ ᠨᠠᠮ ᠤᠨ ᠲᠦᠪ ᠬᠤᠷᠢᠶᠠᠨ ᠤ ᠦᠨᠳᠤᠰᠤᠳᠡᠨ ᠤ ᠠᠵᠢᠯ ᠤᠨ ᠲᠤᠬᠠᠢ ᠴᠢᠬᠤᠯᠨ ᠶᠡᠭᠡ ᠰᠢᠢᠳᠪᠤᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠢᠯᠡᠷᠡᠬᠦᠯᠪᠡ᠃     ᠬᠤᠶᠠᠷ  ᠂  ᠰᠢ ᠶᠢᠨ ᠫᠢᠡᠭ ᠶᠡᠷᠤᠩᠭᠡᠢ ᠱᠦᠵᠢ ᠶᠢᠨ ᠦᠪᠤᠷ ᠮᠤᠩᠭᠤᠯ ᠤᠨ ᠬᠢᠨ ᠳᠤ ᠵᠢᠭᠠᠪᠤᠷᠢᠯᠠᠬᠰᠠᠨ ᠴᠢᠬᠤᠯᠨ ᠶᠠᠷᠢᠶ᠎ᠠ᠂ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠬᠦᠰᠡᠯ ᠨᠠᠶᠢᠳᠠᠯᠭ᠎ᠠ ᠶᠢ ᠨᠢ ᠪᠦᠬᠦ ᠲᠠᠯ᠎ᠠ ᠪᠠᠷ ᠢᠯᠡᠷᠡᠬᠦᠯᠪᠡ᠃    ᠭᠤᠷᠪᠠ᠂ ᠬᠠᠤᠯᠢ ᠪᠠᠷ ᠵᠠᠰᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠪᠠᠷ ᠵᠠᠰᠠᠬᠤ ᠤᠶᠢᠯᠠᠭᠠᠬᠳᠠᠬᠤᠨ  ᠢ ᠢᠯᠡᠷᠡᠬᠦᠯᠪᠡ᠃     ᠲᠦᠷᠪᠡ᠂ ᠲᠣᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤᠳᠬᠠᠬᠤ ᠬᠡᠳᠡᠭ ᠭᠤᠤᠯ ᠱᠤᠭᠤᠮ ᠢ ᠲᠤᠪᠤᠶᠢᠯᠭᠠᠪᠠ᠃     ᠲᠠᠪᠤ᠂ ᠲᠤᠮᠳᠠᠳᠤ ᠶᠢᠨ ᠰᠤᠶᠤᠯ ᠤᠨ ᠲᠠᠨᠢᠯᠳᠠ ᠪᠠ ᠰᠤᠶᠤᠯ ᠤᠨ ᠤᠯᠠᠮᠵᠢᠯᠠᠯ ᠤᠨ ᠴᠢᠬᠤᠯᠨ ᠪᠠᠶᠢᠷᠢ ᠰᠠᠭᠤᠢ  ᠶᠢ ᠲᠤᠪᠤᠶᠢᠯᠭᠠᠪᠠ᠃     ᠵᠢᠷᠭᠤᠭ᠎ᠠ᠂ ᠡᠯ᠎ᠡ ᠦᠨᠳᠤᠰᠤᠳᠡᠨ ᠤ ᠬᠠᠮᠳᠤ ᠶᠢᠨ ᠪᠠᠳᠠᠷᠠᠯ ᠬᠦᠭᠵᠢᠯ ᠢ ᠠᠬᠢᠭᠤᠯᠬᠤ ᠶᠢ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠴᠢᠬᠤᠯᠨ ᠰᠠᠭᠤᠷᠢ ᠪᠤᠯᠭᠠᠵᠠᠢ᠃     ᠲᠤᠯᠤᠭ᠎ᠠ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠢ ᠡᠬᠦᠳᠤᠨ ᠪᠠᠶᠢᠭᠤᠯᠬᠤ ᠬᠡᠯᠪᠡᠷᠢ ᠪᠠ ᠭᠤᠤᠯ ᠠᠭᠤᠯᠭ᠎ᠠ ᠶᠢ ᠲᠤᠬᠳᠠᠭᠠᠵᠠᠢ᠃      ᠨᠠᠢᠮᠨ᠂ ᠦᠨᠳᠤᠰᠣᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠤᠨ ᠲᠤᠬᠳᠠᠯᠴᠠᠭ᠎ᠠ ᠶᠢ ᠲᠤᠳᠤᠷᠬᠠᠶᠢᠯᠠᠪᠠ᠃      ︵ᠦᠪᠤᠷ ᠮᠤᠩᠭᠤᠯ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ  ᠶᠢᠨ ᠸᠢᠴᠠᠲ ᠲᠠᠪᠴᠠᠩ ᠠᠴᠠ ᠰᠤᠩᠭᠤᠨ ᠤᠷᠴᠢᠭᠤᠯᠪᠠ︶    ᠤᠷᠴᠢᠭᠤᠯᠤᠬᠴᠢ   ᠶᠢᠨ ᠬᠠᠶ᠋ᠢᠭ᠄ ᠪᠠᠭᠠᠷᠢᠨ ᠵᠡᠬᠦᠨ ᠬᠤᠰᠢᠭᠤᠨ ᠤ ᠯᠢᠨᠳᠦ᠋ᠡᠭ ᠤᠨ ᠮᠤᠩᠭᠤᠯ ᠦᠨᠳᠤᠰᠤᠳᠡᠨ  ᠤ ᠲᠤᠮᠳᠠᠳᠤ ᠰᠤᠷᠭᠠᠭᠤᠯᠢ
 
ᠢᠷᠡᠯᠲᠡ᠄ ᠦᠪᠤᠷ ᠮᠤᠩᠭᠤᠯ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠸᠢᠴᠠᠲ ᠲᠠᠪᠴᠠᠩ ᠡ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号