ᠵᠡᠮᠳᠡᠭᠴᠤᠳ ᠤᠨ ᠬᠤᠶᠠᠷ ᠨᠦᠬᠦᠪᠤᠷᠢ ᠭᠡᠵᠤ ᠶᠠᠭᠤ ᠪᠤᠢ︖
ᠨᠡᠶᠢᠲᠡᠯᠡᠭᠰᠡᠨ ᠴᠠᠭ᠄
2021/3/12
   ᠵᠡᠮᠳᠡᠭᠴᠤᠳ ᠤᠨ ᠬᠤᠶᠠᠷ ᠨᠦᠬᠦᠪᠤᠷᠢ ᠶᠢᠨ ᠲᠦᠷᠢᠮ ᠪᠤᠯ ᠤᠯᠤᠰ ᠠᠴᠠ ᠪᠠᠶᠢᠭᠤᠯᠤᠬᠰᠠᠨ ᠠᠩᠬᠠᠨ ᠤ ᠵᠡᠮᠳᠡᠭᠴᠤᠳ ᠤᠨ ᠲᠤᠰᠬᠠᠢ ᠲᠦᠷᠤᠯ ᠤᠨ ᠠᠰᠠᠷᠠᠮᠵᠢ ᠶᠢᠨ ᠨᠦᠬᠦᠪᠤᠷᠢ ᠶᠢᠨ ᠲᠦᠷᠢᠮ ᠪᠤᠯᠤᠨ᠎ᠠ᠂ ᠡᠨᠡ ᠨᠢ ᠵᠡᠮᠳᠡᠭᠴᠤᠳ ᠤᠨ ᠦᠢᠯᠡᠰ ᠤᠨ ᠬᠦᠭᠵᠢᠯᠳᠡ ᠶᠢᠨ ᠶᠠᠪᠤᠴᠨ ᠳᠤ᠂ ᠮᠠᠨ ᠤ ᠤᠯᠤᠰ ᠤᠨ ᠨᠡᠶᠢᠬᠡᠮ ᠤᠨ ᠦᠢᠯᠡᠰ ᠤᠨ ᠬᠦᠭᠵᠢᠯᠳᠡ ᠶᠢᠨ ᠲᠡᠤᠬᠡᠨ ᠳᠤ ᠴᠦ ᠬᠡᠰᠡᠨ ᠦᠬᠡᠢ ᠬᠡᠷᠡᠯᠳᠤ ᠬᠦᠰᠢᠶ᠎ᠡ ᠶᠢᠨ ᠠᠴᠢ ᠬᠤᠯᠪᠤᠬᠳᠠᠯ ᠪᠦᠬᠦᠢ ᠲᠦᠷᠢᠮ  ᠤᠨ ᠦᠬᠡᠷᠡᠴᠢᠯᠡᠯᠳᠡ ᠪᠤᠯᠬᠤ ᠶᠤᠮ᠃ ᠬᠤᠶᠠᠷ ᠨᠦᠬᠦᠪᠤᠷᠢ ᠶᠢᠨ ᠲᠦᠷᠢᠮ ᠨᠢ ᠵᠡᠮᠳᠡᠭᠴᠤᠳ ᠤᠨ ᠤᠨᠴᠠᠭᠠᠢ ᠠᠮᠢᠳᠤᠷᠠᠯ ᠤᠨ ᠬᠦᠴᠢᠷᠳᠡᠯ ᠪᠠ ᠤᠷᠳᠤ ᠬᠤᠭᠤᠴᠠᠭ᠎ᠠ ᠪᠠᠷ ᠬᠠᠷᠠᠭᠠᠯᠵᠠᠬᠤ ᠳᠤ ᠲᠤᠬᠢᠶᠠᠯᠳᠤᠬᠤ ᠬᠦᠴᠢᠷᠳᠡᠯ ᠳᠤ ᠴᠢᠭᠯᠡᠬᠦᠯᠦᠭᠰᠡᠨ ᠲᠤᠰᠬᠠᠢ ᠲᠦᠷᠢᠮ ᠤᠨ ᠲᠤᠬᠢᠷᠠᠭᠤᠯᠤᠯᠳᠠ ᠪᠤᠯᠬᠤ ᠪᠦᠬᠡᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠪᠦᠳᠦᠮᠵᠢᠳᠡᠢ ᠪᠠᠷ ᠠᠮᠨ ᠰᠡᠬᠡᠷ ᠢ ᠨᠢ ᠵᠤᠯᠭᠠᠭᠤᠯᠵᠤ᠂ ᠵᠡᠮᠳᠡᠭᠴᠤᠳ ᠤᠨ ᠠᠰᠠᠷᠠᠮᠵᠢ ᠶᠢᠨ ᠬᠤᠭᠤᠰᠤᠨ ᠢ ᠨᠦᠬᠦᠪᠤᠷᠢᠯᠡᠭᠰᠡᠨ ᠲᠡᠳᠤᠢ ᠦᠬᠡᠢ ᠬᠡᠷ ᠪᠦᠯᠢ ᠶᠢᠨ ᠬᠢᠨ ᠨᠢ ᠵᠡᠮᠳᠡᠭᠴᠤᠳ ᠢ ᠬᠠᠷᠠᠭᠠᠯᠵᠠᠬᠤ ᠴᠢᠳᠠᠪᠬᠢ ᠶᠢ ᠪᠠᠳᠤᠳᠬᠠᠨ ᠲᠡᠭᠡᠭᠰᠢᠯᠡᠬᠦᠯᠵᠤ᠂ ᠬᠡᠷ ᠪᠦᠯᠢ ᠨᠡᠶᠢᠬᠡᠮ ᠤᠨ ᠡᠶ᠎ᠡ ᠵᠤᠬᠢᠴᠠᠯ᠂ ᠲᠤᠬᠳᠠᠭᠤᠨ ᠢ ᠠᠬᠢᠭᠤᠯᠬᠤ ᠶᠢ ᠠᠰᠢᠬᠳᠠᠢ ᠪᠢᠯᠨ᠃  1᠂ ᠵᠡᠮᠳᠡᠭᠴᠤᠳ ᠤᠨ ︽ᠬᠤᠶᠠᠷ ᠨᠦᠬᠦᠪᠤᠷᠢ︾ ᠨᠢ ᠠᠯᠢ ᠬᠤᠶᠠᠷ ᠲᠦᠷᠢᠮ ᠢ ᠵᠢᠭᠠᠵᠤ ᠪᠠᠶᠢᠭ᠎ᠠ ᠪᠤᠢ︖ᠬᠠᠷᠢᠭᠤᠯᠳᠠ᠄ ᠵᠡᠮᠳᠡᠭᠴᠤᠳ ᠤᠨ ︽ᠬᠤᠶᠠᠷ ᠨᠦᠬᠦᠪᠤᠷᠢ︾ ᠶᠢᠨ ᠲᠦᠷᠢᠮ ᠬᠡᠳᠡᠭ ᠨᠢ ᠵᠡᠮᠳᠡᠭᠴᠤᠳ ᠤᠨ ᠠᠮᠢᠳᠤᠷᠠᠯ ᠤᠨ ᠨᠦᠬᠦᠪᠤᠷᠢ ᠪᠠ  ᠬᠦᠨᠳᠤ ᠨᠤᠴᠢᠳᠠᠢ ᠵᠡᠮᠳᠡᠭᠴᠤᠳ ᠤᠨ ᠰᠤᠪᠢᠯᠠᠯᠳᠠ ᠶᠢᠨ ᠨᠦᠬᠦᠪᠤᠷᠢ ᠶᠢᠨ ᠲᠦᠷᠢᠮ ᠪᠤᠯᠤᠨ᠎ᠠ᠃  2᠂ ᠶᠠᠮᠠᠷ ᠶᠠᠮᠠᠷ ᠵᠡᠮᠳᠡᠭᠴᠤᠳ ︽ᠬᠤᠶᠠᠷ ᠨᠦᠬᠦᠪᠤᠷᠢ︾ ᠶᠢ ᠬᠦᠷᠳᠡᠵᠤ ᠪᠤᠯᠬᠤ ᠪᠤᠢ︖   ᠬᠠᠷᠢᠭᠤᠯᠳᠠ᠄ ᠤᠳᠤᠬᠠᠨ ᠤ ᠲᠤᠬᠳᠠᠭᠠᠯ ᠢ ᠦᠨᠳᠤᠰᠤᠯᠡᠪᠡᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ  ᠶᠢ ᠬᠦᠷᠳᠡᠵᠤ ᠪᠠᠶᠢᠭ᠎ᠠ ᠬᠡᠷ ᠪᠦᠯᠢ ᠶᠢᠨ ᠵᠡᠮᠳᠡᠭᠴᠤᠳ ᠨᠢ ᠬᠦᠴᠢᠷᠳᠡᠯᠳᠡᠢ ᠵᠡᠮᠳᠡᠭᠴᠤᠳ ᠤᠨ ᠠᠮᠢᠳᠤᠷᠠᠯ ᠤᠨ ᠨᠦᠬᠦᠪᠤᠷᠢ ᠶᠢ ᠤᠯᠵᠤ ᠪᠤᠯᠤᠨ᠎ᠠ᠃   ᠵᠡᠮᠳᠡᠭᠴᠤᠳ ᠤᠨ ᠲᠡᠰ ᠨᠢ ᠨᠢᠬᠡᠳᠤᠬᠡᠷ ᠲᠡᠰ᠂ ᠬᠤᠶᠠᠳᠤᠭᠠᠷ ᠲᠡᠰ ᠤᠨ ᠪᠦᠬᠡᠳ ᠤᠷᠳᠤ ᠬᠤᠭᠤᠴᠠᠭ᠎ᠠ ᠪᠠᠷ ᠠᠰᠠᠷᠠᠵᠤ ᠬᠠᠷᠠᠭᠠᠯᠵᠠᠬᠰᠠᠨ ᠴᠠᠭ ᠨᠢ 6 ᠰᠠᠷ᠎ᠠ ᠠᠴᠠ ᠲᠡᠭᠡᠭᠰᠢᠬᠢ ᠬᠦᠨᠳᠤ ᠨᠤᠴᠢᠳᠠᠢ ᠵᠡᠮᠳᠡᠭᠴᠤᠳ ᠨᠢ ᠬᠦᠨᠳᠤ ᠨᠤᠴᠢᠳᠠᠢ ᠵᠡᠮᠳᠡᠭᠴᠤᠳ ᠤᠨ ᠰᠤᠪᠢᠯᠠᠯᠳᠠ ᠶᠢᠨ ᠨᠦᠬᠦᠪᠤᠷᠢ ᠶᠢ ᠬᠦᠷᠳᠡᠵᠤ ᠪᠤᠯᠤᠨ᠎ᠠ᠃    ᠨᠦᠬᠦᠴᠡᠯ ᠲᠠᠢ ᠮᠤᠵᠢ ᠬᠤᠳᠠ ᠨᠦᠬᠦᠪᠤᠷᠢ ᠶᠢᠨ ᠬᠦᠷᠢᠶ᠎ᠡ ᠬᠡᠪᠴᠢᠶ᠎ᠡ ᠶᠢ ᠦᠷᠬᠡᠳᠬᠡᠵᠤ ᠪᠤᠯᠤᠨ᠎ᠠ ᠭᠡᠵᠤ ᠣᠯᠣᠰ ᠠᠴᠠ ᠰᠠᠨᠠᠭᠠᠴᠢᠯᠠᠬᠰᠠᠨ ᠠᠴᠠ ᠤᠳᠤᠬᠠᠨ ᠳᠤ ᠨᠢᠬᠡᠨᠳᠡ ᠬᠡᠰᠡᠭ ᠮᠤᠵᠢ ᠬᠤᠳᠠ ᠤᠷᠤᠯᠭ᠎ᠠ ᠨᠢ ᠵᠢᠭᠠᠬᠠᠨ ᠵᠡᠮᠳᠡᠭᠴᠤᠳ ᠪᠠ ᠪᠤᠰᠤᠳ ᠬᠦᠴᠢᠷᠳᠡᠯᠳᠡᠢ ᠵᠡᠮᠳᠡᠭᠴᠤᠳ ᠢ ᠨᠦᠬᠦᠪᠤᠷᠢ ᠶᠢᠨ ᠬᠡᠪᠴᠢᠶᠡᠨ ᠳᠤ ᠤᠷᠤᠭᠤᠯᠤᠬᠰᠠᠨ ᠪᠠᠶᠢᠨ᠎ᠠ᠃    ᠬᠦᠨᠳᠤ ᠨᠤᠴᠢᠳᠠᠢ ᠵᠡᠮᠳᠡᠭᠴᠤᠳ ᠬᠡᠳᠡᠭ ᠨᠢ ᠬᠤᠶᠠᠳᠤᠭᠠᠷ ᠦᠶ᠎ᠡ ᠶᠢᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠤᠳ ᠤᠨ ᠬᠡᠷᠡᠴᠢ︾ ᠲᠠᠢ᠂ ᠵᠡᠮᠳᠡᠭ ᠤᠨ ᠲᠡᠰ ᠤᠨ ᠨᠢᠬᠡᠳᠤᠬᠡᠷ᠂ ᠬᠤᠶᠠᠳᠤᠭᠠᠷ ᠲᠡᠰ  ᠤᠨ ᠵᠡᠮᠳᠡᠭᠴᠤᠳ ᠢ ᠬᠡᠯᠡᠨ᠎ᠡ᠃  3᠂ ᠵᠡᠮᠳᠡᠭᠴᠤᠳ ᠤᠨ ᠬᠤᠶᠠᠷ ᠨᠦᠬᠦᠪᠤᠷᠢ ᠪᠠ ᠨᠠᠭᠠᠳᠤ ᠵᠠᠬ᠎ᠠ ᠶᠢᠨ ᠪᠠᠳᠤᠯᠠᠭ᠎ᠠ ᠨᠢ ᠶᠠᠮᠠᠷ ᠢᠯᠭᠠᠭ᠎ᠠ ᠲᠠᠢ ᠪᠤᠢ︖    ᠬᠠᠷᠢᠭᠤᠯᠳᠠ᠄ ᠬᠤᠶᠠᠷ ᠨᠦᠬᠦᠪᠤᠷᠢ ᠪᠤᠯ ᠲᠤᠰᠬᠠᠶᠢᠯᠠᠨ ᠵᠡᠮᠳᠡᠭᠴᠤᠳ ᠲᠤ ᠬᠠᠨᠭ᠍ᠭᠠᠬᠤ ᠨᠦᠬᠦᠪᠤᠷᠢ ᠶᠢᠨ ᠲᠦᠷᠤᠯ ᠵᠦᠢᠯ ᠪᠤᠯᠬᠤ ᠤᠴᠢᠷ ᠠᠴᠠ ᠨᠦᠬᠦᠴᠡᠯ ᠳᠤ ᠨᠡᠶᠢᠴᠡᠭᠰᠡᠨ ᠵᠡᠮᠳᠡᠭᠴᠤᠳ ᠯᠨ ᠡᠷᠡᠮᠡᠯᠵᠡᠯᠡᠵᠤ ᠪᠤᠯᠤᠨ᠎ᠠ᠃   ᠬᠠᠷᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠪᠤᠯ ᠨᠡᠶᠢᠬᠡᠮ ᠤᠨ ᠤᠷᠤᠯᠭ᠎ᠠ ᠲᠤᠤᠷ᠎ᠠ ᠤᠯᠠᠨ ᠲᠦᠮᠡᠨ  ᠳᠤ ᠪᠠᠳᠤᠯᠠᠭ᠎ᠠ ᠬᠠᠨᠭ᠍ᠭᠠᠨ᠎ᠠ᠃ ᠬᠡᠪᠡᠴᠤ ᠵᠡᠮᠳᠡᠭᠴᠤᠳ ᠤᠨ ᠨᠦᠬᠦᠪᠤᠷᠢ ᠨᠢ ᠬᠦᠴᠢᠷᠳᠡᠯ ᠤᠨ ᠪᠠᠶᠢᠳᠠᠯ ᠢ ᠦᠨᠳᠤᠰᠤᠯᠡᠵᠤ ᠪᠠᠶᠢᠭ᠎ᠠ ᠪᠤᠯᠬᠤ ᠪᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠵᠡᠮᠳᠡᠭᠴᠤᠳ ᠦᠨᠳᠤᠰᠤᠨ ᠳᠤ ᠪᠠᠨ ᠬᠦᠴᠢᠷᠳᠡᠯ ᠲᠠᠢ ᠵᠡᠮᠳᠡᠭᠴᠤᠳ ᠤᠨ ᠠᠮᠢᠳᠤᠷᠠᠯ ᠤᠨ ᠨᠦᠬᠦᠪᠤᠷᠢ ᠶᠢ ᠬᠦᠷᠳᠡᠵᠤ ᠪᠤᠯᠬᠤ ᠶᠤᠮ
 
ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号