| | 3 ᠳ᠋ᠤᠭᠠᠷ ᠰᠠᠷ᠎ᠠ ᠶᠢᠨ 27 ᠤ ᠡᠳᠤᠷ᠂ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ | ᠲᠤᠭᠤᠶᠢᠯᠠᠩ ᠰᠢᠪᠠᠢ ᠫᠦᠸᠧ ᠳᠤ ᠬᠦᠷᠴᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠦᠷᠨᠢᠬᠦᠯᠤᠨ᠂ | ᠬᠠᠮᠳᠤ ᠪᠠᠷ ᠢᠶᠠᠨ ᠲᠠᠪᠤᠨ ᠶᠡᠭᠡ ᠱᠦᠵᠢ ᠶᠢᠨ ᠵᠡᠰ ᠬᠦᠷᠦᠭ ᠢ ᠪᠠᠷᠠᠯᠠᠨ ᠨᠠᠮ ᠳᠤ ᠤᠷᠤᠬᠤ ᠲᠠᠩᠭᠠᠷᠢᠭ ᠢᠶᠠᠨ ᠲᠠᠬᠢᠨ | ᠲᠠᠪᠳᠠᠵᠤ᠂ ᠰᠢ ᠪᠠᠢ ᠫᠦᠸᠧ ᠶᠢᠨ ᠲᠤᠷᠠᠰᠬᠠᠯ ᠤᠨ ᠤᠷᠳᠤᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ | ᠲᠦᠪ ᠬᠤᠷᠢᠶᠠᠨ ᠤ ᠬᠠᠭᠤᠴᠢᠨ ᠪᠠᠭᠤᠷᠢ ᠪᠤᠯᠤᠨ ᠨᠠᠮ ᠤᠨ ᠨᠢᠭᠤᠴᠨ ᠪᠠᠶᠢᠯᠳᠤᠬᠤ ᠱᠤᠭᠤᠮ ᠲᠠᠶᠢᠰᠤᠨ ᠲᠠᠢ | ᠲᠡᠮᠡᠴᠡᠯ ᠦᠷᠨᠢᠬᠦᠯᠦᠭᠰᠡᠨ ᠦᠵᠡᠬᠦᠯᠤᠯᠬᠡ ᠶᠢ ᠲᠤᠭᠤᠷᠢᠨ ᠦᠵᠡᠵᠤ᠂ ︽ᠰᠢᠨ᠎ᠡ ᠲᠤᠮᠳᠠᠳᠤ ᠤᠯᠤᠰ ᠠᠳᠡ ᠠᠴᠠ | ᠢᠷᠡᠪᠡ︾ ᠬᠡᠮᠡᠬᠦ ᠲᠤᠰᠬᠠᠢ ᠹᠢᠯᠢᠮ ᠢ ᠬᠠᠮᠳᠤ ᠪᠠᠷ ᠰᠤᠨᠢᠷᠬᠠᠵᠠᠢ᠃ ᠲᠤᠬᠠᠢ ᠶᠢᠨ ᠲᠠᠯᠠᠪᠠᠢ ᠳᠤ | ᠬᠤᠷᠠᠯᠳᠤᠭᠤᠯᠤᠬᠰᠠᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠦᠷᠨᠢᠬᠦᠯᠦᠭᠰᠡᠨ ᠪᠦᠬᠡᠳ ᠤᠨᠤᠯ ᠤᠨ | ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ︵ᠦᠷᠬᠡᠳᠬᠡᠭᠰᠡᠨ︶ ᠶᠡᠭᠡ ᠬᠤᠷᠠᠯ ᠲᠡᠬᠡᠷ᠎ᠡ ᠶᠠᠮᠤᠨ ᠤ ᠪᠠᠶᠢᠭᠤᠯᠭ᠎ᠠ | ᠶᠢᠨ ᠬᠠᠮᠢᠶ᠎ᠠ ᠪᠦᠬᠦᠢ ᠵᠤᠷᠭᠠᠨ ᠲᠤᠪᠴᠢᠶ᠎ᠠ᠂ ᠪᠠᠶᠢᠭᠤᠯᠭ᠎ᠠ ᠪᠠ ᠾᠧᠪᠸᠢ ᠮᠤᠵᠢ ᠶᠢᠨ ᠠᠷᠠᠳ ᠤᠨ ᠶᠠᠪᠤᠳᠠᠯ ᠤᠨ | ᠲᠢᠩᠬᠢᠮ ᠪᠤᠯᠤᠨ ᠶᠠᠮᠤᠨ ᠤ ᠵᠠᠯᠠᠭᠤᠴᠤᠤᠨ ᠤᠨ ᠤᠨᠤᠯ ᠤᠨ ᠰᠤᠷᠤᠯᠴᠠᠯᠭ᠎ᠠ ᠶᠢᠨ ᠵᠢᠱᠢᠶ᠎ᠡ ᠦᠵᠡᠬᠦᠯᠬᠦ ᠲᠤᠭᠤᠶᠢᠯᠠᠩ | ᠤᠨ ᠬᠠᠷᠢᠭᠤᠴᠠᠯᠭᠠᠳᠠᠨ ᠨᠦᠬᠦᠳ ᠪᠠ ᠲᠦᠯᠦᠬᠡᠯᠡᠭᠴᠢ ᠲᠤᠬᠠᠢ ᠶᠢᠨ ᠲᠠᠯᠠᠪᠠᠢ ᠳᠤ ᠰᠤᠷᠤᠯᠴᠠᠬᠰᠠᠨ ᠲᠠᠨᠢᠯᠳᠠ | ᠤᠶᠢᠯᠠᠭᠠᠯᠳᠠ ᠲᠠᠢ ᠪᠠᠨ ᠤᠶᠠᠯᠳᠤᠭᠤᠯᠵᠤ ᠰᠤᠷᠤᠯᠴᠠᠨ ᠰᠤᠯᠢᠯᠴᠠᠪᠠ᠃ ᠠᠷᠠᠳ ᠤᠨ ᠶᠠᠪᠤᠳᠠᠯ ᠤᠨ ᠶᠠᠮᠤᠨ ᠤ ᠨᠠᠮ | ᠤᠨ ᠤᠳᠤᠷᠢᠳᠬᠤ ᠲᠤᠭᠤᠶᠢᠯᠠᠩ ᠤᠨ ᠱᠦᠵᠢ᠂ ᠶᠠᠮᠤᠨ ᠤ ᠲᠠᠷᠤᠭ᠎ᠠ ᠯᠢ ᠵᠢᠢ ᠾᠸᠡᠭ ᠨᠦᠬᠦᠷ ᠬᠤᠷᠠᠯ ᠡᠷᠬᠢᠯᠡᠵᠤ᠂ | ᠰᠢ ᠶᠢᠨ ᠫᠢᠡᠭ ᠶᠡᠷᠤᠩᠭᠡᠢ ᠱᠦᠵᠢ ᠶᠢᠨ ᠹᠦᠵᠢᠶᠠᠨ ᠳᠤ ᠠᠵᠢᠯ ᠪᠠᠶᠢᠴᠠᠭᠠᠬᠤ ᠳᠤ ᠪᠠᠨ ᠵᠢᠭᠠᠪᠤᠷᠢᠯᠠᠬᠰᠠᠨ ᠨᠠᠮ ᠤᠨ | ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠲᠤᠬᠠᠢ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ | ᠲᠠᠮᠵᠢᠭᠤᠯᠤᠬᠰᠠᠨ ᠪᠦᠬᠡᠳ ᠳ᠋ᠦᠡᠭᠨᠡᠯᠳᠡ ᠶᠢᠨ ᠶᠠᠷᠢᠶ᠎ᠠ ᠲᠠᠯᠪᠢᠵᠠᠢ᠃ | ᠬᠤᠷᠠᠯ ᠠᠴᠠ ᠵᠢᠭᠠᠬᠰᠠᠨ ᠨᠢ᠂ ᠰᠢ ᠪᠠᠢ ᠫᠦᠸᠧ ᠪᠤᠯ ᠬᠤᠪᠢᠰᠬᠠᠯ ᠤᠨ ᠠᠷᠢᠭᠤᠨ ᠭᠤᠯᠤᠮᠳᠠ᠂ ᠮᠠᠨ ᠤ ᠨᠠᠮ | ᠪᠸᠶᠢᠫᠢᠡᠭ ᠳᠤ ᠤᠷᠤᠵᠤ᠂ ᠪᠦᠬᠦ ᠤᠯᠤᠰ ᠢ ᠴᠢᠯᠦᠭᠡᠯᠡᠭᠰᠡᠨ ᠬᠠᠮᠤᠭ ᠰᠡᠬᠦᠯᠴᠢ ᠶᠢᠨ ᠬᠦᠳᠡᠭᠡ ᠲᠤᠰᠬᠤᠨ ᠤ | ᠵᠢᠯᠤᠭᠤᠳᠬᠤ ᠭᠠᠵᠠᠷ ᠮᠥᠨ᠂ ᠨᠠᠮ ᠤᠨ ᠲᠦᠪ ᠬᠤᠷᠢᠶ᠎ᠠ ᠪᠠ ᠮᠠᠤ ᠲᠡᠷᠢᠬᠦᠯᠡᠭᠴᠢ ᠠᠳᠡ ᠭᠤᠷᠪᠠᠨ ᠶᠡᠭᠡ | ᠲᠠᠶᠢᠯᠠᠯᠳᠤᠭᠠᠨ ᠢ ᠵᠢᠯᠤᠭᠤᠳᠴᠤ᠂ ᠪᠦᠬᠦᠳᠡ ᠨᠠᠶᠢᠷᠠᠮᠳᠠᠬᠤ ᠲᠤᠮᠳᠠᠳᠤ ᠤᠯᠤᠰ ᠤᠨ ᠦᠤᠷ ᠤᠨ ᠲᠤᠶᠠᠭ᠎ᠠ ᠶᠢ | ᠤᠬᠳᠤᠨ ᠠᠪᠴᠢᠷᠠᠵᠠᠢ᠃ ᠠᠳᠡ᠂ ᠮᠠᠤ ᠽᠧ ᠳ᠋ᠦᠡᠭ ᠨᠦᠬᠦᠷ ᠪᠦᠬᠦ ᠨᠠᠮ ᠳᠤ ︽ᠬᠤᠶᠠᠷ ᠡᠷᠬᠡᠪᠰᠢ︾ ᠪᠤᠯᠤᠨ ︽ | ᠨᠡᠶᠢᠰᠯᠡᠯ ᠤᠷᠤᠵᠤ ᠰᠢᠯᠭᠠᠯᠭᠠᠨ ᠳᠤ ᠠᠮᠵᠢᠬᠤᠢ︾ ᠬᠡᠮᠡᠬᠦ ᠠᠯᠳᠠᠷᠳᠤ ᠤᠨᠤᠯᠳᠠ ᠪᠠᠨ ᠲᠤᠷᠠᠳᠴᠠᠢ᠃ ᠡᠨᠡ ᠬᠡᠰᠡᠭ | ᠬᠤᠪᠢᠰᠬᠠᠯᠴᠢ ᠲᠡᠤᠬᠡ ᠳᠤ ᠨᠢᠬᠳᠠᠷᠠᠬᠰᠠᠨ ᠠᠭᠤᠤ ᠶᠡᠭᠡ ᠰᠢ ᠪᠠᠢ ᠫᠦᠸᠧ ᠶᠢᠨ ᠵᠤᠷᠢᠭ ᠰᠠᠨᠠᠭ᠎ᠠ ᠪᠤᠯ ᠲᠤᠮᠳᠠᠳᠤ | ᠤᠯᠤᠰ ᠤᠨ ᠡᠪ ᠬᠠᠮᠳᠤ ᠨᠠᠮ ᠬᠢᠨ ᠤ ᠬᠤᠪᠢᠰᠬᠠᠯ ᠤᠨ ᠴᠠᠭ ᠦᠶ᠎ᠡ ᠳᠤ ᠴᠤᠬᠴᠠᠯᠠᠬᠰᠠᠨ ᠵᠤᠷᠢᠭ ᠰᠠᠨᠠᠭᠠᠨ ᠤ | ᠬᠡᠷᠡᠯᠳᠤ ᠬᠦᠰᠢᠶ᠎ᠡ᠂ ᠮᠠᠨ ᠤ ᠨᠠᠮ ᠤᠨ ᠬᠤᠪᠤᠷ ᠨᠠᠨᠳᠢᠨ ᠦᠪ ᠬᠦᠷᠤᠩᠭᠡ᠂ ᠨᠡᠩ ᠴᠦ ᠮᠠᠨ ᠢ ᠦᠷᠬᠦᠯᠵᠢᠯᠡᠨ | ᠲᠡᠮᠡᠴᠡᠬᠦ ᠳᠤ ᠤᠷᠮᠠᠰᠢᠭᠤᠯᠤᠯ ᠪᠤᠯᠬᠤ ᠵᠤᠷᠢᠭ ᠰᠠᠨᠠᠭᠠᠨ ᠤ ᠬᠦᠴᠤᠷᠬᠡᠭ ᠬᠦᠴᠤᠨ ᠮᠥᠨ᠃ ᠰᠢᠨ᠎ᠡ ᠴᠠᠭ ᠦᠶ᠎ᠡ ᠳᠤ | ᠤᠷᠤᠬᠰᠠᠨ ᠴᠦ ᠡᠨᠡ ︽ᠰᠢᠯᠭᠠᠯᠳᠠ︾ ᠮᠥᠨ ᠦᠷᠬᠦᠯᠵᠢᠯᠡᠭᠰᠡᠬᠡᠷ᠃ ᠠᠷᠠᠳ ᠤᠨ ᠶᠠᠪᠤᠳᠠᠯ ᠤᠨ ᠰᠢᠰᠲ᠋ᠧᠮ ᠤᠨ | ᠨᠠᠮ ᠤᠨ ᠬᠡᠰᠢᠬᠦᠨ ᠺᠠᠳ᠋ᠷᠴᠤᠳ ᠰᠢ ᠪᠠᠢ ᠫᠦᠸᠧ ᠶᠢᠨ ᠵᠤᠷᠢᠭ ᠰᠠᠨᠠᠭ᠎ᠠ ᠶᠢ ᠵᠠᠪᠠᠯ ᠪᠠᠳᠠᠷᠠᠭᠤᠯᠤᠨ᠂ ᠲᠠᠷᠤᠤ | ᠪᠤᠯᠭᠤᠮᠵᠢᠳᠠᠢ᠂ ᠤᠮᠤᠷᠬᠠᠬᠯᠠᠬᠤ ᠦᠬᠡᠢ ᠪᠠᠴᠢᠮᠳᠠᠬᠤ ᠦᠬᠡᠢ᠂ ᠬᠠᠳᠠᠭᠤᠵᠢᠯᠳᠠᠢ ᠲᠡᠮᠡᠴᠡᠬᠦ ᠰᠤᠷᠳᠠᠯ ᠢ ᠵᠠᠪᠠᠯ | ᠪᠠᠳᠤᠯᠠᠵᠤ᠂ ᠰᠢᠨ᠎ᠡ ᠴᠠᠭ ᠦᠶ᠎ᠡ ᠶᠢᠨ ︽ᠰᠢᠯᠭᠠᠯᠳᠠ ᠳᠤ ᠠᠮᠵᠢᠬᠤ︾ ᠵᠠᠮ ᠢᠶᠠᠷ ᠯᠠᠪᠳᠠᠭᠤᠨ ᠰᠠᠶᠢᠳᠤᠷ ᠶᠠᠪᠤᠵᠤ᠂ | ᠨᠠᠮ᠂ ᠠᠷᠠᠳ ᠲᠦᠮᠡᠨ᠂ ᠲᠡᠤᠬᠡᠨ ᠳᠤ ᠨᠡᠩ ᠰᠢᠯᠢᠳᠡᠭ ᠰᠢᠨ᠎ᠡ ᠬᠠᠷᠢᠭᠤᠯᠳᠠ ᠦᠭᠭᠦ ᠪᠠᠷ ᠮᠡᠷᠡᠶᠢᠬᠦ ᠬᠡᠷᠡᠭᠳᠡᠢ᠃ | ᠬᠤᠷᠠᠯ ᠠᠴᠠ ᠴᠢᠬᠤᠯᠠᠴᠢᠯᠠᠬᠰᠠᠨ ᠨᠢ᠂ ᠰᠢᠨ᠎ᠡ ᠴᠠᠭ ᠦᠶ᠎ᠡ ᠶᠢᠨ ︽ᠰᠢᠯᠭᠠᠯᠳᠠ ᠳᠤ ᠠᠮᠵᠢᠬᠤ︾ ᠵᠠᠮ ᠢᠶᠠᠷ | ᠰᠠᠶᠢᠳᠤᠷ ᠵᠠᠮᠨᠠᠬᠤ ᠳᠤ ᠡᠷᠬᠡᠪᠰᠢ ᠲᠤᠭ ᠲᠡᠮᠳᠡᠭ ᠲᠤᠳᠤᠷᠬᠠᠢ ᠪᠠᠷ ᠤᠯᠤᠰ ᠲᠦᠷᠤ ᠶᠢ ᠡᠷᠬᠢᠮᠯᠡᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠬᠦᠯᠬᠦ ᠬᠡᠷᠡᠭᠳᠡᠢ᠃ ᠰᠢ ᠪᠠᠢ ᠫᠦᠸᠧ ᠪᠤᠯ ᠲᠦᠷᠢᠮ ᠲᠤᠬᠳᠠᠭᠠᠬᠤ ᠭᠠᠵᠠᠷ ᠶᠤᠮ᠂ | ᠨᠠᠮ ᠤᠨ ᠲᠦᠪ ᠬᠤᠷᠢᠶ᠎ᠠ ᠠᠳᠡ ᠠᠴᠠ ︽ᠴᠡᠷᠢᠭ ᠠᠩᠭᠢ ᠤᠷᠤᠬᠰᠢᠯᠠᠪᠠᠯ᠂ ᠦᠢᠯᠡᠳᠪᠤᠷᠢᠯᠡᠯ ᠲᠦᠬᠡ ᠨᠡᠮᠡᠭᠳᠡᠨ᠎ᠡ᠂ | ᠰᠠᠬᠢᠯᠭ᠎ᠠ ᠪᠠᠳᠤᠴᠢ ᠴᠢᠨᠠᠷ ᠢ ᠴᠢᠩᠭᠠᠳᠬᠠᠪᠠᠯ᠂ ᠬᠤᠪᠢᠰᠬᠠᠯ ᠢᠯᠠᠬᠤ ᠦᠬᠡᠢ ᠭᠡᠵᠤ ᠦᠬᠡᠢ︾ ᠬᠡᠮᠡᠬᠦ ᠤᠷᠢᠶ᠎ᠠ ᠶᠢ | ᠲᠠᠷᠬᠠᠭᠠᠵᠤ᠂ ᠭᠤᠶᠤᠴᠢᠯᠠᠵᠤ ᠮᠡᠳᠡᠬᠦᠯᠬᠦ ᠲᠦᠷᠢᠮ ᠵᠡᠷᠬᠡ ᠲᠦᠷᠢᠮ ᠢ ᠪᠠᠶᠢᠭᠤᠯᠵᠤ᠂ ᠨᠠᠮ ᠤᠨ ᠲᠦᠪ ᠬᠤᠷᠢᠶ᠎ᠠ ᠶᠢᠨ | ᠬᠠᠷᠢᠴᠠᠯᠠᠰᠢ ᠦᠬᠡᠢ ᠨᠢᠬᠡᠳᠤᠯᠳᠡᠢ ᠤᠳᠤᠷᠢᠳᠤᠯᠭ᠎ᠠ ᠶᠢ ᠲᠤᠳᠤᠷᠬᠠᠶᠢᠯᠠᠨ᠂ ᠪᠦᠬᠦ ᠨᠠᠮ ᠵᠤᠷᠢᠯᠳᠠ ᠪᠠᠨ ᠨᠢᠬᠡᠳᠬᠡᠬᠦ᠂ | ᠠᠵᠢᠯᠯᠠᠭ᠎ᠠ ᠪᠠᠨ ᠨᠢᠬᠡᠳᠬᠡᠬᠦ ᠳᠤ ᠡᠷᠡᠰ ᠪᠠᠳᠤ ᠪᠠᠳᠤᠯᠠᠭ᠎ᠠ ᠬᠠᠨᠭ᠍ᠭᠠᠵᠠᠢ᠃ ᠠᠷᠠᠳ ᠤᠨ ᠰᠢᠰᠲ᠋ᠧᠮ ᠤᠨ ᠨᠠᠮ ᠤᠨ | ᠬᠡᠰᠢᠬᠦᠨ ᠺᠠᠳ᠋ᠷᠴᠤᠳ ᠲᠤᠭ ᠲᠡᠮᠳᠡᠭ ᠲᠤᠳᠤᠷᠬᠠᠢ ᠪᠠᠷ ᠤᠯᠤᠰ ᠲᠦᠷᠤ ᠶᠢ ᠡᠷᠬᠢᠮᠯᠡᠵᠤ᠂ ︽ᠬᠤᠶᠠᠷ ᠢ ᠬᠠᠮᠠᠭᠠᠯᠠᠬᠤ | ︾ ᠶᠢ ᠤᠯᠤᠰ ᠲᠦᠷᠤ ᠶᠢᠨ ᠪᠠᠶᠢᠭᠤᠯᠤᠯᠳᠠ ᠶᠢᠨ ᠲᠡᠷᠢᠬᠦᠨ ᠡᠬᠦᠷᠬᠡ ᠪᠤᠯᠭᠠᠨ᠂ ᠨᠠᠮ ᠳᠤ ᠪᠠᠨ ᠦᠨᠡᠨᠴᠢ ᠪᠠᠶᠢᠬᠤ ᠶᠢ | ᠡᠪ ᠬᠠᠮᠳᠤᠨ ᠨᠠᠮ ᠤᠨ ᠬᠡᠰᠢᠬᠦᠳ ᠤᠨ ᠲᠡᠷᠢᠬᠦᠨ ᠴᠢᠬᠤᠯᠨ ᠤᠯᠤᠰ ᠲᠦᠷᠤ ᠶᠢᠨ ᠰᠤᠷᠳᠠᠯ ᠪᠠ ᠬᠠᠮᠤᠭ ᠤᠨ | ᠲᠡᠬᠡᠳᠤ ᠤᠯᠤᠰ ᠲᠦᠷᠤ ᠶᠢᠨ ᠵᠠᠷᠴᠢᠮ ᠪᠤᠯᠭᠠᠵᠤ᠂ ᠶᠡᠷᠤᠩᠭᠡᠢ ᠱᠦᠵᠢ ᠰᠢ ᠶᠢᠨ ᠫᠢᠡᠭ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠢᠮᠠᠬᠳᠠ ᠲᠡᠬᠡᠳᠤ ᠬᠡᠮᠵᠢᠶᠡᠨ ᠤ ᠨᠢᠬᠡᠳᠤᠯ ᠲᠠᠢ ᠪᠠᠶᠢᠵᠤ᠂ ᠤᠯᠤᠰ | ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠬᠠᠬᠤ ᠴᠢᠳᠠᠪᠤᠷᠢ᠂ ᠤᠯᠤᠰ ᠲᠦᠷᠤ ᠶᠢᠨ | ᠬᠡᠷᠡᠭᠵᠢᠬᠦᠯᠬᠦ ᠴᠢᠳᠠᠪᠤᠷᠢ ᠪᠠᠨ ᠦᠨᠡᠨ ᠬᠦ ᠲᠡᠭᠡᠭᠰᠢᠯᠡᠬᠦᠯᠤᠨ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ | ᠦᠢᠯᠡᠰ ᠤᠨ ᠬᠦᠭᠵᠢᠯᠳᠡ ᠶᠢᠨ ᠤᠯᠤᠰ ᠲᠦᠷᠤ ᠶᠢᠨ ᠵᠦᠭᠯᠡᠬᠦᠷ ᠢ ᠯᠠᠪᠳᠠᠭᠤᠨ ᠡᠵᠡᠮᠳᠡᠬᠦ ᠬᠡᠷᠡᠭᠳᠡᠢ᠃ | ᠬᠤᠷᠠᠯ ᠠᠴᠠ ᠱᠠᠭᠠᠷᠳᠠᠬᠰᠠᠨ ᠨᠢ᠂ ᠰᠢᠨ᠎ᠡ ᠴᠠᠭ ᠦᠶ᠎ᠡ ᠶᠢᠨ ︽ᠰᠢᠯᠭᠠᠯᠳᠠ ᠳᠤ ᠠᠮᠵᠢᠬᠤ︾ ᠵᠠᠮ ᠢᠶᠠᠷ | ᠰᠠᠶᠢᠳᠤᠷ ᠵᠠᠮᠨᠠᠬᠤ ᠳᠤ ᠡᠷᠬᠡᠪᠰᠢ ᠠᠷᠠᠳ ᠤᠨ ᠲᠦᠯᠦᠬᠡᠬᠢ ᠰᠡᠳᠬᠢᠯᠬᠡ ᠶᠢ ᠢᠮᠠᠬᠳᠠ ᠡᠪᠤᠷᠯᠠᠨ ᠤᠭ ᠰᠠᠨᠠᠭ᠎ᠠ | ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠬᠡᠷᠡᠭᠳᠡᠢ᠃ ᠰᠢ ᠪᠠᠢ ᠫᠦᠸᠧ ᠶᠢᠨ ᠴᠠᠭ ᠦᠶ᠎ᠡ ᠪᠤᠯ ᠨᠠᠮ ᠤᠨ ᠲᠦᠪ | ᠬᠤᠷᠢᠶ᠎ᠠ ᠠᠷᠠᠳ ᠤᠨ ᠲᠦᠯᠦᠬᠡᠬᠢ ᠵᠠᠷᠴᠢᠮ ᠢ ᠢᠮᠠᠬᠳᠠ ᠪᠠᠷᠢᠮᠳᠠᠯᠠᠨ᠂ ᠭᠠᠵᠠᠷ ᠰᠢᠷᠤᠢ ᠶᠢᠨ ᠦᠬᠡᠷᠡᠴᠢᠯᠡᠯᠳᠡ ᠶᠢ | ᠶᠠᠪᠤᠭᠤᠯᠵᠤ᠂ ᠤᠭ ᠰᠠᠨᠠᠭ᠎ᠠ ᠬᠠᠷᠢᠭᠤᠴᠠᠯᠭ᠎ᠠ ᠶᠢ ᠦᠢᠯᠡᠳᠤᠯᠬᠡᠵᠢᠬᠦᠯᠦᠭᠰᠡᠨ ᠬᠡᠷᠡᠯ ᠰᠠᠴᠤᠷᠠᠩᠭᠤᠢ ᠴᠠᠭ | ᠬᠤᠭᠤᠴᠠᠭ᠎ᠠ ᠮᠥᠨ᠃ ᠰᠢᠨ᠎ᠡ ᠴᠠᠭ ᠦᠶ᠎ᠡ ᠳᠤ ᠤᠷᠤᠬᠰᠠᠨ ᠴᠦ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ | ᠤᠨ ᠬᠡᠰᠢᠬᠦᠨ ᠺᠠᠳ᠋ᠷᠴᠤᠳ ᠠᠷᠠᠳ ᠤᠨ ᠶᠠᠪᠤᠳᠠᠯ ᠤᠨ ᠠᠵᠢᠯ ᠠᠷᠠᠳ ᠤᠨ ᠠᠮᠢᠳᠤᠷᠠᠯ ᠲᠠᠢ ᠬᠤᠯᠪᠤᠬᠳᠠᠨ᠎ᠠ᠂ ᠠᠷᠠᠳ | ᠤᠨ ᠰᠡᠳᠬᠢᠯ ᠲᠠᠢ ᠬᠤᠯᠪᠤᠬᠳᠠᠵᠤ ᠪᠠᠶᠢᠨ᠎ᠠ ᠬᠡᠳᠡᠭ ᠢ ᠢᠮᠠᠬᠳᠠ ᠪᠠᠳᠤ ᠴᠡᠬᠡᠵᠢᠯᠡᠨ᠂ ᠠᠷᠠᠳ ᠲᠦᠮᠡᠨ ᠤ | ᠲᠦᠯᠦᠬᠡᠬᠢ ᠰᠡᠳᠬᠢᠯᠬᠡ ᠶᠢ ᠢᠮᠠᠬᠳᠠ ᠡᠪᠤᠷᠯᠡᠨ᠂ ᠢᠮᠠᠬᠳᠠ ᠠᠷᠠᠳ ᠲᠦᠮᠡᠨ ᠲᠠᠢ ᠡᠯᠢᠬᠡ ᠵᠢᠷᠤᠭᠡ ᠪᠠᠨ ᠬᠤᠯᠪᠤᠨ᠂ | ᠠᠮᠢᠰᠬᠤᠭ᠎ᠠ ᠪᠠᠨ ᠨᠢᠬᠡᠳᠬᠡᠵᠤ᠂ ᠬᠤᠪᠢ ᠵᠠᠶᠠᠭ᠎ᠠ ᠪᠠᠨ ᠬᠤᠯᠪᠤᠬᠤ ᠬᠡᠷᠡᠭᠳᠡᠢ᠃ ︽ᠠᠷᠠᠳ ᠤᠨ ᠶᠠᠪᠤᠳᠠᠯ ᠠᠷᠠᠳ | ᠤᠨ ᠲᠦᠯᠦᠬᠡ᠂ ᠠᠷᠠᠳ ᠤᠨ ᠶᠠᠪᠤᠳᠠᠯ ᠠᠷᠠᠳ ᠲᠤ ᠪᠠᠨ ᠦᠢᠯᠡᠴᠢᠯᠡᠬᠦ︾ ᠠᠵᠢᠯ ᠤᠨ ᠤᠶᠢᠯᠠᠭᠠᠬᠳᠠᠬᠤᠨ ᠢ ᠪᠠᠳᠤ | ᠪᠤᠢ ᠪᠤᠯᠭᠠᠵᠤ᠂ ᠠᠷᠠᠳ ᠤᠨ ᠰᠡᠳᠬᠢᠯ ᠳᠤ ᠨᠡᠶᠢᠴᠡᠬᠦᠯᠬᠦ᠂ ᠠᠷᠠᠳ ᠤᠨ ᠰᠠᠨᠠᠭ᠎ᠠ ᠶᠢ ᠬᠦᠨᠳᠤᠳᠬᠡᠬᠦ᠂ ᠠᠷᠠᠳ ᠤᠨ | ᠪᠠᠶᠢᠳᠠᠯ ᠢ ᠬᠠᠯᠠᠮᠵᠢᠯᠠᠬᠤ᠂ ᠠᠷᠠᠳ ᠤᠨ ᠠᠮᠢᠳᠤᠷᠠᠯ ᠤᠨ ᠲᠦᠯᠦᠬᠡ ᠴᠢᠷᠮᠠᠶᠢᠬᠤ ᠶᠢ ᠪᠠᠷᠢᠮᠳᠠᠯᠠᠨ᠂ ᠠᠷᠠᠳ ᠤᠨ | ᠶᠠᠪᠤᠳᠠᠯ ᠤᠨ ᠠᠵᠢᠯ ᠢ ᠰᠡᠳᠬᠢᠯ ᠲᠠᠯᠪᠢᠨ ᠬᠦᠴᠤᠯᠡᠨ ᠬᠢᠵᠤ᠂ ᠠᠷᠠᠳ ᠤᠨ ᠶᠠᠪᠤᠳᠠᠯ ᠤᠨ ᠪᠤᠳᠠᠳᠠᠢ ᠨᠠᠷᠢᠨ ᠠᠵᠢᠯ | ᠲᠡᠬᠡᠷ᠎ᠡ ᠨᠠᠮ ᠪᠠ ᠵᠠᠰᠠᠭ ᠤᠨ ᠤᠷᠳᠤᠨ ᠤ ᠠᠷᠠᠳ ᠢᠶᠠᠨ ᠬᠠᠶᠢᠷᠠᠯᠠᠬᠤ ᠰᠡᠳᠬᠢᠯᠬᠡ᠂ ᠠᠷᠠᠳ ᠢᠶᠠᠨ ᠬᠠᠷᠠᠭᠠᠯᠵᠠᠬᠤ | ᠪᠤᠳᠤᠯᠭ᠎ᠠ᠂ ᠠᠷᠠᠳ ᠲᠤ ᠠᠰᠢᠬᠳᠠᠢ ᠠᠷᠭ᠎ᠠ ᠶᠢ ᠰᠠᠶᠢᠳᠤᠷ ᠲᠠᠮᠵᠢᠭᠤᠯᠤᠨ᠂ ᠠᠷᠠᠳ ᠲᠦᠮᠡᠨ ᠤ ᠬᠦᠷᠳᠡᠮᠵᠢ ᠶᠢᠨ | ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠪᠠ ᠠᠮᠤᠷ ᠲᠦᠪᠰᠢᠨ ᠲᠦᠷᠦᠭᠳᠡᠯ ᠢ ᠲᠠᠰᠤᠷᠠᠯ ᠦᠬᠡᠢ ᠨᠡᠮᠡᠭᠳᠡᠬᠦᠯᠬᠦ | ᠬᠡᠷᠡᠭᠳᠡᠢ᠃ | ᠬᠤᠷᠠᠯ ᠠᠴᠠ ᠵᠢᠭᠠᠬᠰᠠᠨ ᠨᠢ᠂ ᠰᠢᠨ᠎ᠡ ᠴᠠᠭ ᠦᠶ᠎ᠡ ᠶᠢᠨ ︽ᠰᠢᠯᠭᠠᠯᠳᠠ ᠳᠤ ᠠᠮᠵᠢᠬᠤ︾ ᠵᠠᠮ ᠢᠶᠠᠷ | ᠰᠠᠶᠢᠳᠤᠷ ᠵᠠᠮᠨᠠᠬᠤ ᠳᠤ ᠡᠷᠬᠡᠪᠰᠢ ᠨᠠᠮ ᠤᠨ ᠰᠢᠯᠢᠳᠡᠭ ᠤᠳᠤᠮᠰᠢᠯ ᠢ ᠶᠡᠭᠡ ᠪᠠᠷ ᠪᠠᠳᠠᠷᠠᠭᠤᠯᠵᠤ᠂ ᠤᠶᠤᠨ ᠰᠠᠨᠠᠭᠠᠨ | ᠳᠤ ᠴᠢᠰᠤᠨ ᠰᠤᠳᠠᠯ ᠢ ᠦᠷᠬᠦᠯᠵᠢᠯᠡᠬᠦ ᠬᠡᠷᠡᠭᠳᠡᠢ᠃ ᠰᠢ ᠪᠠᠢ ᠫᠦᠸᠧ ᠶᠢᠨ ᠴᠠᠭ ᠦᠶ᠎ᠡ ᠳᠤ ᠨᠠᠮ ᠤᠨ ᠲᠦᠪ | ᠬᠤᠷᠢᠶ᠎ᠠ ᠲᠦᠭᠰᠢᠬᠦᠷᠢ ᠶᠢᠨ ᠤᠬᠠᠮᠰᠠᠷ ᠢ ᠢᠮᠠᠬᠳᠠ ᠡᠪᠤᠷᠯᠡᠨ᠂ ︽ᠬᠤᠶᠠᠷ ᠡᠷᠬᠡᠪᠰᠢ︾ ᠵᠡᠷᠬᠡ ᠬᠤᠪᠤᠷ ᠨᠠᠨᠳᠢᠨ | ᠤᠶᠤᠨ ᠰᠠᠨᠠᠭᠠᠨ ᠤ ᠦᠪ ᠬᠦᠷᠤᠩᠭᠡ ᠶᠢ ᠪᠤᠶᠢᠵᠢᠭᠤᠯᠤᠨ ᠪᠦᠷᠢᠯᠳᠤᠬᠦᠯᠵᠡᠢ᠃ ᠮᠠᠤ ᠽᠧ ᠳ᠋ᠦᠡᠭ ᠨᠦᠬᠦᠷ ᠤᠨ ︽ | ᠬᠤᠶᠠᠷ ᠡᠷᠬᠡᠪᠰᠢ︾ ᠬᠡᠮᠡᠬᠦ ᠴᠡᠬᠡᠷᠯᠡᠯ ᠦᠨᠳᠤᠷ ᠲᠡᠬᠡᠷ᠎ᠡ ᠵᠤᠬᠰᠤᠨ ᠠᠯᠤᠰ ᠢ ᠪᠠᠷᠠᠯᠠᠬᠰᠠᠨ᠂ ᠲᠡᠤᠬᠡᠨ ᠶᠠᠪᠤᠴᠨ ᠳᠤ | ᠰᠢᠨᠡᠳᠦᠭᠰᠡᠨ᠂ ᠪᠦᠬᠦ ᠨᠠᠮ ᠲᠡᠤᠬᠡ ᠪᠠᠷ ᠲᠤᠯᠢ ᠪᠤᠯᠭᠠᠬᠤ᠂ ᠠᠮᠤᠷ ᠲᠦᠪᠰᠢᠨ ᠪᠠᠶᠢᠬᠤ ᠳᠤ ᠪᠠᠨ ᠠᠶᠤᠯ | ᠲᠦᠭᠰᠢᠬᠦᠷᠢ ᠶᠢ ᠪᠤᠳᠤᠯᠬᠢᠯᠠᠬᠤ᠂ ᠰᠢᠯᠭᠠᠯᠳᠠ ᠶᠢ ᠲᠠᠭᠠᠭᠠᠬᠤ᠂ ᠪᠦᠬᠦ ᠨᠠᠮ ᠢᠶᠠᠷ ᠢᠶᠠᠨ ᠵᠤᠷᠢᠬᠳᠠᠢ ᠪᠠᠷ | ᠬᠠᠷᠢᠭᠤᠴᠠᠯᠭ᠎ᠠ ᠡᠬᠦᠷᠬᠡᠯᠡᠬᠦ᠂ ᠬᠦᠴᠢᠷ ᠢ ᠰᠦᠷᠤᠨ ᠤᠷᠤᠬᠰᠢᠯᠠᠬᠤ᠂ ᠵᠤᠷᠢᠬᠳᠠᠢ ᠲᠡᠮᠡᠴᠡᠬᠦ ᠶᠢ ᠵᠤᠷᠢᠬᠵᠢᠭᠤᠯᠤᠬᠰᠠᠨ | ᠪᠦᠬᠡᠳ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠢᠨ ᠤ ᠲᠡᠤᠬᠡᠳᠤ ᠲᠦᠭᠰᠢᠬᠦᠷᠢ ᠶᠢᠨ ᠤᠬᠠᠮᠰᠠᠷ ᠪᠠ ᠤᠯᠤᠰ | ᠲᠦᠷᠤ ᠶᠢᠨ ᠡᠬᠦᠷᠬᠡᠯᠡᠯ ᠢ ᠢᠯᠡᠷᠡᠬᠦᠯᠦᠭᠰᠡᠨ ᠶᠤᠮ᠃ ᠰᠢᠨ᠎ᠡ ᠴᠠᠭ ᠦᠶ᠎ᠡ ᠳᠤ ᠤᠷᠤᠵᠤ᠂ ᠰᠢᠨ᠎ᠡ ᠬᠠᠷᠢᠭᠤᠴᠠᠯᠭ᠎ᠠ | ᠶᠢ ᠬᠦᠢᠴᠡᠳᠬᠡᠵᠤ᠂ ᠰᠢᠨ᠎ᠡ ᠦᠷᠢᠰᠤᠯᠳᠤᠬᠡᠨ ᠢ ᠠᠷᠭᠠᠴᠠᠭᠠᠬᠤ ᠳᠤ ᠪᠢᠳᠡ ᠪᠠᠶᠢᠯᠳᠤᠬᠤ ᠪᠤᠳᠤᠯᠭ᠎ᠠ ᠶᠢᠨ ᠲᠤᠬᠳᠠᠯ | ᠬᠦᠴᠤᠨ ᠢᠶᠠᠨ ᠨᠡᠩ ᠨᠡᠮᠡᠭᠳᠡᠬᠦᠯᠵᠤ᠂ ᠰᠢ ᠪᠠᠢ ᠫᠦᠸᠧ ᠶᠢᠨ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ | ᠲᠠᠪᠰᠢᠬᠤ ᠦᠬᠡᠢ ᠪᠤᠯ ᠤᠬᠤᠷᠢᠬᠤ ᠲᠦᠭᠰᠢᠬᠦᠷᠢ ᠶᠢᠨ ᠤᠬᠠᠮᠰᠠᠷ ᠢ ᠢᠮᠠᠬᠳᠠ ᠡᠪᠤᠷᠯᠡᠨ᠂ ᠲᠠᠷᠤᠤ ᠯᠠᠪᠳᠠᠭᠤᠨ᠂ | ᠬᠠᠳᠠᠭᠤᠵᠢᠯᠳᠠᠢ ᠲᠡᠮᠡᠴᠡᠬᠦ ᠰᠤᠷᠳᠠᠯ ᠢ ᠢᠮᠠᠬᠳᠠ ᠪᠠᠳᠤᠯᠠᠵᠤ᠂ ᠠᠷᠠᠳ ᠤᠨ ᠶᠠᠪᠤᠳᠠᠯ ᠤᠨ ᠬᠢᠨ ᠤ ᠰᠢᠨ᠎ᠡ ᠴᠠᠭ | ᠦᠶ᠎ᠡ ᠳᠤ ᠡᠷᠡᠯᠭᠡᠭᠯᠡᠨ ᠤᠷᠤᠬᠰᠢᠯᠠᠬᠤ ᠬᠦᠴᠤᠷᠬᠡᠭ ᠤᠶᠤᠨ ᠰᠠᠨᠠᠭᠠᠨ ᠤ ᠬᠦᠳᠡᠯᠬᠡᠬᠦ ᠬᠦᠴᠤᠨ ᠢ ᠤᠯᠠᠮ ᠨᠢᠬᠡ | ᠠᠯᠬᠤᠮ ᠤᠷᠮᠠᠰᠢᠭᠤᠯᠬᠤ ᠱᠠᠭᠠᠷᠳᠠᠵᠤ ᠪᠠᠶᠢᠨ᠎ᠠ᠃ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠡᠰᠡᠷᠬᠦᠴᠡᠨ᠂ | ᠯᠠᠪᠳᠠᠭᠤᠨ ᠲᠤᠬᠳᠠᠭᠤᠨ᠂ ᠰᠢᠷᠭᠠᠭᠤ ᠠᠵᠢᠯᠯᠠᠵᠤ᠂ ᠬᠦᠴᠢᠷ ᠪᠡᠷᠬᠡ ᠠᠴᠠ ᠠᠶᠤᠬᠤ ᠦᠬᠡᠢ᠂ ᠵᠤᠷᠢᠬᠳᠠᠢ ᠪᠠᠷ | ᠡᠬᠦᠳᠤᠨ ᠪᠦᠳᠤᠬᠡᠵᠤ᠂ ᠨᠠᠳᠠ ᠠᠴᠠ ᠦᠬᠡᠷ᠎ᠡ ᠬᠡᠨ ᠪᠠᠶᠢᠮᠤᠢ ᠬᠡᠮᠡᠬᠦ ᠡᠷ᠎ᠡ ᠵᠤᠷᠢᠭ ᠪᠠ ᠬᠡᠳᠤᠢ ᠬᠦᠴᠢᠷ ᠪᠡᠷᠬᠡᠰᠢᠶᠡᠯ | ᠲᠠᠢ ᠪᠤᠯ ᠲᠡᠳᠤᠢ ᠤᠷᠤᠬᠰᠢᠯᠠᠬᠤ ᠡᠷᠴᠢ ᠵᠤᠷᠢᠭ ᠢᠶᠠᠷ ᠰᠢᠨ᠎ᠡ ᠴᠠᠭ ᠦᠶ᠎ᠡ ᠠᠴᠠ ᠤᠯᠭᠤᠬᠰᠠᠨ ᠠᠷᠠᠳ ᠤᠨ | ᠠᠮᠢᠳᠤᠷᠠᠯ ᠤᠨ ᠰᠢᠨ᠎ᠡ ᠲᠡᠤᠬᠡᠨ ᠬᠠᠷᠢᠭᠤᠴᠠᠯᠭ᠎ᠠ ᠶᠢ ᠡᠬᠦᠷᠬᠡᠯᠡᠬᠦ ᠬᠡᠷᠡᠭᠳᠡᠢ᠃ | ᠬᠤᠷᠠᠯ ᠠᠴᠠ ᠱᠠᠭᠠᠷᠳᠠᠬᠰᠠᠨ ᠨᠢ᠂ ᠰᠢᠨ᠎ᠡ ᠴᠠᠭ ᠦᠶ᠎ᠡ ᠶᠢᠨ ︽ᠰᠢᠯᠭᠠᠯᠭᠠᠨ ᠳᠤ ᠠᠮᠵᠢᠬᠤ︾ ᠵᠠᠮ ᠢᠶᠠᠷ | ᠰᠠᠶᠢᠳᠤᠷ ᠵᠠᠮᠨᠠᠬᠤ ᠳᠤ ᠡᠬᠦᠷᠬᠡ ᠬᠠᠷᠢᠭᠤᠴᠠᠯᠭ᠎ᠠ ᠪᠠᠨ ᠡᠷᠬᠡᠪᠰᠢ ᠬᠢᠨᠠᠮᠠᠭᠠᠢ ᠬᠦᠢᠴᠡᠳᠬᠡᠵᠤ᠂ ᠠᠷᠠᠳ ᠤᠨ ᠶᠠᠪᠤᠳᠠᠯ | ᠤᠨ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠬᠡᠷᠡᠭᠳᠡᠢ᠃ ᠠᠷᠠᠳ ᠤᠨ ᠶᠠᠪᠤᠳᠠᠯ ᠤᠨ | ᠰᠢᠰᠲ᠋ᠧᠮ ᠤᠨ ᠨᠠᠮ ᠤᠨ ᠬᠡᠰᠢᠬᠦᠨ ᠺᠠᠳ᠋ᠷᠴᠤᠳ ᠵᠠᠭᠤᠨ ᠵᠢᠯ ᠤᠨ ᠨᠠᠮ ᠤᠨ ᠲᠡᠤᠬᠡ ᠶᠢᠨ ᠰᠦᠷ ᠦᠵᠡᠰᠬᠦᠯᠡᠩᠳᠤ | ᠬᠠᠭᠤᠳᠠᠰᠤᠨ ᠠᠴᠠ ᠰᠡᠩᠭᠡᠷᠡᠬᠦᠯᠤᠯ ᠤᠯᠵᠤ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ ︽ᠤᠯᠤᠰ | ᠬᠡᠷ ᠬᠡᠮᠡᠭᠴᠢ ᠲᠤᠮᠤ ᠪᠤᠯᠠᠢ︾ ᠬᠡᠮᠡᠬᠦ ᠰᠡᠳᠬᠢᠯ ᠢ ᠪᠠᠷᠢᠵᠤ᠂ ᠰᠢ ᠶᠢᠨ ᠫᠢᠡᠭ ᠶᠡᠷᠤᠩᠭᠡᠢ ᠱᠦᠵᠢ ᠶᠢᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠶᠡᠷᠤᠩᠭᠡᠢ ᠱᠦᠵᠢ | ᠰᠢ ᠶᠢᠨ ᠫᠢᠡᠭ ᠤᠨ ᠠᠷᠠᠳ ᠤᠨ ᠶᠠᠪᠤᠳᠠᠯ ᠤᠨ ᠠᠵᠢᠯ ᠳᠤ ᠦᠭᠭᠦᠭᠰᠡᠨ ᠵᠢᠭᠠᠪᠤᠷᠢ ᠶᠢᠨ ᠵᠤᠷᠢᠭ ᠰᠠᠨᠠᠭ᠎ᠠ ᠶᠢ | ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠶᠠᠪᠤᠳᠠᠯ ᠤᠨ ᠠᠵᠢᠯ ᠤᠨ ᠰᠡᠳᠬᠢᠮᠵᠢ ᠶᠢ ᠲᠦᠪ ᠬᠤᠷᠢᠶ᠎ᠠ | ᠲᠠᠢ ᠠᠶᠢᠵᠠᠮ ᠨᠢᠬᠡᠳᠬᠡᠵᠤ᠂ ᠠᠵᠢᠯᠯᠠᠭ᠎ᠠ ᠪᠠᠨ ᠴᠠᠭ ᠦᠶ᠎ᠡ ᠲᠠᠢ ᠵᠤᠤᠵᠠᠢ ᠬᠤᠯᠪᠤᠵᠤ᠂ ᠬᠠᠶᠢᠷ᠎ᠠ ᠰᠡᠳᠬᠢᠯᠬᠡ ᠪᠠᠨ | ᠤᠯᠠᠨ ᠲᠦᠮᠡᠨ ᠯᠦᠭᠡ ᠴᠤᠤᠷᠠᠢ ᠬᠤᠯᠪᠤᠬᠤ ᠬᠡᠷᠡᠭᠳᠡᠢ᠃ ᠪᠦᠬᠦ ᠪᠠᠶᠢᠳᠠᠯ ᠢ ᠪᠠᠷᠠᠯᠠᠨ᠂ ᠠᠷᠠᠳ ᠤᠨ ᠶᠠᠪᠤᠳᠠᠯ ᠤᠨ | ᠨᠡᠶᠢᠬᠡᠮ ᠤᠨ ᠪᠦᠳᠦᠬᠡᠨ ᠪᠠᠶᠢᠭᠤᠯᠤᠯᠳᠠ ᠲᠤᠮᠳᠠᠬᠢ ᠦᠨᠳᠤᠰᠤᠨ ᠠᠴᠠ ᠨᠢ ᠪᠠᠳᠤᠯᠠᠬᠤ ᠰᠢᠨᠵᠢ᠂ ᠰᠠᠭᠤᠷᠢ ᠴᠢᠨᠠᠷ | ᠲᠠᠢ ᠦᠢᠯᠡᠳᠤᠯ ᠢ ᠪᠠᠳᠠᠷᠠᠭᠤᠯᠵᠤ᠂ ᠠᠷᠠᠳ ᠤᠨ ᠶᠠᠪᠤᠳᠠᠯ ᠤᠨ ᠠᠵᠢᠯ ᠤᠨ ᠤᠯᠤᠰ ᠲᠦᠷᠤ ᠶᠢᠨ ᠰᠢᠨᠵᠢ᠂ ᠤᠯᠠᠨ | ᠲᠦᠮᠡᠨᠴᠢ ᠰᠢᠨᠵᠢ᠂ ᠴᠠᠭ ᠦᠶᠡᠴᠢ ᠰᠢᠨᠵᠢ᠂ ᠬᠠᠮᠰᠠᠯᠴᠠᠬᠤ ᠰᠢᠨᠵᠢ ᠶᠢ ᠪᠠᠳᠤᠳᠠᠢ ᠡᠵᠡᠮᠳᠡᠨ᠂ ᠦᠨᠳᠤᠰᠤᠨ ᠠᠴᠠ | ᠪᠠᠳᠤᠯᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠬᠡᠬᠦ᠂ ᠲᠤᠬᠳᠠᠭᠤᠨ ᠢ ᠪᠠᠳᠤᠯᠠᠬᠤ᠂ ᠬᠦᠭᠵᠢᠯᠳᠡ ᠶᠢ | ᠪᠠᠳᠤᠯᠠᠬᠤ ᠶᠢ ᠴᠢᠷᠮᠠᠶᠢᠨ ᠬᠢᠬᠦ ᠬᠡᠷᠡᠭᠳᠡᠢ᠃ ᠨᠠᠮ ᠤᠨ ᠠᠷᠪᠠ ᠶᠢᠰᠤᠳᠤᠬᠡᠷ ᠬᠤᠭᠤᠴᠠᠭᠠᠨ ᠤ ᠲᠠᠪᠤᠳᠤᠭᠠᠷ ᠪᠦᠬᠦᠳᠡ | ᠬᠤᠷᠠᠯ ᠤᠨ ᠵᠤᠷᠢᠭ ᠰᠠᠨᠠᠭ᠎ᠠ ᠪᠠ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ | ᠲᠤᠭᠤᠰᠢᠯᠠᠭᠤᠯᠵᠤ᠂ ᠰᠢᠨ᠎ᠡ ᠬᠦᠭᠵᠢᠯᠳᠡ ᠶᠢᠨ ᠱᠠᠳᠤ ᠦᠶ᠎ᠡ ᠶᠢᠨ ᠵᠤᠬᠰᠤᠴᠨ ᠠᠴᠠ ᠰᠢᠨ᠎ᠡ ᠬᠦᠭᠵᠢᠯᠳᠡ ᠶᠢᠨ | ᠤᠶᠢᠯᠠᠭᠠᠬᠳᠠᠬᠤᠨ ᠢ ᠲᠤᠭᠤᠰᠢᠯᠠᠭᠤᠯᠤᠨ᠂ ᠰᠢᠨ᠎ᠡ ᠬᠦᠭᠵᠢᠯᠳᠡ ᠶᠢᠨ ᠲᠤᠬᠳᠠᠮᠵᠢ ᠶᠢ ᠪᠦᠷᠢᠯᠳᠤᠬᠦᠯᠤᠨ᠂ ᠠᠷᠠᠳ | ᠤᠨ ᠶᠠᠪᠤᠳᠠᠯ ᠤᠨ ᠠᠵᠢᠯ ᠢ ᠤᠬᠠᠭᠠᠯᠠᠬᠤ ᠪᠦᠬᠦ ᠪᠠᠶᠢᠳᠠᠯ ᠤᠨ ᠰᠢᠨᠵᠢ᠂ ᠰᠢᠰᠲ᠋ᠧᠮᠳᠤ ᠰᠢᠨᠵᠢ᠂ ᠤᠷᠢᠳᠠᠴᠢ ᠰᠢᠨᠵᠢ | ᠶᠢ ᠨᠡᠮᠡᠭᠳᠡᠬᠦᠯᠤᠨ᠂ ᠠᠷᠠᠳ ᠤᠨ ᠶᠠᠪᠤᠳᠠᠯ ᠤᠨ ᠦᠢᠯᠡᠰ ᠤᠨ ᠲᠤᠮᠳᠠ ᠤᠷᠳᠤ ᠬᠤᠭᠤᠴᠠᠭᠠᠨ ᠤ ᠬᠦᠭᠵᠢᠯᠳᠡ ᠳᠤ | ᠰᠠᠶᠢᠬᠠᠨ ᠡᠬᠢᠯᠡᠯᠳᠡ ᠶᠢ ᠪᠤᠢ ᠪᠤᠯᠭᠠᠨ᠂ ᠠᠩᠬᠠᠨ ᠤ ᠠᠯᠬᠤᠮ ᠢ ᠰᠠᠶᠢᠬᠠᠨ ᠠᠯᠬᠤᠬᠤ ᠬᠡᠷᠡᠭᠳᠡᠢ᠃ ᠰᠢᠨ᠎ᠠ ᠠᠶᠠᠨ | ᠲᠠᠶᠢᠨ ᠤ ᠶᠠᠪᠤᠴᠨ ᠳᠤ ᠬᠢ ᠬᠢᠵᠢᠭ ᠤᠨ ᠰᠢᠯᠭᠠᠯᠳᠠ ᠶᠢ ᠠᠮᠵᠢᠯᠳᠠ ᠲᠦᠬᠦᠷᠡᠩ ᠲᠠᠪᠠᠵᠤ᠂ ᠠᠷᠠᠳ ᠤᠨ ᠶᠠᠪᠤᠳᠠᠯ | ᠤᠨ ᠰᠢᠰᠲ᠋ᠧᠮ ᠤᠨ ᠬᠢᠵᠢᠭ ᠢ ᠪᠠᠶᠢᠡᠭᠭᠤ ᠶᠢᠨ ᠴᠢᠨᠠᠷ ᠲᠠᠢ ᠰᠡᠷᠬᠡᠶᠢᠯᠡᠬᠦ ᠶᠢ ᠦᠷᠬᠦᠯᠵᠢᠯᠡᠨ ᠰᠠᠶᠢᠳᠤᠷ ᠬᠢᠵᠤ᠂ | ᠬᠤᠳᠠ ᠬᠦᠳᠡᠭᠡ ᠶᠢᠨ ᠨᠡᠶᠢᠬᠡᠮ ᠲᠤᠭᠤᠷᠢᠭ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠤᠯ ᠢ ᠬᠦᠢᠴᠡᠳ | ᠪᠠᠳᠠᠷᠠᠭᠤᠯᠵᠤ᠂ ᠬᠢᠵᠢᠭ ᠢ ᠰᠡᠷᠬᠡᠶᠢᠯᠡᠬᠦ ᠪᠠᠳᠤ ᠪᠠᠬᠢᠯᠡᠯᠳᠡ ᠪᠠᠳᠤ ᠴᠤᠬᠴᠠᠯᠠᠬᠤ ᠬᠡᠷᠡᠭᠳᠡᠢ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠮᠵᠢ ᠶᠢ ᠪᠠᠳᠤᠳᠬᠠᠨ ᠦᠷᠬᠡᠳᠬᠡᠬᠦ ᠪᠠ ᠬᠦᠳᠡᠭᠡ | ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠠᠮᠨ ᠰᠡᠬᠡᠷ ᠢ ᠨᠢ ᠵᠤᠯᠭᠠᠭᠤᠯᠬᠤ ᠶᠢ ᠴᠢᠳᠠᠯ ᠢᠶᠠᠷ ᠢᠶᠠᠨ | ᠠᠬᠢᠭᠤᠯᠵᠤ᠂ ᠨᠠᠰᠤᠵᠢᠯ ᠤᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠬᠦ ᠶᠢ ᠲᠦᠷᠬᠡᠳᠬᠡᠨ᠂ ᠦᠨᠳᠤᠰᠤᠨ | ᠱᠠᠳᠤᠨ ᠤ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠬᠰᠠᠨ ᠪᠠᠶᠢᠭᠤᠯᠤᠯᠳᠠ ᠶᠢ | ᠴᠢᠩᠭᠠᠳᠬᠠᠵᠤ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ | ᠠᠶᠠᠨ ᠵᠠᠮ ᠳᠤ ᠠᠷᠠᠳ ᠤᠨ ᠶᠠᠪᠤᠳᠠᠯ ᠤᠨ ᠬᠢᠨ ᠤ ᠬᠦᠴᠤᠨ ᠴᠢᠳᠠᠯ ᠢ ᠴᠢᠷᠮᠠᠶᠢᠨ ᠡᠷᠬᠦᠬᠦ ᠬᠡᠷᠡᠭᠳᠡᠢ᠃ | ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠤᠬᠦᠨ᠂ ᠶᠠᠮᠤᠨ ᠳᠤ | ᠰᠠᠭᠤᠭ᠎ᠠ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠡᠭ ᠤᠨ ᠬᠠᠷᠢᠭᠤᠴᠠᠯᠭᠠᠳᠠᠨ ᠨᠦᠬᠦᠷ᠂ ᠡᠯ᠎ᠡ ᠵᠤᠷᠭᠠᠨ ᠲᠤᠪᠴᠢᠶ᠎ᠠ | ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠨᠦᠬᠦᠷ ᠪᠠ ᠶᠠᠮᠤᠨ ᠤ ᠲᠤᠭᠤᠷᠢᠨ | ᠪᠠᠶᠢᠴᠠᠭᠠᠬᠤ ᠠᠯᠪᠠᠨ ᠬᠡᠷ ᠤᠨ ᠬᠠᠷᠢᠭᠤᠴᠠᠯᠭᠠᠳᠠᠨ ᠨᠦᠬᠦᠷ᠂ ᠶᠠᠮᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ | ᠬᠦᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠤᠨ ᠡᠯ᠎ᠡ ᠲᠤᠭᠤᠶᠢᠯᠠᠩ ᠤᠨ ᠲᠠᠷᠤᠭ᠎ᠠ᠂ | ᠲᠤᠭᠤᠶᠢᠯᠠᠩ ᠤᠨ ᠲᠡᠳ᠋ ᠲᠠᠷᠤᠭ᠎ᠠ ᠪᠠ ᠶᠠᠮᠤᠨ ᠤ ᠵᠠᠯᠠᠭᠤᠴᠤᠳ ᠤᠨ ᠤᠨᠤᠯ ᠰᠤᠷᠤᠯᠴᠠᠯᠭ᠎ᠠ ᠶᠢᠨ ᠵᠢᠱᠢᠶ᠎ᠡ | ᠦᠵᠡᠬᠦᠯᠬᠦ ᠲᠤᠭᠤᠶᠢᠯᠠᠩ ᠤᠨ ᠪᠦᠷᠢᠯᠳᠤᠬᠦᠨ ᠤ ᠲᠦᠯᠦᠬᠡᠯᠡᠭᠴᠢ᠂ ᠾᠧᠪᠸᠢ ᠮᠤᠵᠢ ᠶᠢᠨ ᠠᠷᠠᠳ ᠤᠨ ᠶᠠᠪᠤᠳᠠᠯ ᠤᠨ | ᠲᠢᠩᠭᠢᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠲᠤᠭᠤᠷᠢᠨ ᠦᠵᠡᠬᠦ ᠪᠠ ᠰᠤᠷᠤᠯᠴᠠᠯᠭ᠎ᠠ ᠳᠤ ᠤᠷᠤᠯᠴᠠᠪᠠ᠃ | | | |