ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠪᠦᠬᠦ ᠤᠷᠤᠨ ᠤ ᠬᠠᠨᠭ᠍ᠰᠢ ᠶᠢᠨ ᠲᠠᠬᠢᠯᠭ᠎ᠠ ᠶᠢᠨ ᠠᠵᠢᠯ ᠤᠨ ᠲᠧᠯᠸᠢᠰ ᠳ᠋ᠢᠶᠠᠩᠬᠤᠸ᠋ᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/30
    3 ᠳ᠋ᠤᠭᠠᠷ ᠰᠠᠷ᠎ᠠ ᠶᠢᠨ 25 ᠤ ᠡᠳᠤᠷ ᠤᠨ ᠦᠳᠡ ᠶᠢᠨ ᠬᠤᠶᠢᠨ᠎ᠠ ᠦᠪᠡᠷᠳᠡᠬᠡᠨ ᠵᠠᠰᠠᠬᠤ ᠤᠷᠤᠨ ᠤ ᠠᠷᠠᠳ  ᠤᠨ ᠶᠠᠪᠤᠳᠠᠯ ᠤᠨ ᠲᠢᠩᠭᠢᠮ 2021 ᠤᠨ ᠤ ᠪᠦᠬᠦ ᠤᠷᠤᠨ ᠤ ᠬᠠᠨᠭ᠍ᠰᠢ ᠶᠢᠨ ᠲᠠᠬᠢᠯᠭ᠎ᠠ ᠶᠢᠨ ᠠᠵᠢᠯ ᠤᠨ ᠲᠧᠯᠸᠢᠰ ᠳ᠋ᠢᠶᠠᠩᠬᠤᠸ᠋ᠨ ᠬᠤᠷᠠᠯ ᠬᠤᠷᠠᠯᠳᠤᠭᠤᠯᠵᠤ᠂ ᠬᠠᠨᠭ᠍ᠰᠢ ᠶᠢᠨ ᠲᠠᠬᠢᠯᠭ᠎ᠠ ᠶᠢᠨ ᠠᠶᠤᠯᠬᠦᠢ ᠬᠠᠮᠢᠶᠠᠷᠤᠯᠳᠠ ᠪᠠ ᠦᠢᠯᠡᠴᠢᠯᠡᠬᠡᠨ ᠤ ᠪᠠᠳᠤᠯᠠᠭ᠎ᠠ ᠶᠢᠨ ᠠᠵᠢᠯ ᠢ ᠪᠠᠶᠢᠷᠢᠯᠠᠭᠤᠯᠪᠠ᠂ ᠠᠷᠠᠳ ᠤᠨ ᠶᠠᠪᠤᠳᠠᠯ ᠤᠨ ᠲᠢᠩᠭᠢᠮ ᠤᠨ ᠲᠢᠩᠭᠢᠮ  ᠤᠨ ᠤᠳᠤᠷᠢᠳᠤᠯᠭ᠎ᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠂ ᠠᠷᠠᠳ ᠤᠨ ᠶᠠᠪᠤᠳᠠᠯ ᠤᠨ ᠲᠢᠩᠬᠢᠮ ᠤᠨ ᠨᠠᠮ  ᠤᠨ ᠤᠳᠤᠷᠢᠳᠬᠤ ᠲᠤᠭᠤᠶᠢᠯᠠᠩ ᠤᠨ ᠪᠦᠷᠢᠯᠳᠤᠬᠦᠨ᠂ ᠲᠢᠩᠭᠢᠮ ᠤᠨ ᠲᠡᠳ᠋ ᠲᠠᠷᠤᠭ᠎ᠠ ᠯᠢᠤ ᠬᠦᠸᠧ ᠭᠠᠨᠭ᠌ ᠬᠤᠷᠠᠯ  ᠳᠤ ᠤᠷᠤᠯᠴᠠᠪᠠ᠃ ᠬᠤᠷᠠᠯ ᠠᠴᠠ ᠵᠢᠭᠠᠬᠰᠠᠨ ᠨᠢ᠂ ᠦᠨᠤ ᠵᠢᠯ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ ᠵᠠᠭᠤᠨ ᠵᠢᠯ ᠤᠨ ᠤᠢ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠡᠬᠢᠯᠡᠯᠳᠡ ᠶᠢᠨ ᠤᠨ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠠᠶᠠᠨ ᠤ ᠠᠩᠬᠠᠨ ᠤ ᠵᠢᠯ ᠪᠤᠯᠬᠤᠷ ᠦᠨᠤ ᠵᠢᠯ ᠤᠨ ᠬᠠᠨᠭ᠍ᠰᠢ ᠶᠢᠨ ᠤᠯᠠᠨ ᠲᠦᠮᠡᠨᠴᠢ ᠲᠠᠶᠢᠯᠭ᠎ᠠ ᠶᠢᠨ ᠦᠢᠯᠡᠴᠢᠯᠡᠬᠡᠨ ᠤ ᠬᠠᠮᠢᠶᠠᠷᠤᠯᠳᠠ ᠶᠢᠨ ᠠᠵᠢᠯ ᠤᠨ ᠠᠴᠢ ᠬᠤᠯᠪᠤᠬᠳᠠᠯ ᠴᠢᠬᠤᠯᠨ᠂ ᠬᠠᠷᠢᠭᠤᠴᠠᠯᠭ᠎ᠠ ᠬᠦᠨᠳᠤ ᠶᠤᠮ᠃ ᠡᠯ᠎ᠡ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠶᠡᠷᠤᠩᠭᠡᠢ ᠱᠦᠵᠢ ᠰᠢ ᠶᠢᠨ ᠫᠢᠡᠭ ᠤᠨ ᠬᠢᠵᠢᠭ ᠢ ᠰᠡᠷᠬᠡᠶᠢᠯᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠣᠯᠳᠡᠢ ᠠᠬᠢᠭᠤᠯᠬᠤ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ᠂ ᠶᠡᠷᠤᠩᠭᠡᠢ ᠰᠠᠶᠢᠳ ᠯᠢ ᠺᠧ ᠴᠢᠶᠠᠩ ᠤᠨ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠬᠡᠶᠢᠯᠡᠬᠦ ᠠᠵᠢᠯ ᠤᠨ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ ᠂ ᠠᠷᠠᠳ ᠤᠨ ᠶᠠᠪᠤᠳᠠᠯ ᠤᠨ ᠶᠠᠮᠤᠨ ᠤ 2021 ᠤᠨ ᠤ ᠬᠠᠨᠭ᠍ᠰᠢ ᠶᠢᠨ ᠲᠠᠶᠢᠯᠭ᠎ᠠ ᠶᠢᠨ ᠠᠵᠢᠯ ᠤᠨ ᠲᠤᠬᠠᠢ ᠲᠧᠯᠸᠢᠰ ᠳ᠋ᠢᠶᠠᠩᠬᠤᠸ᠋ᠨ ᠬᠤᠷᠠᠯ ᠪᠠ ᠦᠪᠡᠷᠳᠡᠬᠡᠨ ᠵᠠᠰᠠᠬᠤ ᠤᠷᠤᠨ ᠤ ᠬᠠᠨᠭ᠍ᠰᠢ ᠶᠢᠨ ᠬᠤᠭᠤᠴᠠᠬᠠᠨ ᠳᠤ ᠬᠢ ᠭᠠᠯ ᠢ ᠰᠡᠷᠬᠡᠶᠢᠯᠡᠬᠦ ᠠᠶᠤᠯᠬᠦᠢ ᠠᠵᠢᠯ ᠤᠨ ᠬᠤᠷᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠡᠬᠦᠷᠬᠡ ᠶᠢ ᠤᠯᠠᠮ ᠨᠢᠬᠡ ᠠᠯᠬᠤᠮ ᠲᠤᠳᠤᠷᠬᠠᠶᠢᠯᠠᠨ᠂ ᠬᠠᠷᠢᠭᠤᠴᠠᠯᠭ᠎ᠠ ᠶᠢ ᠪᠠᠳᠤᠳᠠᠶᠢᠵᠢᠭᠤᠯᠵᠤ᠂ ᠠᠵᠢᠯ ᠤᠨ ᠪᠠᠶᠢᠳᠠᠯ ᠢ ᠵᠠᠳᠠᠯᠤᠨ᠂ ᠬᠠᠨᠭ᠍ᠰᠢ  ᠶᠢᠨ ᠬᠤᠭᠤᠴᠠᠭᠠᠨ ᠳᠤ ᠬᠢ ᠲᠠᠬᠢᠯᠭ᠎ᠠ ᠶᠢᠨ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠵᠤ᠂ ᠦᠨᠤ ᠵᠢᠯ ᠤᠨ ᠬᠠᠨᠭ᠍ᠰᠢ  ᠶᠢᠨ ᠲᠠᠬᠢᠯᠭ᠎ᠠ ᠶᠢᠨ ᠠᠵᠢᠯ ᠤᠨ ᠠᠶᠤᠯᠬᠦᠢ᠂ ᠪᠤᠯᠪᠠᠰᠤᠨ᠂ ᠡᠮᠬᠢ ᠵᠢᠷᠤᠮ ᠲᠠᠢ ᠪᠠᠶᠢᠬᠤ ᠶᠢ ᠪᠠᠳᠤᠯᠠᠬᠤ ᠬᠡᠷᠡᠭᠳᠡᠢ᠃ ᠬᠤᠷᠠᠯ ᠠᠴᠠ ᠱᠠᠭᠠᠷᠳᠠᠬᠰᠠᠨ ᠨᠢ ᠡᠯ᠎ᠡ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠭᠠᠵᠠᠷ ᠤᠷᠤᠨ  ᠤ ᠪᠤᠳᠠᠳᠠᠢ ᠲᠠᠢ ᠪᠠᠨ ᠤᠶᠠᠯᠳᠤᠭᠤᠯᠤᠨ᠂ ᠬᠢᠵᠢᠭ ᠢ ᠪᠠᠶᠢᠡᠭᠭᠤ ᠶᠢᠨ ᠴᠢᠨᠠᠷᠳᠠᠢ ᠰᠡᠷᠬᠡᠶᠢᠯᠡᠬᠦ᠂ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠬᠡᠶᠢᠯᠡᠬᠦ ᠵᠡᠷᠬᠡ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ ᠬᠠᠮᠢᠶᠠᠷᠤᠯᠳᠠ ᠶᠢᠨ ᠠᠷᠭ᠎ᠠ ᠶᠢ ᠲᠦᠷᠤᠯ ᠬᠤᠪᠢᠶᠠᠨ ᠰᠤᠳᠤᠯᠤᠨ ᠲᠤᠬᠳᠠᠭᠠᠵᠤ᠂ ︽ᠤᠷᠢᠳ ᠢᠶᠠᠷ ᠭᠠᠷ ᠤᠷᠤᠬᠤ︾ ᠬᠡᠷᠡᠭᠳᠡᠢ᠃ ︽ᠨᠠᠮ ᠤᠨ ᠬᠤᠷᠢᠶ᠎ᠠ ᠣᠳᠤᠷᠢᠳᠤᠨ᠂ ᠵᠠᠰᠠᠭ ᠤᠨ ᠤᠷᠳᠤᠨ ᠬᠠᠷᠢᠭᠤᠴᠠᠵᠤ᠂ ᠰᠠᠯᠠᠭ᠎ᠠ ᠮᠦᠴᠢᠷ ᠤᠨ ᠬᠢᠨ ᠬᠠᠮᠵᠢᠯᠴᠠᠨ ᠂ ᠨᠡᠶᠢᠬᠡᠮ ᠢᠶᠠᠷ ᠢᠶᠠᠨ ᠤᠷᠤᠯᠴᠠᠬᠤ︾ ᠲᠠᠶᠢᠯᠭ᠎ᠠ ᠶᠢᠨ ᠠᠵᠢᠯ ᠤᠨ ᠲᠤᠬᠳᠠᠯᠴᠠᠭ᠎ᠠ ᠶᠢᠨ ᠱᠠᠭᠠᠷᠳᠠᠯᠭ᠎ᠠ ᠶᠤᠰᠤᠭᠠᠷ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠵᠤᠬᠢᠶᠠᠨ ᠪᠠᠶᠢᠭᠤᠯᠵᠤ ᠤᠳᠤᠷᠢᠳᠬᠤ ᠲᠤᠬᠳᠠᠯᠴᠠᠭ᠎ᠠ ᠪᠠᠶᠢᠭᠤᠯᠵᠤ᠂ ᠵᠠᠮ ᠬᠠᠷᠢᠯᠴᠠᠭ᠎ᠠ ᠲᠡᠬᠡᠬᠡᠪᠤᠷᠢ᠂ ᠡᠷᠡᠬᠦᠯ ᠬᠠᠮᠠᠭᠠᠯᠠᠯ ᠡᠷᠡᠬᠦᠯ ᠮᠡᠨᠳᠤ᠂ ᠵᠠᠬ᠎ᠠ ᠲᠡᠯᠬᠡᠬᠦᠷ ᠤᠨ ᠬᠠᠮᠢᠶᠠᠷᠤᠯᠳᠠ ᠵᠡᠷᠬᠡ ᠰᠠᠯᠠᠭ᠎ᠠ ᠮᠦᠴᠢᠷ ᠬᠠᠮᠵᠢᠯᠴᠠᠨ ᠬᠦᠳᠡᠯᠤᠯᠴᠡᠵᠤ᠂ ᠢᠯᠭᠤᠮ ᠨᠡᠪᠳᠡᠷᠡᠯᠴᠡᠬᠦ ᠬᠠᠮᠳᠤᠷᠠᠯ ᠤᠨ ᠲᠤᠬᠳᠠᠯᠴᠠᠭ᠎ᠠ ᠶᠢ ᠪᠠᠶᠢᠭᠤᠯᠵᠤ ᠠᠵᠢᠯ ᠤᠨ ᠬᠠᠮᠳᠤᠷᠠᠯᠴᠠᠭ᠎ᠠ ᠶᠢ ᠪᠣᠢ ᠪᠤᠯᠭᠠᠬᠤ ᠶᠢ ᠮᠡᠳᠡᠬᠦᠯᠤᠨ ᠭᠤᠶᠤᠴᠢᠯᠠᠬᠤ ᠬᠡᠷᠡᠭᠳᠡᠢ᠃ ᠠᠶᠤᠯᠬᠦᠢ ᠶᠢᠨ ᠬᠠᠮᠢᠶᠠᠷᠤᠯᠳᠠ ᠶᠢ ᠰᠠᠶᠢᠳᠤᠷ ᠠᠳᠬᠤᠵᠤ᠂ ᠬᠢᠵᠢᠭ ᠢ ᠰᠡᠷᠬᠡᠶᠢᠯᠡᠬᠦ ᠠᠷᠭ᠎ᠠ ᠪᠠᠷᠢᠯ ᠢ ᠨᠠᠶᠢᠳᠠᠪᠤᠷᠢᠵᠢᠭᠤᠯᠤᠨ᠂ ᠭᠠᠯ ᠤᠨ ᠠᠶᠤᠯ ᠤᠨ ᠬᠡᠮ ᠰᠤᠭᠤᠭ ᠢ ᠪᠠᠶᠢᠴᠠᠭᠠᠨ᠂ ᠪᠠᠴᠢᠮ ᠢ ᠠᠷᠭᠠᠴᠠᠭᠠᠬᠤ ᠰᠤᠷᠢᠯᠳᠠ ᠶᠢ ᠰᠠᠶᠢᠳᠤᠷ ᠬᠢᠵᠤ᠂ ᠲᠠᠬᠢᠯᠭ᠎ᠠ ᠶᠢᠨ ᠦᠢᠯᠡᠴᠢᠯᠡᠬᠡᠨ ᠤ ᠪᠠᠳᠤᠯᠠᠭ᠎ᠠ ᠪᠠᠨ ᠴᠢᠩᠭᠠᠳᠬᠠᠵᠤ ᠂ ᠤᠬᠠᠭᠤᠯᠤᠨ ᠬᠦᠳᠤᠯᠬᠦ ᠡᠷᠴᠢᠮ ᠢᠶᠠᠨ ᠴᠢᠩᠭᠠᠷᠠᠭᠤᠯᠤᠨ᠂ ᠪᠠᠶᠢᠳᠠᠯ ᠢ ᠬᠢᠨᠠᠨ ᠠᠷᠭᠠᠴᠠᠭᠠᠬᠤ ᠬᠦᠴᠤᠯᠡᠴᠨ ᠪᠠᠨ ᠴᠢᠩᠭᠠᠷᠠᠭᠤᠯᠤᠨ᠂ ᠬᠠᠨᠭ᠍ᠰᠢ ᠶᠢᠨ ᠬᠤᠭᠤᠴᠠᠭᠠᠨ ᠳᠤ ᠬᠢ ᠵᠢᠵᠢᠬᠦᠷᠯᠡᠬᠦ ᠪᠠ ᠴᠢᠮᠡᠭᠡ ᠵᠠᠩᠭᠢ ᠶᠢ ᠲᠡᠪᠰᠢᠬᠦᠯᠬᠦ ᠵᠡᠷᠬᠡ  ᠶᠢ ᠤᠳᠤᠬᠠᠨ ᠤ ᠴᠢᠬᠤᠯᠨ ᠡᠬᠦᠷᠬᠡ ᠪᠤᠯᠭᠠᠨ ᠠᠳᠬᠤᠵᠤ᠂ ᠤᠯᠠᠨ ᠲᠦᠮᠡᠨ ᠳᠤ ᠠᠶᠤᠯᠬᠦᠢ᠂ ᠨᠡᠩ ᠦᠨᠳᠤᠷ ᠴᠢᠨᠰᠠᠭ᠎ᠠ ᠲᠠᠢ᠂ ᠨᠡᠩ ᠬᠠᠯᠠᠭᠤᠨ ᠲᠤᠯᠠᠭᠠᠨ ᠲᠠᠶᠢᠯᠭ᠎ᠠ ᠶᠢᠨ ᠦᠢᠯᠡᠴᠢᠯᠡᠭᠡ ᠶᠢ ᠬᠠᠨᠭ᠍ᠭᠠᠬᠤ ᠪᠠᠷ ᠴᠢᠷᠮᠠᠶᠢᠬᠤ ᠬᠡᠷᠡᠭᠳᠡᠢ᠃ ᠬᠤᠷᠠᠯ ᠠᠴᠠ ᠴᠢᠬᠤᠯᠠᠴᠢᠯᠠᠬᠰᠠᠨ ᠨᠢ᠂ ᠡᠯ᠎ᠡ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠳᠡ ᠲᠡᠨᠳᠡ ᠤᠷᠤᠰᠢᠭᠤᠯᠬᠤ ᠲᠤᠰᠬᠠᠢ ᠲᠦᠷᠤᠯ ᠤᠨ ᠴᠡᠭᠴᠡᠯᠡᠨ ᠵᠠᠰᠠᠯᠳᠠ ᠶᠢ ᠡᠮᠬᠢ ᠵᠢᠷᠤᠮ ᠲᠠᠢ ᠯᠠᠪᠳᠠᠭᠤᠨ ᠦᠷᠨᠢᠬᠦᠯᠵᠤ᠂  ᠤᠯᠠᠨ ᠲᠦᠮᠨᠨ ᠤ ᠤᠷᠤᠰᠢᠭᠤᠯᠭ᠎ᠠ ᠶᠢᠨ ᠦᠢᠯᠡᠴᠢᠯᠡᠬᠡᠨ ᠤ ᠬᠡᠷᠡᠭᠴᠡᠭᠡ ᠶᠢ ᠲᠠᠰᠤᠷᠠᠯ ᠦᠬᠡᠢ ᠬᠠᠨᠭ᠍ᠭᠠᠬᠤ ᠬᠡᠷᠡᠭᠳᠡᠢ᠃ ᠤᠷᠤᠰᠢᠭᠤᠯᠭ᠎ᠠ ᠶᠢᠨ ᠰᠠᠭᠤᠷᠢ ᠲᠦᠬᠦᠬᠡᠷᠤᠮᠵᠢ ᠶᠢᠨ ︽ᠬᠤᠭᠤᠰᠤᠨ︾ ᠢ ᠨᠦᠬᠦᠪᠤᠷᠢᠯᠡᠬᠦ  ᠪᠠᠷ ᠭᠤᠤᠯ ᠪᠤᠯᠭᠠᠨ᠂ ᠨᠢᠬᠡᠨᠳᠡ ᠲᠤᠬᠳᠠᠬᠰᠠᠨ ᠲᠦᠷᠤᠯ ᠵᠦᠢᠯ ᠤᠨ ᠪᠠᠷᠢᠯᠭ᠎ᠠ ᠡᠬᠢᠯᠡᠬᠦᠯᠬᠦ ᠬᠡᠷᠡᠭᠳᠡᠢ᠃ ᠤᠯᠠᠨ ᠲᠦᠮᠡᠬᠴᠢ ᠦᠵᠡᠯ ᠰᠠᠨᠠᠭᠠᠨ ᠤ ᠠᠵᠢᠯ ᠢ ᠬᠦᠨᠵᠡᠬᠡᠢ ᠨᠠᠷᠢᠯᠢᠭ ᠰᠠᠶᠢᠳᠤᠷ ᠬᠢᠵᠤ᠂ ᠲᠦᠬᠦᠮ ᠪᠦᠳᠦᠬᠦᠯᠢᠭ᠂ ᠪᠠᠯᠠᠮᠠᠳ ᠠᠭᠠᠰᠢᠯᠠᠵᠤ ᠠᠯᠪᠠ ᠪᠠᠷ ᠠᠬᠢᠭᠤᠯᠬᠤ ᠠᠴᠠ ᠵᠠᠶᠢᠯᠠᠰᠬᠢᠨ᠂ ᠲᠤᠬᠳᠠᠭᠤᠨ ᠪᠤᠰᠤ ᠪᠠᠶᠢᠳᠠᠯ ᠡᠬᠦᠰᠬᠦ ᠠᠴᠠ ᠰᠡᠷᠬᠡᠶᠢᠯᠡᠬᠦ ᠬᠡᠷᠡᠭᠳᠡᠢ᠃ ᠬᠤᠯᠪᠤᠭᠠᠯᠠᠨ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠨᠡᠮᠡᠭᠳᠡᠬᠦ ᠶᠢ ᠡᠷᠡᠰ ᠬᠤᠷᠢᠬᠯᠠᠨ᠂ ᠨᠢᠬᠡ ᠲᠠᠯ᠎ᠠ ᠪᠠᠷ ᠴᠡᠭᠴᠡᠯᠡᠨ᠂ ᠨᠢᠬᠡ ᠲᠠᠯ᠎ᠠ ᠪᠠᠷ ᠪᠠᠶᠢᠭᠤᠯᠬᠤ ᠠᠰᠠᠭᠤᠳᠠᠯ ᠢ ᠲᠠᠰᠤ ᠵᠤᠬᠰᠤᠭᠠᠬᠤ ᠬᠡᠷᠡᠭᠳᠡᠢ᠃      ᠬᠤᠷᠠᠯ ᠲᠡᠬᠡᠷ᠎ᠡ ᠤᠨ ᠤ ᠭᠤᠤᠯᠳᠠᠯᠭ᠎ᠠ ᠲᠠᠢ ᠠᠵᠢᠯ ᠤᠨ ᠡᠬᠦᠷᠬᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ᠂  ᠠᠷᠠᠳ ᠤᠨ ᠶᠠᠪᠤᠳᠠᠯ ᠤᠨ ᠰᠢᠰᠲ᠋ᠧᠮ ᠤᠨ ᠠᠶᠤᠯᠬᠦᠢ ᠬᠠᠮᠢᠶᠠᠷᠤᠯᠳᠠ ᠶᠢ ᠴᠢᠩᠭᠠᠳᠬᠠᠬᠤ᠂ ᠨᠠᠮ ᠤᠨ ᠰᠤᠷᠤᠯᠴᠠᠯᠭ᠎ᠠ ᠬᠦᠮᠦᠵᠢᠯ ᠤᠨ ᠠᠵᠢᠯ ᠢ ᠰᠠᠶᠢᠳᠤᠷ ᠦᠷᠨᠢᠬᠦᠯᠬᠦ ᠲᠤᠬᠠᠢ ᠱᠠᠭᠠᠷᠳᠠᠯᠭ᠎ᠠ ᠲᠠᠯᠪᠢᠵᠠᠢ᠃ ᠡᠯ᠎ᠡ ᠱᠠᠳᠤᠨ  ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠯᠤᠰ ᠲᠦᠷᠤ ᠶᠢᠨ ᠵᠤᠬᠰᠤᠯᠳᠠ ᠪᠠᠨ ᠲᠡᠭᠡᠭᠰᠢᠯᠡᠬᠦᠯᠵᠤ᠂ ᠤᠯᠤᠰ ᠲᠦᠷᠤ ᠪᠠᠷ ᠬᠦᠳᠤᠯᠤᠬᠦᠯᠬᠦ ᠶᠢ ᠪᠠᠷᠢᠮᠳᠠᠯᠠᠨ᠂ ᠤᠯᠤᠰ ᠲᠦᠷᠤ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠳᠡ ᠶᠢᠨ ᠱᠠᠳᠤ ᠶᠢ ᠤᠨᠤᠪᠴᠢᠳᠠᠢ ᠡᠵᠡᠮᠳᠡᠨ᠂ ᠰᠢᠨ᠎ᠡ ᠬᠦᠭᠵᠢᠯᠳᠡ ᠶᠢᠨ ᠤᠶᠢᠯᠠᠭᠠᠬᠳᠠᠬᠤᠨ ᠢ ᠬᠦᠨᠵᠡᠬᠡᠢ ᠲᠤᠭᠤᠰᠢᠯᠠᠭᠤᠯᠤᠨ᠂ ᠬᠦᠳᠡᠯᠤᠩᠬᠦᠢ ᠦᠢᠯᠡᠴᠢᠯᠡᠭᠡ ᠶᠢ ᠰᠢᠨ᠎ᠡ ᠬᠦᠭᠵᠢᠯᠳᠡ ᠶᠢᠨ ᠪᠠᠶᠢᠳᠠᠯ ᠳᠤ ᠨᠡᠪᠴᠢᠬᠦᠯᠬᠦ ᠬᠡᠷᠡᠭᠳᠡᠢ᠃ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠬᠠᠬᠤ ᠴᠢᠳᠠᠪᠤᠷᠢ ᠂ ᠤᠯᠤᠰ ᠲᠦᠷᠤ ᠶᠢᠨ ᠬᠡᠷᠡᠭᠵᠢᠬᠦᠯᠬᠦ ᠴᠢᠳᠠᠪᠤᠷᠢ ᠶᠢ ᠲᠠᠰᠤᠷᠠᠯ ᠦᠬᠡᠢ ᠲᠡᠭᠡᠭᠰᠢᠯᠡᠬᠦᠯᠤᠨ᠂ ᠴᠢᠩᠭ᠎ᠠ ᠬᠠᠷᠢᠭᠤᠴᠠᠯᠭᠠᠳᠤ ᠰᠡᠳᠬᠢᠯᠬᠡ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠ ᠦᠨᠳᠤᠰᠤᠨ ᠠᠴᠠ  ᠨᠢ ᠪᠠᠳᠤᠯᠠᠬᠰᠠᠨ ᠦᠷ᠎ᠡ ᠪᠦᠳᠦᠬᠡᠯ ᠢ ᠪᠠᠳᠤᠳᠬᠠᠨ ᠦᠷᠬᠡᠳᠬᠡᠬᠦ ᠪᠤᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠠᠢ ᠪᠦᠳᠦᠮᠵᠢᠳᠡᠢ ᠪᠠᠷ ᠠᠮᠨ ᠰᠡᠬᠡᠷ ᠢ ᠨᠢ ᠵᠤᠯᠭᠠᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠬᠡᠷ ᠲᠤ ᠪᠠᠨ ᠰᠠᠭᠤᠵᠤ ᠠᠰᠠᠷᠠᠬᠤ ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠶᠢ ᠲᠦᠷᠬᠡᠳᠬᠡᠨ᠂ ᠠᠳᠡ ᠲᠡᠨᠳᠡ ᠦᠬᠡᠢ ᠤᠷᠤᠰᠢᠭᠤᠯᠬᠤ ᠲᠤᠰᠬᠠᠢ ᠲᠦᠷᠤᠯ ᠤᠨ ᠴᠡᠭᠴᠡᠯᠡᠨ ᠵᠠᠰᠠᠯᠳᠠ ᠶᠢ ᠡᠮᠬᠢ ᠵᠢᠷᠤᠮ ᠲᠠᠢ ᠯᠠᠪᠳᠠᠭᠤᠨ ᠠᠬᠢᠭᠤᠯᠵᠤ᠂ ᠬᠠᠤᠯᠢ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠳᠤ ᠬᠦᠴᠤᠳᠡᠢ ᠴᠤᠬᠢᠯᠳᠠ ᠦᠭᠴᠤ ᠴᠡᠭᠴᠡᠯᠡᠨ᠂ ᠨᠡᠶᠢᠬᠡᠮ ᠤᠨ ᠠᠵᠢᠯ ᠤᠨ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠤ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠡᠬᠦᠯᠴᠢ ᠶᠢᠨ ᠠᠵᠢᠯ ᠢ ᠰᠠᠶᠢᠳᠤᠷ ᠬᠢᠨ᠂ ᠠᠷᠠᠳ ᠤᠨ ᠶᠠᠪᠤᠳᠠᠯ  ᠤᠨ ᠬᠦᠷᠢᠶ᠎ᠡ ᠴᠠᠷᠠᠭ᠎ᠠ ᠳᠤ ᠬᠢ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠠᠵᠢᠯ ᠢ ᠢᠳᠡᠪᠬᠢᠳᠡᠢ ᠦᠷᠨᠢᠬᠦᠯᠤᠨ᠂ ᠨᠠᠮ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠤ ᠠᠷᠠᠳ ᠲᠦᠮᠡᠨ ᠳᠤ ᠦᠢᠯᠡᠴᠢᠯᠡᠬᠦ ᠦᠨᠳᠤᠷ ᠴᠢᠨᠰᠠᠭ᠎ᠠ ᠲᠠᠢ ᠦᠢᠯᠡᠴᠢᠯᠡᠭᠡ ᠪᠤᠯᠭᠠᠨ ᠤᠯᠠᠷᠢᠭᠤᠯᠵᠤ᠂ ᠠᠷᠠᠳ ᠤᠯᠠᠨ ᠤ ᠵᠤᠯ ᠵᠢᠷᠭᠠᠯᠳᠤ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠪᠠ ᠠᠮᠤᠷ ᠲᠠᠶᠢᠪᠤᠡᠭ ᠲᠦᠷᠦᠭᠳᠡᠯ ᠢ ᠲᠠᠰᠤᠷᠠᠯ ᠦᠬᠡᠢ ᠨᠡᠮᠡᠭᠳᠡᠬᠦᠯᠤᠨ᠂ ᠠᠷᠠᠳ ᠤᠨ ᠶᠠᠪᠤᠳᠠᠯ ᠤᠨ ᠦᠢᠯᠡᠰ ᠤᠨ ᠦᠨᠳᠤᠷ ᠴᠢᠨᠰᠠᠭ᠎ᠠ ᠲᠠᠢ ᠬᠦᠭᠵᠢᠯᠳᠡ ᠶᠢ ᠪᠡᠶᠡᠯᠡᠬᠦᠯᠬᠦ ᠶᠢ ᠠᠬᠢᠭᠤᠯᠬᠤ ᠬᠡᠷᠡᠭᠳᠡᠢ ᠭᠡᠵᠤ ᠲᠤᠳᠤᠷᠬᠠᠶᠢᠯᠠᠵᠠᠢ᠃ ᠡᠯ᠎ᠡ ᠱᠠᠳᠤᠨ ᠤ ᠠᠷᠠᠳ ᠤᠨ ᠶᠠᠪᠤᠳᠠᠯ ᠰᠠᠯᠠᠭ᠎ᠠ ᠮᠦᠴᠢᠷ ᠢ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠬᠢᠵᠢᠭ ᠢ ᠰᠡᠷᠬᠡᠶᠢᠯᠡᠬᠦ ᠠᠵᠢᠯ ᠢ ᠰᠠᠶᠢᠳᠤᠷ ᠠᠳᠬᠤᠵᠤ᠂ ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠪᠠ ᠠᠷᠠᠳ ᠤᠨ ᠶᠠᠪᠤᠳᠠᠯ ᠤᠨ ᠦᠢᠯᠡᠴᠢᠯᠡᠬᠦ ᠡᠳᠡᠬᠡᠳ ᠢ ᠭᠤᠤᠯᠳᠠᠯᠭ᠎ᠠ ᠪᠤᠯᠭᠠᠬᠤ  ᠶᠢᠨ ᠲᠤᠭᠤᠷᠢᠨ ᠳᠤ ᠡᠵᠡᠮᠳᠡᠨ ᠬᠠᠮᠢᠶᠠᠷᠬᠤ ᠠᠷᠭ᠎ᠠ ᠪᠠᠷᠢᠯ ᠪᠠ ᠠᠯᠬᠤᠮ ᠲᠠᠷᠠᠭ᠎ᠠ ᠶᠢ ᠲᠦᠷᠤᠯ ᠬᠤᠪᠢᠶᠠᠨ ᠨᠠᠶᠢᠳᠠᠪᠤᠷᠢᠵᠢᠭᠤᠯᠤᠨ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠲᠤᠪᠤᠶᠢᠮ᠎ᠠ ᠲᠤᠭᠤᠰᠢᠯᠠᠭᠤᠯᠵᠤ᠂ ︽ᠲᠠᠪᠤᠨ ᠪᠠᠶᠢᠬᠤ︾ ᠶᠢ ᠬᠢᠬᠦ ᠶᠢ ᠪᠠᠳᠤᠯᠠᠨ᠂ ᠠᠵᠢᠯ ᠢᠶᠠᠨ ᠨᠠᠷᠢᠯᠢᠭ ᠪᠤᠳᠠᠳᠠᠢ ᠬᠢᠵᠤ᠂ ᠬᠢᠵᠢᠭ ᠢ ᠰᠡᠷᠬᠡᠶᠢᠯᠡᠬᠦ ᠠᠵᠢᠯ  ᠤᠨ ᠶᠡᠷᠤ ᠪᠤᠰᠤ ᠦᠷ᠎ᠡ ᠪᠦᠳᠦᠬᠡᠯ ᠢ ᠪᠠᠳᠤᠳᠬᠠᠬᠤ ᠬᠡᠷᠡᠭᠳᠡᠢ᠃ ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠶᠤᠯᠬᠦᠢ ᠬᠠᠮᠢᠶᠠᠷᠤᠯᠳᠠ ᠶᠢ ᠴᠢᠩᠭᠠᠳᠬᠠᠵᠤ᠂ ᠡᠯ᠎ᠡ ᠵᠦᠢᠯ ᠤᠨ ᠠᠶᠤᠯᠬᠦᠢ ᠬᠠᠮᠢᠶᠠᠷᠤᠯᠳᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠴᠢᠬᠤᠯᠨ ᠶᠡᠭᠡ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠠᠷᠭ᠎ᠠ ᠶᠢ ᠲᠡᠬᠦᠯᠳᠡᠷᠵᠢᠬᠦᠯᠤᠨ᠂ ᠠᠵᠢᠯ ᠤᠨ ᠤᠨᠤᠪᠴᠢᠳᠠᠢ ᠲᠦᠪᠰᠢᠨ ᠢ ᠴᠢᠷᠮᠠᠶᠢᠨ ᠲᠡᠭᠡᠭᠰᠢᠯᠡᠬᠦᠯᠵᠤ᠂ ᠨᠡᠶᠢᠬᠡᠮ ᠤᠨ ᠶᠤᠰᠤ ᠰᠤᠷᠳᠠᠬᠤᠨ ᠤ ᠬᠢᠵᠠᠭᠠᠷ ᠪᠠ ᠰᠡᠳᠬᠢᠴᠨ ᠶᠢᠨ ᠬᠢᠵᠠᠭᠠᠷ ᠢ ᠲᠠᠪᠠᠭᠰᠠᠨ ᠬᠡᠷᠡᠭ ᠡᠬᠦᠰᠬᠦ ᠶᠢ ᠡᠷᠡᠰ ᠬᠤᠷᠢᠬᠯᠠᠬᠤ ᠬᠡᠷᠡᠭᠳᠡᠢ ᠭᠡᠵᠤ ᠱᠠᠭᠠᠷᠳᠠᠪᠠ᠃     ᠠᠷᠠᠳ ᠤᠨ ᠶᠠᠪᠤᠳᠠᠯ ᠤᠨ ᠲᠦᠷᠤᠯ ᠵᠦᠢᠯ ᠤᠨ ᠪᠡᠯᠨ ᠮᠦᠡᠭᠭᠦ ᠶᠢᠨ ᠠᠮᠤᠷ ᠲᠦᠪᠰᠢᠨ ᠢ ᠪᠠᠳᠤᠯᠠᠵᠤ᠂ ᠪᠡᠯᠨ ᠮᠦᠡᠭᠭᠦ ᠶᠢ ᠬᠡᠷᠡᠭᠯᠡᠬᠦ᠂ ᠲᠦᠷᠤᠯ ᠵᠦᠢᠯ ᠤᠨ ᠬᠠᠮᠢᠶᠠᠷᠤᠯᠳᠠ ᠵᠡᠷᠬᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢ ᠬᠢᠵᠠᠭᠠᠷᠯᠠᠨ ᠬᠢᠨᠠᠨ ᠬᠠᠮᠢᠶᠠᠷᠬᠤ ᠪᠠᠨ ᠴᠢᠩᠭᠠᠳᠬᠠᠨ᠂ ᠲᠦᠭᠰᠢᠬᠦᠷᠢ ᠶᠢ ᠤᠷᠢᠳᠴᠢᠯᠡᠨ ᠰᠡᠷᠡᠮᠵᠢᠯᠡᠬᠦᠯᠬᠦ ᠪᠠ ᠰᠡᠷᠬᠡᠶᠢᠯᠡᠨ ᠠᠷᠢᠯᠭᠠᠬᠤ ᠲᠤᠬᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠲᠦᠷᠢᠮ ᠢᠶᠠᠷ ᠠᠵᠢᠯ ᠲᠦᠷᠢᠮᠵᠢᠬᠦᠯᠬᠦ ᠶᠢ ᠪᠠᠷᠢᠮᠳᠠᠯᠠᠨ᠂ ᠠᠵᠢᠯ ᠤᠨ ᠪᠠᠶᠢᠷᠢ ᠳᠤ ᠪᠠᠨ ᠬᠠᠷᠢᠭᠤᠴᠠᠬᠤ ᠬᠡᠷᠡᠭᠳᠡᠢ᠃ ᠬᠢᠯᠢ ᠬᠢᠵᠠᠭᠠᠷ ᠤᠷᠤᠨ ᠤ ᠠᠮᠤᠷ ᠲᠦᠪᠰᠢᠨ ᠲᠤᠬᠳᠠᠭᠤᠨ ᠢ ᠰᠠᠶᠢᠳᠤᠷ ᠠᠳᠬᠤᠵᠤ᠂ ᠡᠳᠤᠷ ᠲᠤᠳᠤᠮ ᠤᠨ ᠬᠠᠮᠢᠶᠠᠷᠤᠯᠳᠠ ᠪᠠᠨ ᠴᠢᠩᠭᠠᠳᠬᠠᠨ᠂ ᠪᠠᠶᠢᠳᠠᠯ ᠢ ᠴᠠᠭ ᠲᠠᠷᠤᠢ ᠳᠤ ᠨᠢ ᠡᠵᠡᠮᠳᠡᠨ᠂ ᠮᠡᠳᠡᠬᠦᠯᠬᠦ ᠲᠦᠷᠢᠮ ᠢ ᠴᠢᠩᠭ᠎ᠠ ᠬᠡᠷᠡᠭᠵᠢᠬᠦᠯᠵᠤ᠂ ᠠᠰᠠᠭᠤᠳᠠᠯ ᠭᠠᠷᠬᠤ ᠦᠬᠡᠢ ᠶᠢ ᠪᠠᠳᠤᠯᠠᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠶᠠᠪᠤᠳᠠᠯ  ᠤᠨ ᠰᠠᠯᠠᠭ᠎ᠠ ᠮᠦᠴᠢᠷ ᠲᠦᠪ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠤᠨᠤᠪᠴᠢᠳᠠᠢ ᠡᠵᠡᠮᠳᠡᠨ᠂ ᠡᠷᠳᠡ ᠠᠴᠠ ᠭᠠᠷ ᠤᠷᠤᠵᠤ ᠰᠤᠳᠤᠯᠤᠨ ᠤᠬᠠᠭᠠᠯᠠᠵᠤ᠂ ᠤᠨᠴᠠᠭᠠᠶᠢᠯᠠᠨ ᠠᠷᠠᠳ ᠤᠨ ᠶᠠᠪᠤᠳᠠᠯ ᠤᠨ ᠠᠵᠢᠯ ᠤᠨ ᠪᠤᠳᠠᠳᠠᠢ ᠪᠠ ᠠᠷᠠᠳ ᠤᠨ ᠶᠠᠪᠤᠳᠠᠯ ᠤᠨ ᠦᠢᠯᠡᠴᠢᠯᠡᠬᠦ ᠡᠳᠡᠬᠡᠳ ᠤᠨ ᠬᠢᠨ ᠤ ︽ᠲᠤᠯᠭᠠᠮ ᠬᠦᠴᠢᠷ ᠰᠠᠨᠠᠭᠠᠰᠢᠷᠠᠯ ᠪᠠᠷᠠᠯᠠᠯ︾ ᠠᠴᠠ ᠡᠬᠦᠰᠤᠨ᠂ ︽ᠪᠢ ᠤᠯᠠᠨ ᠲᠦᠮᠡᠨ ᠳᠤ ᠪᠤᠳᠠᠳᠠᠢ ᠶᠠᠪᠤᠳᠠᠯ ᠬᠢᠵᠤ ᠦᠭᠭᠦ︾ ᠦᠢᠯᠡᠳᠤᠯᠬᠡ ᠶᠢᠨ ᠠᠵᠢᠯᠯᠠᠭᠠᠨ ᠢ ᠰᠠᠶᠢᠳᠤᠷ ᠦᠷᠨᠢᠬᠦᠯᠵᠤ ᠂ ︽ᠠᠷᠠᠳ ᠤᠨ ᠶᠠᠪᠤᠳᠠᠯ ᠠᠷᠠᠳ ᠤᠨ ᠲᠦᠯᠦᠬᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠨ᠎ᠠ︾ ᠬᠡᠮᠡᠬᠦ ᠤᠶᠢᠯᠠᠭᠠᠬᠳᠠᠬᠤᠨ ᠢ ᠬᠦᠢᠴᠡᠳ ᠦᠢᠯᠡᠳᠤᠯᠬᠡᠵᠢᠬᠦᠯᠤᠨ᠂ ᠭᠤᠤᠯ ᠰᠡᠳᠤᠪᠳᠤ ᠦᠢᠯᠡᠳᠤᠯᠬᠡ ᠶᠢᠨ ᠠᠵᠢᠯᠯᠠᠭᠠᠨ ᠤ ᠦᠷ᠎ᠡ ᠪᠦᠳᠦᠬᠡᠯ ᠢᠶᠠᠷ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠦᠷ᠎ᠡ ᠪᠦᠳᠦᠬᠡᠯ ᠢ ᠪᠠᠳᠤᠯᠠᠬᠤ ᠬᠡᠷᠡᠭᠳᠡᠢ ᠭᠡᠵᠤ ᠱᠠᠭᠠᠷᠳᠠᠯ᠎ᠠ᠃     ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠠᠯᠪᠠᠨ ᠲᠡᠬᠡᠷ᠎ᠡ ᠪᠠᠨ ᠪᠠᠶᠢᠭ᠎ᠠ ᠲᠢᠩᠭᠢᠮ ᠤᠨ ᠤᠳᠤᠷᠢᠳᠤᠯᠭ᠎ᠠ᠂ ᠡᠯ᠎ᠡ ᠭᠠᠵᠠᠷ ᠲᠠᠰᠤᠭ ︵ᠲᠤᠪᠴᠢᠶ᠎ᠠ︶ ᠶᠢᠨ ᠭᠠᠵᠠᠷ ᠤᠨ ᠲᠠᠷᠤᠭ᠎ᠠ᠂ ᠭᠠᠵᠠᠷ ᠤᠨ ᠲᠡᠳ᠋ ᠲᠠᠷᠤᠭ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠤᠳᠤᠷᠢᠳᠬᠤ ᠪᠠᠭ ᠤᠨ ᠪᠦᠷᠢᠯᠳᠤᠬᠦᠨ᠂ ᠡᠯ᠎ᠡ ᠠᠶᠢᠮᠠᠭ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠲᠠᠷᠤᠭ᠎ᠠ᠂ ᠬᠤᠪᠢᠳᠠᠨ ᠬᠠᠮᠢᠶᠠᠷᠬᠤ ᠲᠤᠪᠴᠢᠶᠠᠨ ᠲᠠᠷᠤᠭ᠎ᠠ᠂ ᠬᠠᠮᠢᠶ᠎ᠠ ᠪᠦᠬᠦᠢ ᠲᠤᠬᠠᠶᠢᠯᠠᠬᠰᠠᠨ ᠠᠵᠢᠯ ᠰᠠᠯᠠᠭᠠᠨ ᠤ ᠲᠠᠷᠤᠭ᠎ᠠ ᠨᠠᠷ ᠬᠤᠷᠠᠯ ᠳᠤ ᠤᠷᠤᠯᠴᠠᠪᠠ᠃
 
ᠢᠷᠡᠯᠲᠡ᠄ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号