ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ  ᠪᠣᠭᠤᠮᠳᠠ            ᠰᠢᠪᠳᠤᠯᠬᠤ ᠠᠵᠢᠯ ᠤᠨ ᠲᠡᠷᠢᠭᠦᠨ ᠤ ᠬᠤᠪᠢ ᠬᠦᠮᠦᠨ— ᠪ᠊
ᠨᠡᠶᠢᠲᠡᠯᠡᠭᠰᠡᠨ ᠴᠠᠭ᠄
2021/5/20
                           ᠽᠠᠨᠳᠠᠨ  ᠰᠤᠷᠪᠤᠯᠵᠢᠯᠠᠪᠠ           ᠪᠠᠶᠠᠷ ᠪᠣᠯ ᠲᠦᠮᠡᠳ ᠵᠡᠭᠦᠨ ᠬᠤᠰᠢᠭᠤᠨ ᠤ ᠱᠠᠩᠳᠠᠢ ᠪᠠᠯᠭᠠᠰᠤ ᠶᠢᠨ ᠪᠧᠢ ᠨᠤᠦ ᠲᠣᠰᠬᠤᠨ ᠤ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯ ᠤᠨ ᠠᠩᠬᠢ ᠶᠢᠨ ᠳᠠᠷᠤᠭ᠎ᠠ᠂ ᠲᠦᠮᠡᠳ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠣᠯᠣᠨ᠎ᠠ᠃        2014 ᠣᠨ ᠤ 9 ᠳ᠋ᠣᠭᠡᠷ ᠰᠠᠷ᠎ᠠ ᠠᠴᠠ ᠤᠳᠤ ᠪᠣᠯᠲᠠᠯ᠎ᠠ᠂ ᠪᠠᠶᠠᠷ ᠤᠷᠢᠳ ᠬᠤᠵᠢᠳ ᠲᠦᠮᠡᠳ ᠵᠡᠭᠦᠨ ᠬᠤᠰᠢᠭᠤᠨ ᠤ ᠬᠤᠶᠠᠷ ᠲᠣᠰᠬᠤᠨ  ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠶᠠᠳᠠᠭᠤ ᠶᠢ ᠲᠡᠳᠬᠦᠬᠦ ᠠᠵᠢᠯᠯᠠᠬᠤ ᠠᠩᠬᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠲᠣᠰᠬᠤᠨ ᠳᠤ ᠬᠦᠷᠦᠭᠰᠡᠨ ᠠᠩᠬᠠᠨ ᠤ ᠡᠳᠦᠷ ᠠᠴᠠ ᠪᠠᠨ ᠡᠬᠢᠯᠡᠨ ᠲᠡᠷᠡ‌‍ᠲ᠋ᠠᠷᠢᠶᠠᠴᠢᠳ ᠤᠨ ᠳᠤᠮᠳᠠ ᠭᠦᠨᠵᠡᠭᠡᠶᠢᠷᠡᠨ ᠠᠷᠠᠳ ᠤᠨ ᠪᠣᠳᠣᠯ ᠰᠠᠨᠠᠯ ᠢ ᠰᠣᠨᠣᠰᠴᠤ ᠂  ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ‌ᠣᠶᠢᠯᠠᠭᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠣᠰᠬᠤᠨ ᠤ ᠠᠷᠠᠳ ᠤᠨ ᠬᠠᠮᠤᠭ  ᠤᠨ ᠰᠠᠨᠠᠭᠠᠰᠢᠷᠠᠵᠤ᠂ ᠬᠠᠮᠤᠭ ‍ᠣᠨ‌‍ᠬᠦ᠋ᠰᠡᠵᠦ ᠪᠠᠶᠢᠭᠰᠠᠨ ᠠᠰᠠᠭᠤᠳᠠᠯ ᠢ ᠰᠢᠢᠳᠪᠦᠷᠢᠯᠡᠵᠦ ᠦᠭᠪᠡ᠃ ᠲᠡᠷᠡ ᠪᠣᠳᠠᠲᠤ ᠠᠵᠢᠯᠯᠠᠭ᠎ᠠ ᠪᠠᠷ ᠢᠶᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠰᠠᠯᠤᠰᠢ ᠦᠭᠡᠢ ᠬᠤᠪᠢ ᠪᠠᠷᠢᠯᠳᠤᠯᠭ᠎ᠠ ᠲᠠᠢ ᠪᠤᠯᠵᠤ᠂ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠦᠰᠡᠯ ᠢᠲᠡᠭᠡᠯ ᠪᠣᠯᠤᠨ ᠴᠥᠬᠦᠷᠡᠰᠢ ᠦᠭᠡᠢ ᠤᠬ ᠰᠠᠨᠠᠭ᠎ᠠ ᠶᠢ ᠤᠳᠠᠭ᠎ᠠ ᠳᠠᠷᠠᠭᠠᠯᠠᠨ ᠭᠡᠷᠡᠴᠢᠯᠡᠵᠦ᠂  ᠶᠠᠳᠠᠭᠤ ᠶᠢ ᠲᠡᠳᠭᠦᠨ ᠬᠦᠴᠢᠷᠳᠠᠢ ᠶᠢ ᠨᠢ ᠲᠤᠰᠠᠯᠠᠨ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠬᠦ ᠵᠣᠷᠢᠭ ᠰᠠᠨᠠᠭ᠎ᠠ ᠶᠢ ᠤᠯᠠᠮᠵᠢᠯᠠᠨ  ᠪᠠᠳᠠᠷᠠᠭᠤᠯᠵᠠᠢ᠃       2014 ᠣᠨ ᠤ 9 ᠳ᠋ᠣᠭᠡᠷ ᠰᠠᠷ᠎ᠠ ᠳᠤ᠂ ᠪᠠᠶᠠᠷ ᠲᠣᠰᠬᠤᠨ ᠤ ᠪᠠᠶᠢᠳᠠᠯ  ᠢ ᠰᠣᠷᠪᠣᠯᠵᠢᠯᠠᠭᠠᠳ ᠲᠣᠰᠬᠤᠨ  ᠤ ᠵᠠᠮ ᠬᠠᠷᠢᠯᠴᠠᠭ᠎ᠠ ᠰᠠᠭᠠᠳ ᠦᠭᠡᠢ ᠠᠳᠠᠯ᠎ᠠ ᠠᠳᠡᠬᠢ ᠠᠷᠠᠳ ᠤᠳ ᠨᠢ ᠵᠦᠪᠬᠡᠨ ᠬᠤᠯᠠ ᠵᠠᠮ ᠤᠨ ᠠᠶᠠᠨᠴᠢᠳ ᠤᠨ  ᠮᠠᠰᠢᠨ ᠢ ᠯᠡ ᠲᠦᠰᠢᠭᠯᠡᠵᠦ᠂  ᠶᠠᠪᠤᠵᠤ ᠰᠠᠭᠤᠬᠤ ᠳᠤ ᠶᠡᠭᠡ ᠳᠦᠭᠦᠮ ᠦᠭᠡᠢ ᠪᠠᠶᠢᠬᠤ ᠶᠢ ᠣᠶᠢᠯᠠᠭᠠᠵᠠᠢ᠃   ᠡᠶᠢᠨ ᠬᠦ ᠲᠡᠷᠡ ᠪᠢᠩ ᠵᠧᠦ ᠬᠠᠢ ᠲᠣᠰᠬᠤᠨ ᠳᠤ 64 ᠳ᠋ᠣᠭᠡᠷ ᠵᠠᠮ ᠤᠨ ᠨᠡᠶᠢᠲᠡ ᠶᠢᠨ ᠮᠠᠰᠢᠨ  ᠢ ᠣᠷᠣᠭᠤᠯᠤᠨ ᠠᠪᠴᠢᠷᠠᠵᠤ᠂ ᠵᠠᠮ ᠳᠠᠭᠠᠤ ᠶᠢᠨ ︽ᠬᠤᠶᠠᠷ ᠰᠢᠶᠠᠩ ᠵᠢᠷᠭᠤᠭᠠᠨ ᠲᠣᠰᠬᠤᠨ︾ ᠤ ᠲᠦᠮᠡ ᠭᠠᠷᠤᠢ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠬᠦᠴᠢᠷ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠲᠣᠰᠬᠤᠨ ᠤ ᠠᠷᠠᠳ ᠤᠨ ᠬᠠᠮᠤᠭ ᠤᠨ ᠰᠡᠭᠦᠯᠴᠢ ᠵᠢᠨ‌ᠨᠢᠭᠡ ᠺᠢᠯᠤᠮᠧᠲᠷ ᠢ ᠨᠡᠪᠲᠡᠷᠡᠭᠦᠯᠵᠡᠢ︔ ᠲᠡᠷᠡ ᠪᠠᠰᠠ‌‍ᠲ᠋ᠣᠮᠢᠯᠠᠭᠰᠠᠨ‌‍ᠪᠠᠶᠢᠭᠤᠯᠭ᠎ᠠ ᠨᠢᠭᠡᠴᠢ ᠲᠠᠢ ᠪᠠᠨ ᠬᠠᠷᠢᠴᠠᠵᠦ ᠪᠠᠶᠢᠭᠠᠳ 60 ᠲᠦᠮᠡᠨ ᠲᠥᠭᠦᠷᠢᠭ ᠡᠷᠡᠮᠡᠯᠵᠡᠯᠡᠨ ᠣᠯᠵᠦ᠂ ᠲᠠᠷᠢᠶᠠᠯᠠᠩ ᠤᠨ ᠤᠰᠤᠯᠠᠯᠲᠠ ᠶᠢᠨ ᠰᠠᠭᠤᠷᠢ ᠲᠥᠬᠦᠭᠡᠷᠦᠮᠵᠢ ᠶᠢ ᠰᠢᠨᠡᠳᠭᠡᠨ ᠵᠠᠰᠠᠭᠰᠠᠨ ᠮᠦᠷᠳᠡᠭᠡᠨ  ᠲᠣᠰ ᠲᠤᠰᠬᠤᠨ ᠢ ᠬᠠᠪᠰᠤᠷᠤᠨ ᠲᠡᠳᠬᠦᠵᠦ ᠪᠣᠢ ᠪᠠᠶᠢᠭᠤᠯᠭ᠎ᠠ ᠨᠢᠭᠡᠴᠢ ᠲᠠᠢ ᠪᠠᠨ ᠬᠠᠷᠢᠴᠠᠵᠦ 185 ᠲᠦᠮᠡ  ᠲᠦᠮᠡᠨ ᠲᠥᠭᠦᠷᠢᠭ ᠤᠨ ᠬᠦᠷᠦᠩᠭᠡ ᠣᠷᠣᠭᠤᠯᠵᠤ᠂ ᠪᠦᠬᠦ ᠣᠷᠳᠣ ᠨᠢ ᠪᠠᠷᠤᠭ 105 ᠺᠢᠯᠣᠮᠧᠲᠷ ᠤᠨ ᠲᠦᠭᠡᠭᠡᠯ ᠤᠰᠤᠨ ᠤ ᠬᠤᠭᠤᠯᠠᠶ ᠶᠢ  ᠵᠠᠰᠠᠵᠤ ᠦᠭᠭᠦᠭᠡᠳ6000 ᠢᠯᠡᠭᠦᠦ ᠬᠥᠮᠦᠨ ᠠᠮᠠ ᠳᠤ ᠠᠰᠢᠭ ᠬᠦᠷᠳᠡᠭᠡᠵᠠᠢ᠃       ᠪᠠᠶᠠᠷ ᠶᠠᠳᠠᠭᠤ ᠶᠢ ᠲᠡᠳᠬᠦᠬᠦ ᠨᠡᠶᠢᠭᠡᠮ ᠤᠨ ᠬᠦᠴᠦᠨ ᠲᠠᠢ ᠢᠳᠡᠪᠬᠢᠲᠡᠶ ᠪᠠᠷ ᠬᠠᠷᠢᠴᠠᠵᠦ ᠪᠠᠶᠢᠭᠠᠳ ᠪᠸᠢ ᠨᠤᠦ ᠲᠣᠰᠬᠤᠨ ᠤ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠣᠯᠬᠤ ᠠᠵᠢᠯ ᠳᠤ ᠣᠷᠣᠯᠴᠠᠭᠤᠯᠵᠠᠢ᠃ ᠡᠭᠦᠨ  ᠳᠤ ᠬᠤᠸᠠᠰᠢᠶᠠ  ᠳᠠᠭᠠᠳᠭᠠᠯ ᠤᠨ ᠺᠤᠮᠫᠠᠨᠢ ᠨᠢ ᠪᠸᠢ ᠨᠤᠦ ᠲᠣᠰᠬᠤᠨ ᠲᠠᠢ ᠭᠤᠷᠪᠠᠨ ᠵᠢᠯ ᠤᠨ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠵᠤ᠂ᠡᠮᠴᠢᠯᠡᠭᠡᠨ  ᠤ ᠠᠪᠤᠷᠠᠨ ᠲᠤᠰᠠᠯᠠᠯᠲᠠ᠂ ᠨᠡᠶᠢᠭᠡᠮ ᠤᠨ ᠠᠪᠤᠷᠠᠨ ᠲᠤᠰᠠᠯᠠᠯᠲᠠ᠂ ᠰᠤᠷᠭᠠᠨ ᠬᠥᠮᠦᠵᠢᠯ ᠤᠨ ᠲᠡᠳᠬᠦᠨ ᠲᠡᠮᠵᠢᠯᠭᠡ‌ᠵᠡᠷᠭᠡ ᠲᠠᠯ᠎ᠠ ᠪᠠᠷ ᠣᠨᠣᠴᠠᠲᠠᠶ ᠪᠠᠷ ᠶᠠᠳᠠᠭᠤ ᠶᠢ ᠲᠡᠳᠬᠦᠬᠦ ᠳᠤ ᠬᠦᠴᠦ ᠨᠡᠮᠡᠷᠢᠯᠡᠭᠰᠡᠨ ᠮᠦᠷᠳᠡᠭᠡᠨ ᠪᠸᠢ ᠨᠤᠦ ᠲᠣᠰᠬᠤᠨ ᠳᠤ 15 ᠲᠦᠮᠡᠨ ᠲᠥᠭᠦᠷᠢᠭ ᠤᠨ ᠡᠳ᠋ ᠪᠣᠳᠠᠰ  ᠬᠠᠨᠳᠢᠪᠯᠠᠵᠠᠢ︔ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠲᠠᠢ‌ᠬᠠᠷᠢᠴᠠᠵᠦ ︽ᠬᠠᠶᠢᠷ᠎ᠠ ᠬᠠᠯᠠᠮᠵᠢ ᠪᠠᠷ ᠶᠠᠳᠠᠭᠤ ᠶᠢ ᠲᠡᠳᠬᠦᠬᠦ ᠲᠡᠵᠢᠭᠡᠨ ᠦᠷᠡᠵᠢᠭᠦᠯᠬᠦ ᠲᠠᠯᠠᠪᠠᠶ︾ ᠶᠢᠨ ᠪᠥᠲᠥᠭᠡᠨ ᠪᠠᠶᠢᠭᠤᠯᠤᠯᠲᠠ ᠵᠢᠨ‌‍ᠲ᠋ᠦ᠋ᠰᠦᠯ ᠢ ᠬᠠᠮᠳᠣ  ᠪᠠᠷ ᠬᠡᠷᠡᠭᠵᠢᠭᠦᠯᠵᠦ᠂ ᠬᠥᠷᠢᠶ᠎ᠡ ᠬᠠᠰᠢᠶᠠᠨ ᠤ ᠠᠵᠤ ᠠᠬᠤᠶ ᠶᠢ   ᠬᠦᠭᠵᠢᠭᠦᠯᠵᠠᠢ᠃ ᠡᠶᠢᠨ ᠬᠦ ᠲᠤᠰᠬᠤᠨ  ᠤ ᠠᠷᠠᠳ ᠨᠢ ᠬᠡᠷ ᠠᠴᠠ ᠪᠠᠨ  ᠭᠠᠷᠬᠤ ᠥᠬᠡᠶ᠂ ᠮᠦᠩᠬᠦ ᠵᠠᠷᠤᠴᠠᠭᠤᠯᠬᠤ ᠥᠬᠡᠶ ᠪᠠᠷ ᠢᠯᠡᠭᠦᠤ ᠨᠢᠭᠡ ᠬᠤᠪᠢ ᠠᠵᠢᠯ  ᠲᠠᠢ ᠪᠣᠯᠣᠭᠰᠠᠨ ᠠᠴᠠ ᠲᠣᠭᠲᠠᠪᠤᠷᠢᠲᠠᠶ ᠣᠷᠤᠯᠭ᠎ᠠ ᠲᠠᠢ ᠪᠤᠯᠵᠤ᠂ ᠪᠸᠢ ᠨᠤᠤ ᠲᠣᠰᠬᠤᠨ ᠤ 18 ᠶᠠᠳᠠᠭᠤ ᠬᠦᠴᠢᠷᠳᠡᠯᠲᠡᠶ ᠡᠷᠦᠬᠡ‌ᠣᠷᠣᠯᠴᠠᠭᠠᠳ ᠡᠷᠦᠬᠡ ᠪᠦᠷᠢ ᠶᠢᠨ ᠲᠤᠬᠠᠶ ᠶᠢᠨ ᠵᠢᠯ ‍ᠣᠨ‌‍ᠲ᠋ᠡᠭᠰᠢᠳᠭᠡᠭᠰᠡᠨ ᠣᠷᠣᠯᠭ᠎ᠠ ᠨᠢ 5600 ᠲᠥᠭᠦᠷᠢᠭ ᠨᠡᠮᠡᠭᠳᠡᠭᠰᠡᠨ ᠪᠠᠶᠢᠨ᠎ᠠ︔ ᠲᠡᠷᠡ ᠪᠠᠰᠠ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ  ᠬᠢᠨ ᠲᠠᠢ ᠬᠠᠷᠢᠴᠠᠵᠦ ᠪᠠᠶᠢᠭᠠᠳ ᠲᠦᠮᠡᠳ ᠵᠡᠭᠦᠨ ᠬᠤᠰᠢᠭᠤᠨ ᠤ ᠱᠠᠩᠳᠠᠶ  ᠪᠠᠯᠭᠠᠰᠦ  ᠶᠢᠨ 16 ᠲᠣᠰᠬᠤᠨ ᠤ 411 ᠡᠷᠦᠬᠡ ᠶᠢᠨ 960 ᠬᠥᠮᠦᠨ  ᠤ ᠣᠨᠣᠴᠠᠲᠠᠶ ᠪᠠᠷ ᠶᠠᠳᠠᠭᠤ ᠶᠢ ᠲᠡᠳᠬᠦᠬᠦ ᠶᠠᠳᠠᠭᠤ ᠬᠦᠴᠢᠷᠳᠡᠯᠳᠠᠢ ᠡᠷᠦᠬᠡ ᠳᠤ ᠨᠢ ᠨᠡᠶᠢᠲᠡ 12 ᠲᠦᠮᠡᠨ ᠲᠥᠭᠦᠷᠢᠭ  ᠤᠨ 1000 ᠳ᠋ᠢᠶᠠᠩᠬᠤᠸᠠ ᠶᠢᠨ ᠺᠠᠷᠲ  ᠢ ᠲᠥᠯᠥᠪᠦᠷᠢ ᠥᠬᠡᠶ ᠪᠠᠷ ᠲᠠᠷᠬᠠᠭᠠᠪᠠ᠃ 2018 ᠣᠨ ᠤ ᠰᠡᠭᠦᠯᠴᠢ ᠪᠠᠷ ᠪᠥᠬᠦ ᠲᠣᠰᠬᠤᠨ ᠤ ᠳᠠᠩᠰᠠᠯᠠᠵᠤ ᠺᠠᠷᠲᠯᠠᠭᠰᠠᠨ 30 ᠶᠠᠳᠠᠭᠤ ᠬᠦᠴᠢᠷᠳᠡᠯᠲᠡᠶ ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠵᠠᠢ᠃         2019 ᠣᠨ ᠤ ︽7 ·1︾  ᠤ ᠬᠤᠭᠤᠴᠠᠭᠠᠨ ᠳᠤ ᠪᠠᠶᠠᠷ ᠬᠠᠶᠢᠷ᠎ᠠ ᠬᠠᠯᠠᠮᠵᠢ ᠵᠢᠨ‌ᠨᠡᠶᠢᠲᠡ ᠶᠢᠨ ᠠᠰᠠᠷᠠᠮᠵᠢ ᠶᠢᠨ ᠠᠵᠤ ᠠᠬᠤᠶᠢᠯᠠᠯ ᠤᠨ ᠬᠠᠶᠢᠷ᠎ᠠ ᠪᠠᠷ ᠰᠤᠷᠤᠯᠭ᠎ᠠ ᠶᠢ ᠲᠡᠳᠭᠦᠭᠦ ᠲᠦᠷᠦᠯ ᠵᠦᠢᠯ ᠲᠠᠢ ᠬᠠᠷᠢᠴᠠᠵᠦ ᠪᠠᠶᠢᠭᠠᠳ ᠱᠠᠩᠳᠠᠶ ᠪᠠᠯᠭᠠᠰᠦ ᠶᠢᠨ ᠲᠦᠪ ᠰᠤᠷᠭᠠᠭᠤᠯᠢ ᠶᠢᠨ 146  ᠰᠤᠷᠤᠭᠴᠢ ᠳᠤ 3 ᠲᠦᠮᠡ ᠭᠠᠷᠤᠢ ᠲᠥᠭᠦᠷᠢᠭ ᠤᠨ ᠬᠠᠪᠤᠷ ᠨᠠᠮᠤᠷ ᠤᠨ ᠰᠤᠷᠭᠠᠭᠤᠯᠢ ᠶᠢᠨ ᠬᠤᠪᠴᠠᠰᠤ ᠬᠠᠨᠳᠢᠪᠯᠠᠪᠠ ︔ 2019 ᠣᠨ ᠤ 2 ᠳ᠋ᠣᠭᠠᠷ ᠰᠠᠷ᠎ᠠ ᠳᠤ ᠪᠠᠶᠠᠷ ᠥᠪᠡᠷ ᠢᠶᠠᠨ 4 ᠲᠦᠮᠡᠨ ᠲᠥᠭᠦᠷᠢᠭ ᠴᠤᠭᠯᠠᠭᠤᠯᠵᠤ᠂ 9 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠡᠷᠡᠮᠡᠯᠵᠡᠯᠡᠨ ᠣᠯᠵᠦ᠂  ᠣᠨᠣᠴᠠᠲᠠᠶ ᠪᠠᠷ ᠶᠠᠳᠠᠭᠤ  ᠶᠢ ᠲᠡᠳᠭᠦᠭᠦ ᠶᠠᠳᠠᠭᠤ ᠬᠦᠴᠢᠷᠳᠡᠯᠲᠡᠶ 6 ᠡᠷᠦᠬᠡ ᠶᠢᠨ12  ᠬᠦᠮᠦᠨ  ᠢ ᠵᠣᠬᠢᠶᠠᠨ ᠪᠠᠶᠢᠭᠤᠯᠤᠨ ᠪᠸᠢ ᠨᠤᠤ ᠲᠣᠰᠬᠤᠨ ᠤ ᠶᠦᠨ ᠯᠢ ᠡᠭᠦᠯᠳᠡᠷ ᠤᠨ ᠶᠠᠳᠠᠭᠤ ᠶᠢ  ᠲᠡᠳᠭᠦᠨ ᠬᠠᠷᠢᠯᠴᠠᠨ ᠬᠠᠪᠰᠤᠷᠤᠯᠴᠠᠬᠤ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠭᠤᠯᠵᠦ᠂ ᠲᠤᠰᠬᠠᠶ ᠬᠤᠷᠰᠢᠶᠠᠵᠢᠯ ‍ᠣᠨ‌ᠠᠵᠦ ᠠᠬᠤᠢ ᠶᠢᠨ ᠳᠠᠪᠠᠭᠤᠯᠢᠭ ᠢᠶᠠᠷ ᠶᠠᠳᠠᠭᠤ ᠬᠦᠴᠢᠷᠳᠡᠯᠲᠡᠶ ᠡᠷᠦᠬᠡ ᠶᠢᠨ ᠬᠥᠭᠵᠢᠯᠲᠡ ᠶᠢ ᠳᠠᠶᠢᠴᠢᠯᠠᠵᠤ᠂ ᠬᠡᠷ ᠪᠦᠯᠢ ᠶᠢᠨ ᠵᠠᠬᠢᠶᠠᠯᠠᠭ᠎ᠠ ᠶᠢᠨ ᠬᠠᠮᠲᠤᠷᠠᠯᠴᠠᠭ᠎ᠠ᠂ ᠡᠯᠧᠺᠲᠷᠣᠨ ᠬᠤᠳᠠᠯᠳᠤᠭ᠎ᠠ ᠵᠡᠷᠭᠡ ᠪᠣᠷᠣᠯᠠᠭᠤᠯᠭ᠎ᠠ ᠵᠢᠨ‌ᠵᠠᠭᠪᠤᠷ ᠢ ᠬᠡᠷᠡᠭᠵᠢᠭᠦᠯᠦᠭᠡᠳ ︽ᠲᠠᠨ ᠤ ᠬᠡᠷ ᠲᠤ ᠲᠠᠬᠢᠶ᠎ᠠ ᠲᠠᠢ᠂ ᠪᠤᠰᠤᠳ ᠠᠶᠢᠯ ᠳᠤ ᠬᠤᠨᠢ ᠲᠠᠢ︾ ᠣᠯᠠᠨ  ᠡᠰᠢᠵᠢᠭᠦᠯᠦᠭᠰᠡᠨ ᠲᠡᠵᠢᠭᠡᠨ ᠦᠷᠡᠵᠢᠭᠦᠯᠬᠦ ᠵᠠᠭᠪᠤᠷ ᠢ ᠪᠣᠶ ᠪᠣᠯᠭᠠᠪᠠ᠃ ᠲᠡᠭᠡᠭᠰᠡᠨ  ᠢᠶᠠᠷ ᠪᠸᠢ ᠨᠤᠤ ᠲᠣᠰᠬᠤᠨ ᠤ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠡᠷᠦᠬᠡ ᠨᠢ  ᠰᠣᠬᠤᠷ ᠮᠦᠩᠬᠦ ᠴᠦ ᠵᠠᠷᠤᠴᠠᠭᠤᠯᠬᠤ ᠥᠬᠡᠶ ᠪᠠᠷ ᠵᠢᠯ ᠪᠦᠷᠢ ᠪᠠᠰᠠ ᠨᠢᠭᠡ ᠬᠤᠪᠢ ᠬᠤᠷᠰᠢᠶᠠᠵᠢᠯ ᠤᠨ ᠠᠰᠢᠭ  ᠣᠯᠬᠤ ᠪᠣᠯᠵᠦ‌‍ᠲ᠋ᠠᠬᠢᠨ ᠶᠠᠳᠠᠭᠤᠷᠠᠬᠤ ᠦᠵᠡᠭᠳᠡᠯ ᠢ ᠦᠨᠳᠦᠰᠦᠨ ᠠᠴᠠ ᠨᠢ ᠠᠷᠢᠯᠭᠠᠪᠠ︔ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠠᠴᠠ 50 ᠲᠦᠮᠡᠨ ᠲᠥᠭᠦᠷᠢᠭ ᠤᠨ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ ᠶᠢ ᠡᠷᠡᠮᠡᠯᠵᠡᠯᠡᠵᠦ ᠣᠯᠣᠭᠠᠳ‌‍ᠲ᠋ᠣᠰᠬᠤᠨ ᠤ ᠬᠠᠮᠲᠤ ᠶᠢᠨ ᠠᠵᠤ ᠦᠢᠯᠡᠰ —  ᠰᠢᠮᠮᠧᠨ᠋ᠲ᠋ᠠᠯ ᠦᠬᠡᠷ ᠢ ᠪᠣᠷᠳᠣᠬᠤ ᠲᠥᠷᠥᠯ ᠵᠤᠶᠢᠯ ᠢ ᠬᠥᠭᠵᠢᠭᠦᠯᠬᠦ ᠳᠤ ᠬᠡᠷᠡᠭᠯᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠲᠤᠰᠠ ᠶᠢ ᠬᠠᠮᠳᠣ ᠪᠠᠷ ᠡᠳ᠋ᠯᠡᠵᠦ ᠬᠠᠮᠳᠣ ᠪᠠᠷ ᠢᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠡᠶᠡᠯᠡᠭᠦᠯᠵᠠᠢ︔ 2020 ᠣᠨ ᠤ ᠡᠬᠢᠨ ᠳᠤ ᠪᠸᠢ  ᠨᠤᠦ ᠲᠣᠰᠬᠤᠨ ᠳᠤ ᠥᠪᠡᠷᠲᠡᠭᠡᠨ ᠵᠠᠰᠠᠬᠤ ᠣᠷᠣᠨ ᠤ 90 ᠭᠠᠷᠤᠶ ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ  ᠣᠯᠣᠭᠠᠳ ᠪᠸᠢ  ᠨᠤᠦ  ᠲᠣᠰᠬᠤᠨ ᠤ ᠦᠶᠡᠷ ᠤᠨ ᠣᠰᠣ ᠶᠢ ᠵᠠᠯᠠᠬᠤ ᠪᠠ ᠬᠡᠷᠡᠯ ᠴᠡᠨᠡᠭ ᠤᠨ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ  ᠲᠦᠰᠦᠯ ᠢ ᠰᠢᠢᠳᠪᠦᠷᠢᠯᠡᠵᠠᠢ᠃     ᠪᠠᠶᠠᠷ ᠬᠦᠰᠡᠯ ᠵᠤᠷᠢᠯᠳᠠ ᠪᠠᠨ ᠳᠤᠮᠳᠠᠳᠤ ᠶᠢᠨ ᠬᠦᠰᠡᠯ  ᠢ ᠪᠡᠶᠡᠯᠡᠭᠦᠯᠬᠦ ᠴᠠᠭ ᠦᠶ᠎ᠡ ᠶᠢᠨ ᠤᠷᠤᠰᠬᠠᠯ ᠳᠤ ᠠᠭᠤᠰᠬᠠᠵᠤ᠂ ᠨᠠᠮ ᠪᠣᠯᠤᠨ ᠤᠯᠠᠨ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠦᠭᠰᠡᠨ ᠦᠭᠡᠢ᠃ ᠲᠡᠷᠡ ᠪᠠᠷ ᠶᠠᠳᠠᠭᠤ ᠠᠴᠠ ᠠᠩᠭᠢᠵᠢᠷᠠᠭᠤᠯᠬᠤ‌‍ᠪᠣᠭᠤᠮᠳᠠ ᠰᠢᠪᠳᠣᠯᠬᠤ ᠠᠵᠢᠯ  ᠤᠨ ᠳᠤᠮᠳᠠ ︽ᠮᠣᠩᠭᠤᠯ ᠮᠣᠷᠢ︾ ᠰᠢᠭ᠋ ᠲᠡᠰᠪᠦᠷᠢ ᠬᠠᠲᠠᠭᠤᠵᠢᠯᠲᠠᠢ ᠪᠠᠷ ᠴᠤᠴᠠᠯᠲᠠ ᠦᠭᠡᠢ ᠤᠷᠤᠭᠰᠢᠯᠠᠵᠤ᠂ ᠦᠢᠯᠡ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ᠦᠨᠡᠨᠴᠢ ᠰᠢᠳᠤᠷᠭᠤ ᠪᠠ ᠡᠭᠦᠷᠭᠡ ᠬᠠᠷᠢᠭᠤᠴᠠᠯᠭ᠎ᠠ ᠪᠠᠨ‌ᠦᠵᠡᠭᠦᠯᠵᠦ᠂ ︽ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯ ᠢᠶᠠᠨ  ᠬᠠᠮᠳᠣ ᠪᠠᠷ ᠪᠡᠶᠡᠯᠡᠭᠦᠯᠬᠦ︾᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠣᠯᠣᠨ‌‍ᠲ᠋ᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠨᠡᠮᠡᠷᠢᠯᠡᠵᠠᠢ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号