ᠰᠢᠯᠢ ᠶᠢᠨ  ᠭᠤᠤᠯ᠄ ᠨᠠᠶᠢᠭᠡᠮ ᠤᠨ  ᠠᠪᠤᠷᠠᠨ ᠲᠤᠰᠠᠯᠠᠬᠤ ᠭᠡᠪᠴᠢᠶᠡᠨ ᠳᠤ ᠬᠢ  ᠢᠳᠡᠭᠡᠮᠵᠢ ᠶᠢᠨ ᠰᠢᠰᠲ᠋ᠧᠮ ᠤᠨ  ᠪᠠᠶᠢᠭᠤᠯᠤᠯᠳᠠ ᠶᠢ ᠲᠤᠭᠳᠠᠭᠤᠨ ᠢᠶᠠᠷ ᠠᠭᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/6/9
    ᠰᠢᠯᠢ   ᠶᠢᠨ ᠭᠤᠤᠯ ᠠᠶᠢᠮᠠᠭ ᠤᠨ  ᠠᠷᠠᠤᠨ ᠤᠨ  ᠶᠠᠪᠤᠳᠠᠯ ᠤᠨ  ᠲᠤᠪᠴᠢᠶ᠎ᠠ ᠨᠢ ᠬᠦᠴᠢᠷᠳᠠᠢ ᠤᠯᠠᠨ ᠲᠦᠮᠠᠨ  ᠤ  ᠦᠨᠳᠤᠰᠤᠨ ᠠᠰᠢᠭ ᠲᠤᠰᠠ ᠶᠢ ᠪᠠᠳᠤᠯᠠᠬᠤ ᠪᠠᠷ ᠵᠤᠷᠢᠯᠳᠠ ᠪᠤᠯᠭᠠᠵᠤ᠂  ᠨᠠᠶᠢᠭᠡᠮ ᠤᠨ  ᠠᠪᠤᠷᠠᠨ ᠲᠤᠰᠠᠯᠠᠬᠤ ᠭᠡᠪᠴᠢᠶᠠᠨ ᠳᠤ ᠬᠢ ᠢᠳᠡᠭᠡᠮᠵᠢ ᠶᠢᠨ ᠰᠢᠰᠲ᠋ᠧᠮ ᠤᠨ  ᠪᠠᠶᠢᠭᠤᠯᠤᠯᠳᠠ ᠶᠢ ᠲᠤᠭᠳᠠᠭᠤᠨ ᠢᠶᠠᠷ ᠠᠭᠢᠭᠤᠯᠵᠤ᠂  ᠨᠠᠶᠢᠭᠡᠮ ᠤᠨ   ᠠᠪᠤᠷᠠᠨ ᠲᠤᠰᠠᠯᠠᠭᠳᠠᠬᠤ ᠡᠳᠡᠭᠡᠤᠨ ᠤᠨ  ᠢᠳᠡᠭᠡᠯ ᠢᠶᠠᠨ ᠠᠯᠳᠠᠬᠤ ᠠᠵᠢᠯᠯᠠᠭ᠎ᠠ ᠶᠢ ᠪᠦᠳᠤᠮᠵᠢᠳᠠᠢ ᠬᠤᠷᠢᠭᠯᠠᠵᠤ᠂  ᠨᠠᠶᠢᠭᠡᠮ ᠤᠨ  ᠠᠪᠤᠷᠠᠨ ᠲᠤᠰᠠᠯᠠᠬᠤ ᠠᠵᠢᠯ ᠢ  ᠨᠡᠩ ᠤᠨᠤᠪᠴᠢᠳᠠᠢ ᠪᠤᠯᠭᠠᠵᠤ  ᠪᠠᠶᠢᠨ᠎ᠠ᠃      ᠨᠢᠭᠡ ᠳᠤ᠂  ᠭᠡᠯᠡᠵᠤ ᠮᠡᠳᠡᠬᠦᠯᠬᠦ ᠪᠠ ᠠᠮᠠᠯᠳᠠᠬᠤ ᠶᠢ ᠵᠡᠷᠭᠡ ᠪᠠᠷ ᠭᠡᠷᠡᠭᠵᠢᠬᠦᠯᠵᠤ ᠠᠪᠤᠷᠠᠨ ᠲᠤᠰᠠᠯᠠᠭᠳᠠᠬᠤ ᠡᠳᠡᠭᠡᠤᠨ ᠤᠨ  ᠢᠳᠡᠭᠡᠯ ᠢᠶᠠᠨ ᠠᠯᠳᠠᠬᠤ ᠶᠠᠪᠤᠳᠠᠯ ᠢ  ᠦᠨᠳᠤᠰᠤᠨ ᠠᠴᠠ ᠨᠢ ᠪᠦᠳᠤᠮᠵᠢᠳᠠᠢ ᠬᠤᠷᠢᠭᠯᠠᠪᠠ᠃  ᠨᠡᠶᠢᠭᠡᠮ ᠤᠨ  ᠠᠪᠤᠷᠠᠨ ᠲᠤᠰᠠᠯᠠᠬᠤ ᠠᠵᠢᠯ ᠳᠤ ᠭᠡᠷ ᠪᠦᠯᠢ ᠶᠢᠨ ᠤᠷᠤᠯᠭ᠎ᠠ ᠪᠠ ᠡᠳ᠋ ᠬᠦᠷᠤᠩᠭᠡ ᠪᠠᠨ ᠮᠠᠳᠠᠬᠦᠯᠬᠦ ᠠᠮᠠᠯᠠᠯᠳᠠ ᠶᠢᠨ ᠲᠦᠷᠢᠮ ᠢ  ᠪᠠᠶᠢᠭᠤᠯᠵᠤ᠂  ᠠᠪᠤᠷᠠᠨ ᠲᠤᠰᠠᠯᠠᠭᠳᠠᠬᠤ ᠪᠠᠷ  ᠡᠷᠡᠮᠡᠯᠵᠡᠯᠡᠭᠴᠢ ᠳᠤ ︽ᠨᠠᠶᠢᠭᠡᠮ ᠤᠨ  ᠠᠪᠤᠷᠠᠨ ᠲᠤᠰᠯᠠᠬᠤ ᠬᠤᠪᠢ ᠬᠦᠮᠤᠨ ᠤ  ᠢᠳᠡᠭᠡᠮᠵᠢ ᠶᠢᠨ ᠮᠠᠳᠠᠬᠦᠯᠬᠦ ᠪᠢᠴᠢᠭ︾   ᠢ  ᠲᠠᠷᠬᠠᠭᠠᠵᠤ᠂  ᠡᠬᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂  ᠢᠳᠡᠭᠡᠯ ᠢᠶᠠᠨ ᠠᠯᠳᠠᠪᠠᠯ ᠶᠠᠯᠠᠭᠳᠠᠬᠤ ᠠᠵᠢᠯ ᠤᠨ  ᠤᠳᠤᠷᠢᠳᠤᠮᠵᠢ ᠶᠢ ᠪᠤᠢ ᠪᠤᠯᠭᠠᠵᠤ᠂  ᠠᠪᠤᠷᠠᠨ ᠲᠤᠰᠠᠯᠠᠭᠳᠠᠬᠤ ᠪᠠᠷ ᠡᠷᠡᠮᠡᠯᠵᠢᠯᠡᠭᠰᠡᠨ ᠤᠯᠠᠨ ᠲᠦᠮᠠᠨ ᠦᠪᠡᠷ ᠤᠨ ᠤᠬᠠᠮᠰᠠᠷ ᠠᠴᠠ ᠪᠠᠨ ᠢᠳᠡᠭᠡᠮᠵᠢ ᠲᠠᠢ ᠪᠠᠶᠢᠬᠤ ᠵᠦᠭ ᠬᠦᠳᠡᠯᠦᠭᠰᠡᠨ ᠪᠠᠶᠢᠨ᠎ᠠ᠃  ᠬᠤᠶᠠᠷ   ᠲᠤ᠂  ᠭᠢᠨᠠᠵᠤ ᠬᠠᠷᠭᠠᠭᠤᠯᠬᠤ ᠠᠵᠢᠯ ᠢᠶᠠᠨ ᠴᠢᠩᠭᠠᠳᠬᠠᠵᠤ᠂  ᠠᠪᠤᠷᠠᠨ ᠲᠤᠰᠠᠭᠠᠭᠳᠠᠵᠤ ᠪᠠᠶᠢᠭ᠎ᠠ ᠭᠡᠷ ᠪᠦᠯᠢ ᠶᠢᠨ ᠬᠤᠪᠢᠷᠠᠯᠳᠠ ᠶᠢ ᠴᠠᠭ ᠲᠤᠬᠠᠢ ᠳᠤᠨᠢ  ᠡᠵᠡᠮᠰᠢᠭᠰᠡᠨ ᠪᠠᠶᠢᠨ᠎ᠠ᠃  ᠠᠪᠤᠷᠠᠨ ᠲᠤᠰᠠᠯᠠᠭᠳᠠᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠲᠤᠭᠳᠠᠭᠰᠠᠨ ᠬᠤᠭᠤᠴᠠᠭ᠎ᠠ ᠲᠠᠢ ᠮᠠᠳᠠᠬᠦᠯᠬᠦ ᠪᠠ ᠬᠦᠳᠡᠯᠦᠩᠬᠦᠢ ᠪᠠᠷ ᠲᠤᠭᠳᠠᠭᠰᠠᠨ ᠬᠤᠭᠤᠴᠠᠭᠠᠨ ᠳᠤ ᠭᠢᠨᠠᠵᠤ ᠬᠠᠷᠭᠠᠭᠤᠯᠬᠤ ᠲᠦᠷᠢᠮ ᠢ ᠲᠡᠬᠦᠯᠳᠠᠷᠵᠢᠬᠦᠯᠵᠤ᠂  ᠠᠪᠤᠷᠠᠨ ᠲᠤᠰᠠᠯᠠᠭᠳᠠᠵᠤ ᠪᠠᠶᠢᠭ᠎ᠠ ᠭᠡᠷ ᠪᠦᠯᠢ ᠶᠢᠨ ᠬᠢᠨ  ᠬᠦᠳᠡᠯᠤᠩᠬᠦᠢ ᠪᠠᠷ ᠮᠠᠳᠠᠬᠦᠯᠬᠦ ᠶᠢᠨ ᠬᠠᠮᠳᠤ ᠡᠷᠤᠭᠡ ᠳᠤ ᠤᠷᠤᠵᠤ  ᠪᠠᠶᠢᠴᠠᠭᠠᠬᠤ᠂  ᠬᠦᠷᠰᠢ ᠵᠡᠷᠭᠡᠯᠡᠳᠡᠭᠡ ᠠᠶᠢᠯ ᠠᠴᠠ ᠰᠤᠷᠤᠭᠯᠠᠬᠤ᠂  ᠵᠠᠬᠢᠳᠠᠯ ᠴᠢᠮᠡᠭᠡ ᠪᠠᠷ ᠭᠡᠷᠡᠴᠢ ᠠᠪᠬᠤ ᠪᠠ ᠬᠠᠮᠢᠶ᠎ᠠ ᠲᠠᠢ ᠰᠠᠯᠠᠭ᠎ᠠ ᠶᠢᠨ ᠲᠤᠭ᠎ᠠ ᠪᠠᠷᠢᠮᠳᠠ ᠶᠢ ᠠᠳᠠᠯᠢᠳᠬᠠᠬᠤ ᠵᠡᠷᠭᠡ ᠭᠡᠯᠪᠡᠷᠢ ᠪᠠᠷ ᠠᠪᠤᠷᠠᠨ ᠲᠤᠰᠠᠯᠠᠭᠳᠠᠬᠤ ᠡᠷᠡᠮᠡᠯᠵᠢᠯᠡᠭᠴᠢᠤᠨ ᠲᠤ ︽ᠠᠪᠤᠷᠠᠨ ᠲᠤᠰᠠᠯᠠᠬᠤ ᠪᠤᠯᠭᠠᠨ ᠢ  ᠡᠷᠭᠡᠪᠰᠢ ᠭᠢᠨᠡᠬᠤ︾ ᠶᠢ ᠪᠠᠶᠠᠯᠠᠬᠦᠯᠵᠤ᠂  ᠲᠤᠰᠠᠯᠠᠭᠳᠠᠵᠤ ᠪᠠᠶᠢᠭ᠎ᠠ ᠡᠳᠡᠭᠡᠤᠨ ᠢ  ᠲᠤᠭᠳᠠᠭᠰᠠᠨ ᠬᠤᠭᠤᠴᠠᠭᠠᠨ ᠳᠤ ᠬᠦᠳᠡᠯᠤᠩᠬᠦᠢ ᠪᠠᠷ ᠭᠢᠨᠠᠨ ᠪᠠᠶᠢᠴᠠᠭᠠᠵᠤ᠂  ᠨᠦᠬᠦᠴᠡᠯ ᠳᠤ ᠬᠦᠷᠦᠭᠰᠡᠨ ᠡᠳᠡᠭᠡᠤᠨ ᠢ  ᠴᠠᠭ ᠲᠤᠬᠠᠢ ᠳᠤᠨᠢ  ᠲᠤᠳᠤᠯᠠᠵᠤ᠂  ᠪᠠᠷᠢᠮᠵᠢᠶ᠎ᠠ ᠠᠴᠠ ᠲᠠᠪᠠᠭᠰᠠᠨ ᠭᠡᠷ ᠪᠦᠯᠢ ᠶᠢ ᠴᠡᠪᠡᠷᠯᠠᠨ ᠭᠠᠷᠭᠠᠵᠤ᠂  ᠠᠪᠤᠷᠠᠨ ᠲᠤᠰᠠᠯᠠᠬᠤ ᠡᠳᠡᠭᠡᠤᠨ ᠢ   ᠤᠨᠤᠪᠴᠢᠳᠠᠢ ᠲᠤᠳᠤᠯᠠᠬᠤ ᠪᠤᠯᠤᠭᠰᠠᠨ ᠪᠠᠶᠢᠨ᠎ᠠ᠃  ᠭᠤᠷᠪᠡ ᠳᠤ᠂  ᠢᠯᠠ  ᠨᠠᠶᠢᠳᠡᠯᠡᠬᠦ ᠲᠦᠷᠢᠮ ᠢ  ᠨᠠᠶᠢᠳᠠᠪᠤᠷᠵᠢᠭᠤᠯᠵᠤ᠂  ᠨᠠᠶᠢᠭᠡᠮ ᠪᠤᠯᠤᠨ ᠤᠯᠠᠨ  ᠲᠦᠮᠠᠨ ᠤ  ᠭᠢᠨᠠᠯᠳᠠ ᠶᠢ ᠬᠦᠯᠢᠶᠡᠪᠡ᠃ ᠡᠷᠡᠮᠡᠯᠵᠡᠯᠡᠭᠴᠢ ᠶᠢᠨ  ᠬᠠᠮᠢᠶ᠎ᠠ ᠪᠦᠬᠦᠢ ᠪᠠᠶᠢᠳᠠᠯ ᠢ  ᠵᠠᠰᠠᠭ ᠤᠨ  ᠤᠷᠳᠤᠨ ᠤ  ᠰᠦᠯᠵᠢᠶ᠎ᠡ᠂  ᠭᠤᠷᠪᠡᠨ ᠵᠤᠶᠢᠯ ᠤᠨ  ᠠᠵᠢᠯ ᠢ  ᠢᠯᠡ  ᠪᠤᠯᠭᠠᠬᠤ ᠰᠦᠯᠵᠢᠶ᠎ᠡ᠂   ᠸᠢᠢᠴᠠᠲ  ᠪᠠ ᠡᠷᠡᠮᠡᠯᠵᠢᠯᠡᠭᠴᠢᠤᠨ ᠤᠨ  ᠰᠠᠭᠤᠭ᠎ᠠ ᠭᠠᠵᠠᠷ ᠲᠤ ᠢᠯᠠ  ᠨᠠᠶᠢᠳᠠᠯᠠᠵᠤ᠂  ᠤᠯᠠᠨ ᠲᠦᠮᠠᠨ ᠪᠤᠯᠤᠨ ᠨᠠᠶᠢᠭᠡᠮ ᠤᠨ  ᠭᠢᠨᠠᠯᠳᠠ ᠶᠢ ᠬᠦᠯᠢᠶᠡᠵᠤ᠂  ᠢᠳᠡᠭᠡᠮᠵᠢᠳᠠᠢ ᠪᠠᠶᠢᠬᠤ ᠠᠭᠤᠷ ᠠᠮᠢᠰᠬᠤᠯ ᠢ  ᠪᠤᠢ ᠪᠤᠯᠭᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号