ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ︽ᠪᠢ ᠤᠯᠠᠨ ᠲᠦᠮᠡᠨ ᠳᠤ ᠪᠤᠳᠠᠳᠠᠢ ᠶᠠᠪᠤᠳᠠᠯ ᠬᠢᠵᠤ ᠦᠭᠭᠦᠨ᠎ᠡ︾ ᠦᠢᠯᠡᠳᠤᠯᠬᠡ ᠶᠢᠨ ᠠᠵᠢᠯᠯᠠᠭ᠎ᠠ ᠶᠢᠨ ᠰᠠᠨᠠᠯ ᠰᠠᠨᠠᠭᠤᠯᠭ᠎ᠠ ᠬᠦᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2021/5/28
ᠨᠠᠮ ᠤᠨ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠱᠠᠭᠠᠷᠳᠠᠯᠭ᠎ᠠ ᠶᠤᠰᠤᠭᠠᠷ ᠤᠯᠠᠨ ᠲᠦᠮᠡᠨ ᠤ ᠬᠠᠮᠤᠭ ᠠᠴᠠ ᠰᠠᠨᠠᠭᠠᠰᠢᠷᠠᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠲᠤᠰᠨ ᠶᠢᠨ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠵᠤ᠂ ᠤᠯᠠᠨ ᠲᠦᠮᠡᠨ ᠤ ᠬᠦᠴᠢᠷᠳᠡᠯ ᠠᠰᠠᠭᠤᠳᠠᠯ ᠢ ᠰᠢᠢᠳᠪᠤᠷᠢᠯᠡᠬᠦ ᠪᠠ ᠪᠤᠳᠠᠳᠠᠢ ᠶᠠᠪᠤᠳᠠᠯ ᠬᠢᠵᠤ ᠦᠭᠭᠦ ᠠᠵᠢᠯ ᠤᠨ ᠤᠷᠳᠤᠮᠵᠢ ᠶᠢᠨ ᠲᠤᠬᠳᠠᠯᠴᠠᠭ᠎ᠠ ᠶᠢ ᠪᠤᠢ ᠪᠤᠯᠭᠠᠨ᠂ ᠤᠯᠠᠨ ᠲᠦᠮᠡᠨ ᠤ ᠬᠦᠴᠢᠷᠳᠡᠯ ᠠᠰᠠᠭᠤᠳᠠᠯ ᠢ ᠰᠢᠢᠳᠪᠤᠷᠢᠯᠡᠨ᠂ ᠤᠯᠠᠨ ᠲᠦᠮᠡᠨ ᠳᠤ ᠪᠤᠳᠠᠳᠠᠢ ᠶᠠᠪᠤᠳᠠᠯ ᠬᠢᠬᠦ ᠴᠢᠳᠠᠪᠤᠷᠢ ᠪᠠ ᠲᠦᠪᠰᠢᠨ ᠢᠶᠠᠨ ᠲᠡᠭᠡᠭᠰᠢᠯᠡᠬᠦᠯᠬᠦ ᠶᠢᠨ ᠲᠦᠯᠦᠬᠡ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠠᠷᠠᠳ ᠤᠨ ᠠᠮᠢᠳᠤᠷᠠᠯ ᠢ ᠠᠷᠠᠳ ᠠᠴᠠ ᠠᠰᠠᠭᠤᠬᠤ᠂ ᠠᠷᠠᠳ ᠤᠨ ᠬᠡᠷᠡᠭᠴᠡᠭᠡ ᠶᠢᠨ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭᠠᠨ ᠦᠷᠨᠢᠬᠦᠯᠬᠦ ᠪᠠᠷ ᠰᠢᠢᠳᠪᠡ᠃   ᠦᠨᠤ ᠨᠡᠶᠢᠬᠡᠮ ᠤᠨ ᠡᠯ᠎ᠡ ᠡᠳᠡᠬᠡᠳ ᠤᠨ ᠬᠢᠨ ᠪᠤᠯᠤᠨ ᠤᠯᠠᠨ ᠲᠦᠮᠡᠨ ᠠᠴᠠ ︽ᠪᠢ ᠠᠵᠤ ᠠᠬᠤᠶᠢᠯᠠᠯ ᠳᠤ ᠪᠤᠳᠠᠳᠠᠢ ᠶᠠᠪᠤᠳᠠᠯ ᠬᠢᠵᠤ ᠦᠭᠭᠦ︾ ᠠᠵᠢᠯᠯᠠᠭᠠᠨ᠂ ︽ᠵᠤᠪᠠᠨᠢᠯ ᠢ ᠰᠢᠢᠳᠪᠤᠷᠢᠯᠡᠨ ᠰᠡᠳᠬᠢᠯ ᠢ ᠨᠢ ᠲᠤᠯᠠᠭᠠᠯᠠᠵᠤ ᠨᠠᠮ ᠤᠨ ᠡᠨᠡᠷᠢᠯ ᠢ ᠲᠠᠮᠵᠢᠭᠤᠯᠬᠤ︾ ᠠᠵᠢᠯᠯᠠᠭᠠᠨ᠂ ︽ᠰᠢᠨ᠎ᠡ ᠴᠠᠭ ᠦᠶ᠎ᠡ ᠰᠢᠨ᠎ᠡ ᠨᠡᠶᠢᠬᠡᠮ ᠲᠤᠭᠤᠷᠢᠭ ᠰᠢᠨ᠎ᠡ ᠠᠮᠢᠳᠤᠷᠠᠯ︾ ᠦᠢᠯᠡᠴᠢᠯᠡᠬᠡᠨ ᠤ ᠶᠠᠰᠤ ᠴᠢᠨᠠᠷ ᠢ ᠲᠡᠭᠡᠭᠰᠢᠯᠡᠬᠦᠯᠬᠦ ᠠᠵᠢᠯᠯᠠᠭᠠᠨ᠂ ︽ᠭᠠᠵᠠᠷ ᠤᠨ ᠨᠡᠷ᠎ᠡ ᠶᠢᠨ ᠰᠤᠶᠤᠯ ᠢ ᠬᠠᠮᠠᠭᠠᠠᠯᠠᠵᠤ᠂ ᠭᠠᠨᠭ᠍ᠭᠠᠡᠭ ᠨᠤᠳᠤᠭ ᠤᠨ ᠮᠦᠷᠤᠬᠡᠳᠤᠯ ᠢᠶᠠᠨ ᠮᠠᠨᠠᠶ᠎ᠠ︾ ᠬᠦᠳᠡᠭᠡ ᠲᠤᠰᠬᠤᠨ ᠤ ᠭᠠᠵᠠᠷ ᠤᠨ ᠨᠡᠷ᠎ᠡ  ᠶᠢᠨ ᠴᠢᠮᠡᠭᠡ ᠵᠠᠩᠭᠢ ᠶᠢᠨ ᠦᠢᠯᠡᠴᠢᠯᠡᠭᠡ ᠶᠢ ᠲᠡᠭᠡᠭᠰᠢᠯᠡᠬᠦᠯᠬᠦ ᠠᠵᠢᠯᠯᠠᠭᠠᠨ᠂ ︽ᠬᠦᠴᠢᠷᠳᠡᠯᠳᠡᠢ ᠵᠡᠮᠳᠡᠭᠴᠤᠳ ᠤᠨ ᠠᠮᠢᠳᠤᠷᠠᠯ ᠤᠨ ᠨᠦᠬᠦᠪᠤᠷᠢ ᠪᠠ ᠨᠤᠴᠢᠳᠠᠢ ᠵᠡᠮᠳᠡᠭᠴᠤᠳ ᠢ ᠰᠤᠪᠢᠯᠠᠬᠤ ᠨᠦᠬᠦᠪᠤᠷᠢ ᠶᠢ ᠬᠢᠷᠢ ᠬᠡᠮ ᠢ ᠲᠤᠬᠳᠠᠭᠠᠬᠤ ᠡᠷᠡᠮᠡᠯᠵᠡᠯ ᠢ ︿ᠮᠤᠵᠢ ᠠᠯᠤᠰᠯᠠᠨ﹀ ᠬᠦᠢᠴᠡᠳᠬᠡᠬᠦ︾ ᠠᠵᠢᠯᠯᠠᠭᠠᠨ᠂ ︽ᠨᠠᠰᠤᠳᠠᠶᠢᠴᠤᠳ ᠢ ᠬᠠᠮᠠᠯᠵᠢᠯᠠᠨ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦᠯᠬᠦ︾ ᠠᠵᠢᠯᠯᠠᠭᠠᠨ᠂ ︽ᠠᠷᠠᠴᠢᠯᠠᠨ ᠲᠡᠵᠢᠬᠡᠬᠦ ᠬᠦᠮᠦᠨ ᠦᠬᠡᠢ ᠬᠡᠤᠬᠡᠳ ᠤᠨ ᠰᠤᠷᠤᠯᠭ᠎ᠠ ᠶᠢ ᠲᠡᠮᠵᠢᠬᠦ ᠢᠨᠵᠧᠨᠧᠷᠢᠩ︾᠂ ︽ᠲᠠᠪᠤᠨ ᠨᠡᠶᠢᠬᠡᠮ ᠬᠤᠯᠪᠤᠭᠠᠯᠠᠨ ᠦᠨᠳᠤᠰᠤᠨ ᠱᠠᠳᠤ ᠶᠢ ᠬᠠᠶᠢᠷ᠎ᠠ  ᠪᠠᠷ ᠲᠤᠯᠠᠭᠠᠯᠠᠬᠤ︾ ᠠᠵᠢᠯᠯᠠᠭᠠᠨ ᠤ ᠲᠠᠯ᠎ᠠ ᠪᠠᠷ ᠬᠢ ᠬᠡᠷᠡᠭᠴᠡᠭᠡ ᠪᠠ ᠰᠠᠨᠠᠯ ᠰᠠᠨᠠᠭᠤᠯᠭ᠎ᠠ ᠶᠢ ᠬᠤᠷᠢᠶᠠᠬᠤ ᠪᠤᠯᠤᠨ᠎ᠠ᠃   ᠨᠡᠶᠢᠬᠡᠮ ᠤᠨ ᠡᠯ᠎ᠡ ᠡᠳᠡᠬᠡᠳ ᠤᠨ ᠬᠢᠨ ᠪᠤᠯᠤᠨ ᠤᠯᠠᠨ ᠲᠦᠮᠡᠨ ᠲᠠᠷᠠᠭᠠᠬᠢ ᠬᠡᠳᠤᠨ ᠠᠷᠭ᠎ᠠ ᠪᠠᠷ ᠰᠠᠨᠠᠯ ᠰᠠᠨᠠᠭᠤᠯᠭ᠎ᠠ ᠪᠠᠨ ᠲᠡᠪᠰᠢᠬᠦᠯᠬᠦ ᠶᠢ ᠪᠠᠶᠠᠷᠯᠠᠨ ᠤᠬᠳᠤᠵᠤ ᠪᠠᠶᠢᠨ᠎ᠠ᠃1᠂  ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠠᠯᠪᠠᠨ ᠤ ᠰᠦᠯᠵᠢᠶᠡᠨ ᠳᠤ ᠨᠡᠪᠳᠡᠷᠡᠵᠤ ᠦᠬᠡ ᠦᠯᠡᠳᠡᠬᠡᠵᠤ ᠪᠤᠯᠤᠨ᠎ᠠ᠃http://mzt.nmg.gov.cn/2᠂ ᠢᠮᠧᠯ ᠶᠠᠪᠤᠭᠤᠯᠵᠤ ᠪᠤᠯᠤᠨ᠎ᠠ     mztjgdw813@163.com3᠂ ᠵᠠᠬᠢᠳᠠᠯ ᠴᠢᠮᠡᠭᠡ ᠶᠠᠪᠤᠭᠤᠯᠬᠤ᠄ᠬᠦᠬᠡᠬᠤᠳᠠ ᠶᠢᠨ ᠰᠢᠨᠬᠤᠸ᠋ᠨ ᠵᠡᠬᠡᠯᠢ ᠶᠢᠨ 63 ᠳ᠋ᠤᠭᠠᠷ ᠨᠤᠮᠧᠷ    ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ  ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠤᠳᠤᠷᠢᠳᠬᠤ ᠲᠤᠭᠤᠶᠢᠯᠡᠩ ᠤᠨ ᠠᠯᠪᠠᠨ ᠬᠡᠷ    ᠰᠢᠤᠳᠠᠨ ᠤ ᠨᠤᠮᠧᠷ᠄ 010055呼和浩特市新华大街63号内蒙古自治区民政厅党史学习教育领导小组办公室,邮编:010055。 ᠤᠨᠴᠠᠭᠠᠶᠢᠯᠠᠨ ᠵᠠᠷᠯᠠᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号