ᠵᠡᠮᠳᠡᠭᠴᠤᠳ ᠤᠨ ᠬᠤᠶᠠᠷ ᠨᠦᠬᠦᠪᠤᠷᠢ ᠶᠢ ᠡᠷᠡᠮᠡᠯᠵᠡᠯᠡᠬᠦ ᠠᠯᠬᠤᠮ ᠲᠠᠷᠠᠭ᠎ᠠ
ᠨᠡᠶᠢᠲᠡᠯᠡᠭᠰᠡᠨ ᠴᠠᠭ᠄
2021/3/12
( )
ᠬᠤᠶᠠᠷ ᠨᠦᠬᠦᠪᠤᠷᠢ ᠶᠢ ᠡᠷᠡᠮᠡᠯᠵᠡᠯᠡᠬᠦ ᠠᠯᠬᠤᠮ ᠲᠠᠷᠠᠭ᠎ᠠ     1᠂ ᠦᠪᠡᠷ ᠤᠨ ᠲᠤᠷ᠎ᠠ ᠠᠴᠠ ᠪᠠᠨ ᠡᠷᠡᠮᠡᠯᠵᠡᠯᠡᠨ᠎ᠡ    ᠵᠡᠮᠳᠡᠭᠴᠤᠳ ᠤᠨ ᠬᠤᠶᠠᠷ ᠨᠦᠬᠦᠪᠤᠷᠢ ᠶᠢ ᠵᠡᠮᠳᠡᠭᠴᠤᠳ ᠡᠷᠤᠬᠡ ᠠᠮᠨ ᠶᠢᠨ ᠪᠠᠶᠢᠭ᠎ᠠ ᠭᠠᠵᠠᠷ ᠤᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠡᠩ ᠪᠠᠯᠭᠠᠰᠤ ᠶᠢᠨ ᠵᠠᠰᠠᠭ ᠤᠨ ᠤᠷᠳᠤᠨ ᠤ ᠬᠦᠯᠢᠶᠡᠨ ᠠᠪᠬᠤ ᠴᠤᠩᠬᠤᠨ ᠲᠡᠬᠡᠷ᠎ᠡ ᠤᠴᠢᠵᠤ ᠦᠰᠦᠭ ᠪᠢᠴᠢᠭ ᠤᠨ ᠡᠷᠡᠮᠡᠯᠵᠡᠯ ᠢᠶᠠᠨ ᠲᠤᠰᠢᠶᠠᠨ᠎ᠠ᠃ ᠵᠡᠮᠳᠡᠭᠴᠤᠳ ᠤᠨ ᠬᠠᠤᠯᠢ ᠪᠠᠷ ᠲᠤᠬᠳᠠᠭᠠᠬᠰᠠᠨ ᠬᠢᠨᠠᠨ ᠬᠠᠷᠠᠭᠠᠯᠵᠠᠬᠴᠢ᠂ ᠬᠠᠤᠯᠢ ᠪᠠᠷ ᠲᠤᠬᠳᠠᠭᠠᠬᠰᠠᠨ ᠠᠰᠠᠷᠠᠨ ᠬᠠᠷᠠᠭᠠᠯᠵᠠᠬᠤ᠂ ᠲᠡᠳᠬᠦᠨ ᠬᠠᠷᠠᠭᠠᠯᠵᠠᠬᠤ᠂ ᠲᠡᠳᠬᠦᠨ ᠬᠠᠷᠠᠭᠠᠯᠵᠠᠬᠤ ᠡᠬᠦᠷᠬᠡ ᠲᠠᠢ ᠬᠦᠮᠦᠨ᠂ ᠰᠠᠭᠤᠷᠢᠰᠢᠵᠤ ᠪᠠᠶᠢᠭ᠎ᠠ ᠭᠠᠵᠠᠷ ᠤᠨ ᠬᠢ ᠨᠢ ᠲᠤᠰᠬᠤᠨ ︵ᠰᠠᠭᠤᠭᠠᠯᠢ ᠠᠷᠠᠳ︶ ᠤ ᠵᠦᠪᠯᠡᠯ ᠪᠤᠶᠤ ᠪᠤᠰᠤᠳ ᠨᠠᠶᠢᠳᠠᠯᠭ᠎ᠠ ᠬᠦᠯᠢᠶᠡᠭᠴᠢ ᠨᠢ ᠡᠷᠡᠮᠡᠯᠵᠡᠯᠡᠬᠦ ᠶᠠᠪᠤᠳᠠᠯ  ᠢ ᠤᠷᠤᠯᠠᠨ ᠬᠦᠢᠴᠡᠳᠬᠡᠵᠤ ᠪᠤᠯᠤᠨ᠎ᠠ᠃ ᠵᠡᠮᠳᠡᠭᠴᠤᠳ ᠤᠨ ᠬᠤᠶᠠᠷ ᠨᠦᠬᠦᠪᠤᠷᠢ ᠶᠢ ᠡᠷᠡᠮᠡᠯᠵᠡᠯᠡᠬᠦ ᠳᠤ ᠬᠤᠶᠠᠳᠤᠭᠠᠷ ᠦᠶ᠎ᠡ ᠶᠢᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠤᠳ ᠤᠨ ᠬᠡᠷᠡᠴᠢ︾ ᠪᠠᠨ ᠠᠪᠴᠤ ᠤᠴᠢᠬᠤ ᠪᠦᠬᠡᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠳᠡᠢ᠃    2᠂ ᠲᠡᠰ ᠲᠡᠰ ᠢᠶᠠᠷ ᠬᠢᠨᠠᠨ ᠰᠢᠯᠭᠠᠨ᠎ᠠ   ᠵᠡᠬᠡᠯᠢ  ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠨᠢ ᠨᠡᠶᠢᠬᠡᠮ ᠤᠨ ᠠᠪᠤᠷᠠᠨ ᠲᠤᠰᠠᠯᠠᠬᠤ᠂ ᠨᠡᠶᠢᠬᠡᠮ ᠤᠨ ᠦᠢᠯᠡᠴᠢᠯᠡᠬᠡᠨ ᠤ ︽ᠨᠢᠬᠡ ᠨᠢ ᠬᠦᠯᠢᠶᠡᠨ ᠠᠪᠤᠪᠠᠯ᠂ ᠪᠤᠰᠤᠳ  ᠨᠢ ᠬᠠᠮᠵᠢᠯᠴᠠᠨ ᠬᠦᠢᠴᠡᠳᠬᠡᠬᠦ︾ ᠲᠤᠬᠳᠠᠴᠨ ᠳᠤ ᠨᠠᠶᠢᠳᠠᠨ᠂ ᠵᠡᠮᠳᠡᠭᠴᠤᠳ ᠤᠨ ᠬᠤᠶᠠᠷ ᠨᠦᠬᠦᠪᠤᠷᠢ ᠶᠢ ᠡᠷᠡᠮᠡᠯᠵᠡᠯᠡᠬᠦ ᠪᠠ ᠠᠩᠬᠠᠨ ᠤ ᠬᠢᠨᠠᠯᠳᠠ ᠶᠢ ᠬᠦᠢᠴᠡᠳᠬᠡᠯᠬᠡᠵᠤ ᠪᠤᠯᠤᠨ᠎ᠠ᠃ ᠠᠩᠬᠠᠨ ᠤ ᠬᠢᠨᠠᠯᠳᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠰᠢᠶᠠᠨ ᠤ ᠲᠠᠰ ᠤᠨ ᠵᠡᠮᠳᠡᠭᠴᠤᠳ ᠤᠨ ᠬᠤᠯᠪᠤᠭᠠᠨ ᠳᠤ ᠲᠡᠪᠰᠢᠬᠦᠯᠵᠤ ᠬᠠᠮᠢᠶ᠎ᠠ ᠪᠦᠬᠦᠢ ᠬᠢᠨᠠᠯᠳᠠ ᠬᠢᠨ᠎ᠡ᠃ ᠬᠢᠨᠠᠨ ᠰᠢᠯᠭᠠᠭᠠᠳ ᠬᠢᠷᠢ ᠲᠡᠩᠴᠡᠭᠰᠡᠨ ᠮᠠᠲ᠋ᠧᠷᠢᠶᠠᠯ ᠢ ᠰᠢᠶᠠᠨ ᠤ ᠲᠡᠰ ᠤᠨ ᠠᠷᠠᠳ ᠤᠨ ᠵᠠᠰᠠᠭ  ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠬᠦᠷᠬᠡᠨ ᠬᠢᠨᠠᠨ ᠲᠤᠬᠳᠠᠭᠠᠯᠭᠠᠵᠤ᠂ ᠵᠡᠮᠳᠡᠭᠴᠤᠳ ᠤᠨ ᠬᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠰᠠᠭᠤᠭᠠᠯᠢ ᠠᠷᠠᠳ ᠤᠨ ᠬᠡᠷ ᠪᠦᠯᠢ ᠶᠢᠨ ᠤᠷᠤᠯᠭ᠎ᠠ ᠶᠢᠨ ᠪᠠᠶᠢᠳᠠᠯ ᠢ ᠬᠢᠨᠠᠨ ᠰᠢᠯᠭᠠᠬᠤ ᠲᠤᠬᠳᠠᠯᠴᠠᠭ᠎ᠠ ᠶᠢ ᠲᠦᠰᠢᠭᠯᠡᠨ ᠬᠢᠨᠠᠨ ᠰᠢᠯᠭᠠᠨ᠎ᠠ᠃ ᠬᠢᠨᠠᠨ ᠲᠤᠬᠳᠠᠭᠠᠯᠳᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠰᠢᠶᠠᠨ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠰᠢᠶᠠᠨ ᠤ ᠲᠡᠰ ᠤᠨ ᠵᠡᠮᠳᠡᠭᠴᠤᠳ ᠤᠨ ᠬᠤᠯᠪᠤᠭ᠎ᠠ ᠲᠠᠢ ᠬᠠᠮᠳᠤ  ᠪᠠᠷ ᠠᠳᠠᠯᠢ ᠲᠡᠰ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠪᠠᠭᠤᠯᠭᠠᠬᠤ ᠪᠡᠯᠨ ᠮᠦᠡᠭᠭᠦ ᠶᠢ ᠨᠢ ᠡᠷᠡᠮᠡᠯᠵᠡᠯᠡᠨ᠎ᠡ᠃     3᠂ ᠨᠦᠬᠦᠪᠤᠷᠢ ᠲᠠᠷᠬᠠᠭᠠᠬᠤ   ᠨᠦᠬᠦᠪᠤᠷᠢ ᠶᠢᠨ ᠬᠢᠷᠢ ᠬᠡᠮ ᠨᠢ ᠬᠢᠷᠢ ᠲᠡᠩᠴᠡᠭᠰᠡᠨ ᠵᠡᠮᠳᠡᠭᠴᠤᠳ ᠲᠤ ᠡᠷᠡᠮᠡᠯᠵᠡᠯ ᠲᠡᠪᠰᠢᠬᠦᠯᠦᠭᠰᠡᠨ ᠰᠠᠷ᠎ᠠ ᠠᠴᠠ  ᠨᠢ ᠡᠬᠢᠯᠡᠨ ᠨᠦᠬᠦᠪᠤᠷᠢ ᠤᠯᠭᠤᠨ᠎ᠠ᠃ ᠵᠡᠮᠳᠡᠭᠴᠤᠳ ᠤᠨ ᠬᠤᠶᠠᠷ ᠨᠦᠬᠦᠪᠤᠢ ᠶᠢ ᠨᠡᠶᠢᠬᠡᠮᠴᠢᠯᠡᠭᠰᠡᠨ ᠬᠡᠯᠪᠡᠷᠢ ᠪᠠᠷ ᠲᠠᠷᠬᠠᠭᠠᠵᠤ᠂ ᠮᠦᠡᠭᠭᠦᠨ ᠬᠦᠢᠯᠬᠡᠬᠡᠨ ᠤ ᠪᠠᠶᠢᠭᠤᠯᠤᠮᠵᠢ ᠪᠠᠷ ᠲᠠᠮᠵᠢᠭᠤᠯᠵᠤ ᠵᠡᠮᠳᠡᠭᠴᠤᠳ ᠤᠨ ᠲᠠᠩᠰᠠᠨ ᠳᠤ ᠰᠢᠯᠵᠢᠬᠦᠯᠤᠨ ᠬᠠᠳᠠᠭᠠᠯᠠᠨ᠎ᠠ᠃ ᠤᠨᠴᠠᠭᠠᠢ ᠪᠠᠶᠢᠳᠠᠯ ᠲᠤᠤᠷ᠎ᠠ ᠰᠢᠭᠤᠳ ᠪᠡᠯᠨ ᠮᠦᠡᠭᠭᠦ ᠪᠠᠭᠤᠯᠭᠠᠬᠤ ᠳᠤ ᠬᠦᠷᠪᠡᠯ ᠲᠤᠰᠬᠠᠢ ᠬᠢᠨᠠᠨ ᠬᠠᠮᠢᠶᠠᠷᠬᠤ ᠠᠷᠭ᠎ᠠ ᠲᠤᠬᠳᠠᠭᠠᠵᠤ᠂ ᠨᠡᠷ᠎ᠡ ᠪᠤᠷᠤᠭᠤᠯᠠᠨ ᠠᠪᠬᠤ᠂ ᠲᠠᠪᠬᠤᠷ ᠠᠪᠬᠤ  ᠂ ᠰᠠᠭᠤᠯᠭᠠᠵᠤ ᠠᠪᠬᠤ ᠦᠵᠡᠭᠳᠡᠯ ᠢ ᠰᠡᠷᠬᠡᠶᠢᠯᠡᠬᠦ ᠬᠡᠷᠡᠭᠳᠡᠢ᠃   4᠂ ᠲᠤᠬᠳᠠᠬᠰᠠᠨ ᠬᠤᠭᠤᠴᠠᠭ᠎ᠠ ᠪᠠᠷ ᠲᠠᠬᠢᠨ ᠰᠢᠯᠭᠠᠨ᠎ᠠ   ᠵᠡᠮᠳᠡᠭᠴᠤᠳ ᠦᠪᠡᠷ ᠤᠨ ᠲᠤᠷ᠎ᠠ ᠠᠴᠠ ᠪᠠᠨ ᠡᠷᠡᠮᠡᠯᠵᠡᠯᠡᠬᠦ ᠪᠠ ᠲᠠᠷᠬᠠᠭᠠᠬᠤ ᠰᠠᠯᠠᠭ᠎ᠠ ᠮᠦᠴᠢᠷ ᠲᠤᠬᠳᠠᠬᠰᠠᠨ ᠬᠤᠭᠤᠴᠠᠭ᠎ᠠ ᠪᠠᠷ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠵᠡᠮᠳᠡᠭᠴᠤᠳ  ᠤᠨ ᠬᠤᠶᠠᠷ ᠨᠦᠬᠦᠪᠤᠷᠢ ᠶᠢ ᠲᠤᠬᠳᠠᠬᠰᠨᠨ ᠬᠤᠭᠤᠴᠠᠭ᠎ᠠ ᠪᠠᠷ ᠲᠠᠬᠢᠨ ᠰᠢᠯᠭᠠᠬᠤ ᠲᠦᠷᠢᠮ ᠢ ᠪᠠᠶᠢᠭᠤᠯᠤᠨ᠎ᠠ᠃ ᠵᠡᠮᠳᠡᠭᠴᠤᠳ ᠤᠨ ᠬᠤᠶᠠᠷ ᠨᠦᠬᠦᠪᠤᠷᠢ ᠶᠢ ᠨᠦᠬᠦᠬᠦ ᠶᠤᠰᠤᠳᠠᠢ ᠶᠢ ᠨᠢ ᠵᠠᠪᠠᠯ ᠨᠦᠬᠦᠵᠤ᠂ ᠪᠤᠴᠠᠭᠠᠬᠤ ᠶᠤᠰᠤᠳᠠᠢ ᠶᠢ  ᠨᠢ ᠵᠠᠪᠠᠯ ᠪᠤᠴᠠᠭᠠᠬᠤ ᠬᠦᠳᠡᠯᠤᠩᠭᠦᠢ ᠬᠠᠮᠢᠶᠠᠷᠤᠯᠳᠠ ᠶᠢ ᠬᠡᠷᠡᠭᠵᠢᠬᠦᠯᠤᠨ᠎ᠡ᠃ ᠲᠤᠬᠳᠠᠭᠰᠠᠨ ᠬᠤᠭᠤᠴᠠᠭ᠎ᠠ ᠪᠠᠷ ᠲᠠᠬᠢᠨ ᠰᠢᠯᠭᠠᠬᠤ ᠠᠭᠤᠯᠭ᠎ᠠ ᠳᠤ ᠡᠷᠡᠮᠡᠯᠵᠡᠯᠡᠭᠴᠢ ᠶᠢᠨ ᠬᠢᠷᠢ ᠬᠡᠮ ᠤᠨ ᠨᠦᠬᠦᠴᠡᠯ ᠨᠢ ᠬᠤᠪᠢᠷᠠᠯᠳᠠ ᠭᠠᠷᠤᠬᠰᠠᠨ ᠡᠰᠡᠬᠦ᠂ ᠨᠦᠬᠦᠪᠤᠷᠢ ᠶᠢ ᠴᠠᠭ ᠲᠤᠬᠠᠢ ᠳᠤ ᠨᠢ᠂ ᠲᠤᠭ᠎ᠠ ᠶᠤᠰᠤᠭᠠᠷ ᠨᠢ ᠲᠠᠷᠬᠠᠭᠠᠬᠰᠠᠨ ᠡᠰᠡᠬᠦ ᠶᠢ ᠵᠡᠷᠬᠡ ᠪᠠᠭᠳᠠᠨ᠎ᠠ
 
ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号