ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠤᠷᠤᠯᠴᠠᠨ ᠬᠡᠷᠡᠭᠯᠡᠬᠦ ᠶᠢ ᠬᠠᠤᠯᠢ ᠶᠤᠰᠤᠭᠠᠷ ᠠᠬᠢᠭᠤᠯᠬᠤ ᠶᠢ ᠪᠠᠷᠢᠮᠳᠠᠯᠠᠰᠤᠭᠠᠢ
ᠨᠡᠶᠢᠲᠡᠯᠡᠭᠰᠡᠨ ᠴᠠᠭ᠄
2021/3/1
 ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠤᠷᠤᠯᠴᠠᠨ ᠬᠡᠷᠡᠭᠯᠡᠬᠦ ᠶᠢ ᠬᠠᠤᠯᠢ ᠶᠤᠰᠤᠭᠠᠷ ᠠᠬᠢᠭᠤᠯᠬᠤ ᠶᠢ ᠪᠠᠷᠢᠮᠳᠠᠯᠠᠰᠤᠭᠠᠢ               ᠰᠤᠷᠪᠤᠯᠵᠢᠯᠠᠬᠴᠢ ᠪᠠᠢ ᠳ᠋ᠠᠨ     ᠲᠦᠷᠤᠬᠦᠬᠡᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨᠨ ᠲᠢᠩᠭᠢᠮ᠂ ᠵᠠᠰᠠᠭ ᠤᠨ ᠤᠷᠳᠤᠨ ᠤ ᠠᠯᠪᠠᠨ ᠲᠢᠩᠭᠢᠮ ︽ᠪᠦᠬᠦ ᠤᠷᠤᠨ ᠤ ᠦᠨᠳᠤᠰᠤᠳᠡᠨ ᠤ ᠦᠬᠡ ᠬᠡᠯᠨ ᠪᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠦᠷᠤᠯ ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠤᠨ ᠬᠡᠷᠡᠭᠯᠡᠵᠤ ᠤᠯᠤᠰ   ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠰᠤᠷᠭᠠᠨ ᠬᠦᠮᠦᠵᠢᠯ  ᠤᠨ ᠵᠢᠭᠠᠨ ᠰᠤᠷᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢᠨ ᠬᠡᠷᠡᠭᠵᠢᠬᠦᠯᠬᠦ ᠲᠦᠰᠤᠯ︾ ᠢ ᠲᠠᠷᠤᠮᠠᠯᠯᠠᠨ ᠲᠠᠷᠬᠠᠭᠠᠪᠠ᠃ 2 ᠳ᠋ᠤᠭᠠᠷ ᠰᠠᠷ᠎ᠠ ᠶᠢᠨ 21 ᠤ ᠡᠳᠤᠷ᠂ ᠰᠤᠷᠪᠤᠯᠵᠢᠯᠠᠬᠴᠢ ᠭᠤᠷᠪᠠᠨ ᠬᠢᠴᠢᠶᠡᠯ ᠲᠦᠷᠤᠯ ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠤᠨ ᠬᠡᠷᠡᠭᠯᠡᠵᠤ ᠤᠯᠤᠰ   ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠦᠪᠤᠷ ᠮᠤᠩᠭᠤᠯ ᠤᠨ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠳᠡᠰ ᠤᠨ ᠲᠡᠳ᠋ ᠫᠷᠤᠹᠧᠰᠰᠤᠷ ᠯᠢ ᠹᠸᠡᠭ ᠢ ᠰᠤᠷᠪᠤᠯᠵᠢᠯᠠᠵᠠᠢ᠃    ᠯᠢ ᠹᠸᠡᠭ᠄ ᠤᠯᠤᠰ   ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠲᠡᠯᠬᠡᠷᠡᠬᠦᠯᠤᠨ ᠲᠦᠬᠡᠮᠡᠯᠵᠢᠬᠦᠯᠬᠦ ᠪᠤᠯ ᠮᠠᠨ ᠤ ᠤᠯᠤᠰ ᠤᠨ ᠦᠨᠳᠤᠰᠤᠨ ᠬᠠᠤᠯᠢ ᠳᠤ ᠲᠤᠬᠳᠠᠭᠠᠬᠰᠠᠨ ᠬᠠᠷᠢᠭᠤᠴᠠᠯᠭ᠎ᠠ ᠪᠤᠯᠤᠨ᠎ᠠ᠃ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠨ ᠬᠠᠤᠯᠢ︾ ᠶᠢᠨ ᠠᠷᠪᠠ ᠶᠢᠰᠤᠳᠤᠬᠡᠷ ᠵᠦᠢᠯ  ᠳᠤ᠄ ︽ᠤᠯᠤᠰ ᠠᠴᠠ ᠪᠦᠬᠦ ᠤᠯᠤᠰ ᠲᠤ ᠨᠡᠶᠢᠳᠡᠮ ᠬᠡᠷᠡᠭᠯᠡᠬᠦ ᠨᠡᠶᠢᠳᠡᠯᠢᠭ ᠬᠡᠯᠨ ᠶᠢ ᠲᠡᠯᠬᠡᠷᠡᠬᠦᠯᠤᠨ᠎ᠡ︾ ᠭᠡᠵᠤ ᠲᠤᠬᠳᠠᠭᠠᠪᠠ᠃ ᠡᠨᠡ ᠨᠢ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠠᠵᠢᠯ ᠤᠨ ᠬᠦᠭᠵᠢᠯᠳᠡ ᠶᠢ ᠠᠬᠢᠭᠤᠯᠬᠤ ᠳᠤ ᠦᠨᠳᠤᠰᠤᠨ ᠬᠠᠤᠯᠢ ᠶᠢᠨ ᠵᠢᠷᠤᠮᠯᠠᠯ ᠬᠠᠨᠭ᠍ᠭᠠᠪᠠ᠃ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠬᠠᠤᠯᠢ︾ ᠶᠢᠨ ᠭᠤᠷᠪᠠᠳᠤᠭᠠᠷ ᠵᠦᠢᠯ ᠳᠤ᠄ ︽ᠤᠯᠤᠰ ᠠᠴᠠ ᠨᠡᠶᠢᠳᠡᠯᠢᠭ ᠬᠡᠯᠨ ᠶᠢ ᠲᠡᠯᠬᠡᠷᠡᠬᠦᠯᠵᠤ᠂ ᠲᠦᠷᠢᠮᠵᠢᠭᠰᠡᠨ ᠬᠢᠳᠡᠳ ᠦᠰᠦᠭ ᠢ ᠲᠡᠯᠬᠡᠷᠡᠬᠦᠯᠤᠨ ᠬᠡᠷᠡᠭᠯᠡᠨ᠎ᠡ︾ ᠭᠡᠵᠤ ᠲᠤᠬᠳᠠᠭᠠᠪᠠ᠃ ᠲᠦᠷᠪᠡᠳᠤᠬᠡᠷ ᠵᠦᠢᠯ ᠳᠤ᠄ ︽ᠢᠷᠬᠡᠳ ᠤᠯᠤᠰ  ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠡᠷᠬᠡ ᠲᠠᠢ᠃ ᠤᠯᠤᠰ ᠠᠴᠠ ᠢᠷᠬᠡᠳ ᠲᠤ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠳᠤ ᠨᠦᠬᠦᠴᠡᠯ ᠬᠠᠨᠭ᠍ᠭᠠᠵᠤ ᠦᠭᠭᠦᠨ᠎ᠡ᠃ ᠤᠷᠤᠨ ᠨᠤᠳᠤᠭ ᠤᠨ ᠡᠯ᠎ᠡ ᠱᠠᠳᠤᠨ ᠤ ᠵᠠᠰᠠᠭ ᠤᠨ ᠤᠷᠳᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠠᠷᠭ᠎ᠠ ᠬᠡᠮᠵᠢᠶ᠎ᠡ ᠬᠡᠷᠡᠭᠵᠢᠬᠦᠯᠵᠤ ᠪᠠᠶᠢᠭᠠᠳ ᠨᠡᠶᠢᠳᠡᠯᠢᠭ ᠬᠡᠯᠨ ᠪᠤᠯᠤᠨ ᠲᠦᠷᠢᠮᠵᠢᠭᠰᠡᠨ ᠬᠢᠳᠡᠳ ᠬᠡᠯᠨ ᠶᠢ ᠲᠡᠯᠬᠡᠷᠡᠬᠦᠯᠤᠨ ᠬᠡᠷᠡᠭᠯᠡᠬᠦ ᠬᠡᠷᠡᠭᠳᠡᠢ︾ ᠭᠡᠵᠤ ᠲᠤᠬᠳᠠᠭᠠᠵᠠᠢ᠃  ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠬᠠᠤᠯᠢ ᠶᠤᠰᠤᠨ ᠤ ᠡᠷᠬᠡ ᠠᠰᠢᠭ  ᠢ ᠡᠷᠬᠡᠪᠰᠢ ᠪᠠᠳᠤᠯᠠᠨ ᠬᠠᠮᠠᠭᠠᠠᠯᠠᠬᠤ ᠬᠡᠷᠡᠭᠳᠡᠢ᠂ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠴᠠ ᠪᠤᠰᠤᠳ ᠤᠨ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠶᠢ ᠬᠠᠷᠰᠢᠯᠠᠬᠤ ᠨᠢ ᠴᠦᠮ ᠬᠠᠤᠯᠢ ᠠᠴᠠ ᠵᠦᠷᠢᠴᠡᠭᠰᠡᠨ ᠠᠵᠢᠯᠯᠠᠭ᠎ᠠ ᠪᠤᠯᠤᠨ᠎ᠠ᠂ ᠬᠠᠷᠠᠭᠠᠯᠵᠠᠬᠰᠠᠨ ᠬᠠᠤᠯᠢ ᠶᠢᠨ ᠬᠠᠷᠢᠭᠤᠴᠠᠯᠭ᠎ᠠ ᠶᠢ ᠡᠬᠦᠷᠬᠡᠯᠡᠬᠦ ᠬᠡᠷᠡᠭᠳᠡᠢ᠂ ᠡᠬᠦᠨ ᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠬᠠᠤᠯᠢ︾ ᠶᠢᠨ ᠬᠤᠷᠢᠨ ᠲᠤᠯᠤᠳᠤᠭᠠᠷ ᠵᠦᠢᠯ  ᠳᠤ ᠲᠤᠳᠤᠷᠬᠠᠢ ᠲᠤᠬᠳᠠᠭᠠᠬᠰᠠᠨ ᠶᠤᠮ ᠭᠡᠵᠤ ᠬᠡᠯᠡᠪᠡ᠃     ᠯᠢ ᠹᠸᠡᠭ ᠤᠨ ᠦᠵᠡᠬᠦ ᠪᠠᠷ ᠰᠤᠷᠭᠠᠭᠤᠯᠢ ᠪᠤᠯ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠲᠡᠯᠬᠡᠷᠡᠬᠦᠯᠤᠨ ᠬᠡᠷᠡᠭᠯᠡᠬᠦ ᠭᠤᠤᠯ ᠪᠠᠬᠢᠯᠡᠯᠳᠡ ᠪᠤᠯᠬᠤ ᠪᠦᠬᠡᠳ ᠠᠷᠠᠳ ᠢᠷᠬᠡᠳ ᠤᠨ ᠤᠯᠤᠰ ᠤᠨ ᠨᠠᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠤᠷᠴᠤ ᠡᠵᠡᠮᠰᠢᠬᠦ ᠴᠢᠬᠤᠯᠨ ᠲᠠᠯᠠᠪᠤᠷ ᠮᠥᠨ᠃ ᠢᠯᠠᠩᠭᠤᠶ᠎ᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠲᠤᠮᠳᠠᠳᠤ ᠪᠠᠭ᠎ᠠ ᠰᠤᠷᠭᠠᠭᠤᠯᠢ ᠦᠬᠡ ᠬᠡᠯᠨ ᠦᠰᠦᠭ ᠪᠢᠴᠢᠭ ᠤᠨ ᠰᠠᠭᠤᠷᠢ ᠰᠤᠷᠭᠠᠨ ᠬᠦᠮᠦᠵᠢᠯ ᠤᠨ ᠴᠢᠬᠤᠯᠨ ᠡᠬᠦᠷᠬᠡ ᠶᠢ ᠡᠬᠦᠷᠬᠡᠯᠡᠵᠤ ᠪᠠᠶᠢᠳᠠᠭ᠃ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠬᠠᠤᠯᠢ︾ ᠶᠢᠨ ᠠᠷᠪᠠᠳᠤᠭᠠᠷ ᠵᠦᠢᠯ ᠳᠤ᠄ ︽ᠰᠤᠷᠭᠠᠭᠤᠯᠢ ᠵᠢᠴᠢ ᠪᠤᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ ᠨᠡᠶᠢᠳᠡᠯᠢᠭ ᠬᠡᠯᠨ ᠪᠤᠯᠤᠨ ᠲᠦᠷᠢᠮᠵᠢᠭᠰᠡᠨ ᠬᠢᠳᠡᠳ ᠦᠰᠦᠭ ᠢᠶᠠᠷ ᠦᠨᠳᠤᠰᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ  ᠶᠢᠨ ᠬᠡᠷᠡᠭᠯᠡᠬᠦ ᠦᠬᠡ ᠬᠡᠯᠨ ᠦᠰᠦᠭ ᠪᠢᠴᠢᠭ ᠪᠤᠯᠭᠠᠨ᠎ᠠ︾ ᠭᠡᠵᠤ ᠲᠤᠬᠳᠠᠭᠠᠵᠠᠢ᠃ ᠡᠬᠦᠨ ᠠᠴᠠ ᠭᠠᠳᠠᠨ᠎ᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠤᠷᠭᠠᠨ ᠬᠦᠮᠦᠵᠢᠯ ᠤᠨ ᠬᠠᠤᠯᠢ︾ ᠵᠡᠷᠬᠡ ᠬᠠᠤᠯᠢ ᠳᠤ ᠪᠠᠰᠨ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠵᠢᠴᠢ ᠲᠡᠬᠦᠨ ᠤ ᠬᠡᠷᠡᠭᠯᠡᠭᠡ ᠶᠢᠨ ᠲᠤᠬᠠᠢ ᠲᠤᠬᠳᠠᠭᠠᠯ ᠪᠠᠶᠢᠨ᠎ᠠ᠃ ᠵᠢᠱᠢᠶᠡᠯᠡᠪᠡᠯ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠤᠷᠭᠠᠨ ᠬᠦᠮᠦᠵᠢᠯ ᠤᠨ ᠬᠠᠤᠯᠢ︾ ᠶᠢᠨ ᠠᠷᠪᠠᠨ ᠬᠤᠶᠠᠳᠤᠭᠠᠷ ᠵᠦᠢᠯ ᠳᠤ᠄ ︽ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠪᠤᠯ ᠰᠤᠷᠭᠠᠭᠤᠯᠢ ᠵᠢᠴᠢ ᠪᠤᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠦᠨᠳᠤᠰᠤᠨ ᠰᠤᠷᠭᠠᠨ ᠬᠦᠮᠦᠵᠢᠯ   ᠤᠨ ᠵᠢᠭᠠᠨ ᠰᠤᠷᠭᠠᠯᠳᠠ ᠶᠢᠨ ᠦᠬᠡ ᠬᠡᠯᠨ ᠦᠰᠦᠭ ᠪᠢᠴᠢᠭ ᠪᠤᠯᠤᠨ᠎ᠠ᠂ ᠰᠤᠷᠭᠠᠭᠤᠯᠢ ᠵᠢᠴᠢ ᠪᠤᠰᠤᠳ ᠰᠤᠷᠭᠠᠨ ᠬᠦᠮᠦᠵᠢᠯ ᠤᠨ ᠪᠠᠶᠢᠭᠤᠯᠤᠮᠵᠢ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢᠶᠠᠷ ᠰᠤᠷᠭᠠᠨ ᠬᠦᠮᠤᠵᠢᠯ ᠤᠨ ᠵᠢᠭᠠᠨ ᠰᠤᠷᠭᠠᠯᠳᠠ ᠬᠢᠬᠦ ᠬᠡᠷᠡᠭᠳᠡᠢ︾ ᠭᠡᠵᠤ ᠲᠤᠬᠳᠠᠭᠠᠬᠰᠠᠨ ᠪᠠᠶᠢᠨ᠎ᠠ᠃    ᠯᠢ ᠹᠸᠡᠭ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠬᠡᠷᠡᠭᠯᠡᠯᠳᠡ ᠶᠢ ᠬᠠᠤᠯᠢ ᠶᠤᠰᠤᠭᠠᠷ ᠠᠬᠢᠭᠤᠯᠬᠤ ᠪᠤᠯ ᠨᠠᠮ ᠪᠠ ᠤᠯᠤᠰ ᠤᠨ ᠦᠨᠳᠤᠰᠤᠳᠡᠨ ᠤ ᠤᠷᠤᠨ ᠢ ᠬᠠᠯᠠᠮᠵᠢᠯᠠᠵᠤ ᠪᠠᠶᠢᠬᠤ ᠶᠠᠪᠤᠳᠠᠯ ᠪᠤᠯᠬᠤ ᠪᠦᠬᠡᠳ ᠨᠡᠶᠢᠬᠡᠮ ᠤᠨ ᠪᠤᠯᠪᠠᠰᠤᠨ ᠤ ᠲᠠᠪᠰᠢᠯᠳᠠ ᠪᠤᠯᠤᠨ ᠡᠯ᠎ᠡ ᠦᠨᠳᠤᠰᠤᠳᠡᠨ ᠤ ᠬᠠᠮᠳᠤ ᠪᠠᠷ ᠴᠡᠴᠡᠭᠯᠡᠨ ᠬᠦᠭᠵᠢᠬᠦ ᠶᠢᠨ ᠵᠠᠶᠢᠯᠠᠰᠢ ᠦᠬᠡᠢ ᠬᠠᠨᠳᠤᠰᠢ ᠪᠤᠯᠤᠨ᠎ᠠ᠂ ᠦᠨᠳᠤᠰᠤᠳᠡᠨ ᠤ ᠰᠤᠷᠭᠠᠨ ᠬᠦᠮᠦᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠠᠰᠢᠬᠳᠠᠢ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤ ᠴᠤᠬᠴᠠᠯᠠᠬᠤ ᠳᠤ ᠠᠰᠢᠬᠳᠠᠢ᠂ ᠦᠨᠳᠤᠰᠤᠳᠡᠨ ᠤ ᠬᠡᠯᠨ ᠪᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠳᠤ ᠤᠯᠤᠰ ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠤᠯ ᠦᠨᠳᠤᠰᠤᠨ ᠬᠠᠤᠯᠢ ᠪᠠ ᠬᠠᠤᠯᠢ ᠴᠠᠭᠠᠵᠨ ᠶᠢ ᠬᠡᠷᠡᠭᠵᠢᠬᠦᠯᠵᠤ ᠪᠠᠶᠢᠭ᠎ᠠ ᠠᠵᠢᠯᠯᠠᠭ᠎ᠠ ᠮᠥᠨ᠂ ᠬᠠᠤᠯᠢ ᠴᠠᠭᠠᠵᠨ ᠶᠢᠨ ᠦᠨᠳᠤᠰᠤᠯᠡᠯ ᠲᠠᠢ ᠶᠤᠮ ᠭᠡᠵᠤ ᠬᠡᠯᠡᠪᠡ᠃  
 
ᠢᠷᠡᠯᠲᠡ᠄ ︽ᠦᠪᠤᠷ ᠮᠤᠩᠭᠤᠯ ᠤᠨ ᠡᠳᠤᠷ ᠤᠨ ᠰᠤᠨᠢᠨ︾ ᠤ ᠮᠤᠩᠭᠤᠯ ᠬᠡᠯᠡᠨ ᠤ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号