ᠲᠦᠩᠯᠢᠶᠣᠣ ᠬᠤᠳᠠ᠄ ︽ᠨᠡᠶᠢᠭᠡᠮ ᠲᠤᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠳᠠ᠂ ᠨᠡᠶᠢᠭᠡᠮ  ᠤᠨ ᠠᠵᠢᠯᠳᠠᠨ᠂ ᠨᠡᠶᠢᠭᠡᠮ ᠤᠨ ᠡᠬᠢ ᠪᠠᠶᠠᠯᠢᠭ ᠵᠢᠴᠢ ᠨᠡᠶᠢᠭᠡᠮ ᠤᠨ ᠦᠪᠡᠷᠳᠡᠭᠡᠨ ᠵᠠᠰᠠᠬᠤ ᠵᠣᠬᠢᠶᠠᠨ ᠪᠠᠶᠢᠭᠤᠯᠤᠯᠳᠠ  ᠬᠤᠯᠪᠣᠭᠠᠯᠠᠵᠦ᠂ ᠦᠨᠳᠦᠰᠦᠨ ᠱᠠᠳᠤ ᠶᠢ ᠬᠠᠶᠢᠷ᠎ᠠ ᠪᠠᠷ ᠲᠤᠯᠠᠭᠠᠯᠠᠬᠤ︾ ᠠᠵᠢᠯᠯᠠᠭᠠᠨ  ᠢ ᠭᠦᠨᠵᠡᠭᠡᠢ ᠦᠷᠨᠢᠭᠦᠯᠵᠠᠢ
ᠨᠡᠶᠢᠲᠡᠯᠡᠭᠰᠡᠨ ᠴᠠᠭ᠄
2021/6/9
  ᠲᠦᠩᠯᠢᠶᠣᠣ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠠᠮ ᠤᠨ ᠲᠡᠦᠬᠡ ᠶᠢᠨ ᠰᠣᠷᠣᠯᠴᠠᠯᠭ᠎ᠠ ᠬᠦᠮᠦᠵᠢᠯ ᠢ ᠭᠦᠨᠵᠡᠭᠡᠢ ᠠᠬᠢᠭᠤᠯᠤᠨ᠂ ︽ᠣᠯᠠᠨ ᠲᠦᠮᠡᠨ ᠳᠤ ᠪᠣᠳᠠᠳᠣ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠳᠦᠮᠵᠢ ᠶᠢ ᠲᠠᠰᠤᠷᠠᠯ ᠦᠭᠡᠢ ᠲᠡᠭᠡᠭᠰᠢᠯᠡᠭᠦᠯᠵᠦ᠂ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠨ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠦᠷᠢᠳᠠᠨ ᠢᠶᠠᠷ ᠲᠤᠯᠭᠠᠭᠤᠷ ᠪᠣᠯᠭᠠᠵᠦ᠂ ᠨᠡᠶᠢᠭᠡᠮ  ᠤᠨ ᠵᠣᠬᠢᠶᠠᠨ ᠪᠠᠶᠢᠭᠤᠯᠤᠯᠳᠠ ᠪᠠᠷ ᠠᠴᠢᠶᠠᠯᠠᠭᠴᠢ ᠪᠣᠯᠭᠠᠨ᠂ ᠨᠡᠶᠢᠭᠡᠮ ᠲᠤᠭᠤᠷᠢᠭ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠪᠠᠷ ᠲᠦᠰᠢᠭ ᠪᠣᠯᠭᠠᠵᠦ᠂ ᠨᠡᠶᠢᠭᠡᠮ ᠤᠨ ᠪᠣᠶᠠᠨ ᠤ ᠦᠢᠯᠡᠰ  ᠤᠨ ᠡᠬᠢ ᠪᠠᠶᠠᠯᠢᠭ ᠢᠶᠠᠷ ᠬᠦᠳᠡᠯᠭᠡᠬᠦᠷ ᠪᠣᠯᠭᠠᠭᠰᠠᠨ ︽ᠨᠡᠶᠢᠭᠡᠮ ᠲᠤᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠳᠠ᠂ ᠨᠡᠶᠢᠭᠡᠮ  ᠤᠨ ᠠᠵᠢᠯᠳᠠᠨ᠂ ᠨᠡᠶᠢᠭᠡᠮ ᠤᠨ ᠡᠬᠢ ᠪᠠᠶᠠᠯᠢᠭ ᠵᠢᠴᠢ ᠨᠡᠶᠢᠭᠡᠮ ᠤᠨ ᠦᠪᠡᠷᠳᠡᠭᠡᠨ ᠵᠠᠰᠠᠬᠤ ᠵᠣᠬᠢᠶᠠᠨ ᠪᠠᠶᠢᠭᠤᠯᠤᠯᠳᠠ  ᠬᠤᠯᠪᠣᠭᠠᠯᠠᠵᠦ᠂ ᠦᠨᠳᠦᠰᠦᠨ ᠱᠠᠳᠤ ᠶᠢ ᠬᠠᠶᠢᠷ᠎ᠠ ᠪᠠᠷ ᠲᠤᠯᠠᠭᠠᠯᠠᠬᠤ︾ ᠠᠵᠢᠯᠯᠠᠭᠠᠨ ᠢ ᠪᠠᠳᠣᠳᠠᠢ ᠦᠷᠨᠢᠭᠦᠯᠦᠭᠰᠡᠨ  ᠠᠴᠠ ᠨᠠᠭᠠᠰᠢ ᠨᠡᠯᠢᠶᠡᠳ ᠰᠠᠶᠢᠨ ᠦᠷ᠎ᠡ ᠪᠦᠳᠦᠮᠵᠢ ᠣᠯᠪᠠ᠃    ᠨᠢᠭᠡ ᠳᠤ᠂  ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠴᠢᠳᠠᠪᠬᠢ ᠶᠢ ᠲᠡᠭᠡᠭᠰᠢᠯᠡᠭᠦᠯᠵᠠᠢ᠃ ᠬᠦᠴᠢᠷᠳᠡᠯᠳᠠᠢ ᠣᠯᠠᠨ ᠲᠦᠮᠡᠨ ᠪᠣᠯᠣᠨ ᠨᠡᠶᠢᠭᠡᠮ ᠲᠤᠭᠤᠷᠢᠭ  ᠤᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ 137 ᠲᠦᠮᠡᠨ ᠲᠦᠭᠦᠷᠢᠭ ᠤᠨ ᠬᠦᠷᠦᠩᠭᠡ ᠣᠷᠣᠭᠤᠯᠵᠦ᠂ ᠨᠡᠶᠢᠭᠡᠮ ᠲᠤᠭᠤᠷᠢᠭ ᠤᠨ  13 ᠰᠠᠭᠤᠷᠢ ᠲᠦᠬᠦᠭᠡᠷᠦᠮᠵᠢ  ᠶᠢᠨ ᠪᠦᠳᠦᠭᠡᠨ ᠪᠠᠶᠢᠭᠤᠯᠤᠯᠳᠠ ᠶᠢᠨ  ᠲᠦᠰᠦᠯ ᠢ ᠲᠡᠮᠵᠢᠪᠡ᠃ ᠨᠡᠶᠢᠭᠡᠮ ᠲᠤᠭᠤᠷᠢᠭ ᠤᠨ ᠵᠢᠩᠬᠢᠨᠢ ᠠᠵᠢᠯᠳᠠᠨ  ᠤ ᠴᠠᠯᠢᠩ ᠬᠦᠯᠦᠰᠦ  ᠶᠢ ᠯᠠᠪᠳᠠᠭᠤᠨ ᠢᠶᠠᠷ ᠦᠰᠭᠡᠵᠦ᠂ ᠠᠷᠠᠳᠴᠢᠯᠠᠭᠰᠠᠨ ᠵᠦᠪᠯᠡᠯᠭᠡᠨ ᠤ ᠬᠡᠯᠪᠡᠷᠢ ᠪᠠ ᠠᠭᠤᠯᠭ᠎ᠠ ᠳᠤ ᠰᠢᠨ᠎ᠡ ᠶᠢ ᠡᠭᠦᠳᠦᠨ᠂ ᠰᠠᠭᠤᠭᠠᠯᠢ ᠠᠷᠠᠳ ᠲᠤ ᠦᠢᠯᠡᠴᠢᠯᠡᠬᠦ ᠴᠢᠳᠠᠪᠦᠷᠢ ᠪᠠ ᠲᠦᠪᠰᠢᠨ ᠢᠶᠠᠨ ᠬᠦᠴᠦᠯᠡᠨ   ᠲᠡᠭᠡᠭᠰᠢᠯᠡᠭᠦᠯᠪᠡ᠃ ᠵᠡᠭᠡᠯᠢ ᠭᠤᠳᠣᠮᠵᠢ ᠶᠢᠨ ᠨᠡᠶᠢᠭᠡᠮ ᠲᠤᠭᠤᠷᠢᠭ ᠤᠨ ᠨᠠᠰᠤᠳᠠᠳ ᠢ ᠠᠰᠠᠷᠠᠬᠤ ᠦᠢᠯᠡᠴᠢᠯᠡᠭᠡᠨ ᠤ ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠯᠡᠨ᠂  ︽12349︾᠂ ᠲᠠᠶ᠋ᠢᠭ ᠰᠦᠯᠵᠢᠶ᠎ᠡ ᠵᠡᠷᠭᠡ ︽ᠢᠨᠲ᠋ᠧᠷᠨᠧᠲ + ᠨᠠᠰᠤᠳᠠᠳ ᠢ ᠠᠰᠠᠷᠠᠬᠤ︾ ᠦᠢᠯᠡᠴᠢᠯᠡᠭᠡᠨ  ᠤ ᠲᠠᠪᠴᠠᠩ ᠢᠶᠠᠷ ᠲᠤᠯᠭᠠᠭᠤᠷᠯᠠᠵᠦ᠂ ᠰᠦᠯᠵᠢᠶ᠎ᠡ ᠪᠣᠯᠣᠨ ᠤᠯᠠᠮᠵᠢᠯᠠᠯᠳᠤ ᠬᠡᠯᠪᠡᠷᠢ ᠶᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠦ᠂ ︽15 ᠮᠢᠨᠦ᠋ᠲ ᠭᠡᠷ ᠲᠤ  ᠪᠠᠨ ᠰᠠᠭᠤᠵᠦ ᠨᠠᠰᠤᠳᠠᠳ ᠢ ᠠᠰᠠᠷᠠᠬᠤ ᠦᠢᠯᠡᠴᠢᠯᠡᠭᠡᠨ ᠤ ᠴᠠᠭᠠᠷᠢᠭ︾  ᠢ ᠴᠢᠷᠮᠠᠶᠢᠨ  ᠪᠠᠶᠢᠭᠤᠯᠵᠠᠢ᠃   ᠬᠤᠶᠠᠷ ᠲᠤ᠂ ᠦᠷᠳᠡᠭᠡᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠨᠡᠶᠢᠭᠡᠮ ᠤᠨ ᠠᠵᠢᠯᠳᠠᠨ ᠤ ᠴᠢᠳᠠᠪᠦᠷᠢᠳᠠᠨ ᠤ ᠡᠩᠨᠡᠭᠡ ᠶᠢ ᠪᠣᠵᠠᠭᠠᠶᠢᠷᠠᠭᠤᠯᠵᠠᠢ᠃ ᠦᠨᠳᠦᠰᠦᠨ ᠱᠠᠳᠤᠨ ᠤ ᠠᠷᠠᠳ ᠲᠤ ᠦᠢᠯᠡᠴᠢᠯᠡᠬᠦ ᠲᠠᠪᠴᠠᠩ  ᠢ ᠢᠳᠡᠪᠬᠢᠳᠠᠢ ᠪᠠᠶᠢᠭᠤᠯᠵᠦ᠂ ᠨᠡᠶᠢᠭᠡᠮ ᠤᠨ ᠠᠵᠢᠯ ᠤᠨ ᠦᠷᠳᠡᠭᠡᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠭᠠᠳ 1 ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠦᠪ᠂ 1 ᠰᠠᠶᠢᠨ ᠲᠤᠷ᠎ᠠ ᠶᠢᠨ ᠦᠢᠯᠡᠴᠢᠯᠡᠭᠡᠨ ᠤ ᠲᠦᠪ᠂ 6 ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠪᠠ᠃ ᠦᠪᠡᠷᠳᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠨᠡᠶᠢᠭᠡᠮ ᠤᠨ ᠠᠵᠢᠯ ᠤᠨ ᠲᠤᠰᠬᠠᠶᠢᠵᠢᠭᠰᠠᠨ ᠠᠵᠢᠯ ᠤᠨ ᠪᠠᠶᠢᠷᠢ ᠶᠢ ᠨᠡᠭᠡᠭᠡᠬᠦ ᠪᠠ ᠴᠢᠳᠠᠪᠦᠷᠢᠳᠠᠨ ᠢ ᠤᠷᠮᠠᠰᠢᠭᠤᠯᠬᠤ ᠪᠠᠳᠤᠯᠠᠭ᠎ᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠪᠦᠬᠦ ᠤᠯᠤᠰ ᠤᠨ ᠨᠡᠶᠢᠭᠡᠮ ᠤᠨ ᠠᠵᠢᠯ ᠤᠨ ᠰᠤᠷᠠᠭ ᠵᠠᠩᠬᠢ ᠶᠢᠨ ᠰᠢᠰᠲ᠋ᠧᠮ ᠢ ᠲᠦᠭᠡᠮᠡᠯᠵᠢᠭᠦᠯᠦᠨ ᠬᠡᠷᠡᠭᠯᠡᠨ᠂ ᠨᠡᠶᠢᠭᠡᠮ ᠤᠨ ᠠᠵᠢᠯᠳᠠᠨ ᠤ ᠠᠵᠢᠯ ᠤᠨ ᠮᠡᠷᠭᠡᠵᠢᠯ  ᠤᠨ ᠬᠢᠷᠢ ᠬᠡᠮ ᠤᠨ ᠰᠢᠯᠭᠠᠯᠳᠠ ᠶᠢᠨ ᠲᠤᠰᠬᠠᠢ ᠰᠡᠳᠦᠪᠳᠦ ᠪᠣᠯᠪᠠᠰᠤᠷᠠᠯ ᠤᠨ ᠠᠩᠬᠢ ᠡᠷᠬᠢᠯᠡᠵᠦ᠂ ᠨᠡᠶᠢᠭᠡᠮ ᠤᠨ ᠠᠵᠢᠯᠳᠠᠨ ᠤ ᠴᠢᠳᠠᠪᠦᠷᠢᠳᠠᠨ ᠤ ᠡᠩᠨᠡᠭᠡ ᠶᠢᠨ ᠪᠠᠶᠢᠭᠤᠯᠤᠯᠳᠠ ᠨᠢ ᠰᠢᠨ᠎ᠡ ᠠᠬᠢᠯᠳᠠ ᠲᠠᠢ ᠪᠣᠯᠵᠠᠢ᠃ ᠨᠡᠶᠢᠭᠡᠮ ᠤᠨ ᠠᠵᠢᠯ ᠤᠨ ᠤᠬᠠᠭᠤᠯᠭ᠎ᠠ ᠦᠢᠯᠡᠴᠢᠯᠡᠭᠡᠨ ᠤ ᠠᠵᠢᠯᠯᠠᠭᠠᠨ ᠢ ᠭᠦᠨᠵᠡᠭᠡᠢ ᠦᠷᠨᠢᠭᠦᠯᠵᠦ᠂ ︽ᠨᠡᠶᠢᠭᠡᠮ ᠤᠨ ᠠᠵᠢᠯᠳᠠᠨ  ᠤ ᠬᠦᠴᠦᠨ ᠢ ᠬᠠᠮᠳᠤᠳᠬᠠᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ ︽ᠬᠠᠷᠢ ᠭᠠᠵᠠᠷ ᠲᠤ ᠨᠡᠭᠦᠯᠭᠡᠵᠦ ᠶᠠᠳᠠᠭᠤ ᠶᠢ ᠲᠡᠳᠭᠦᠭᠰᠡᠳ  ᠢ ᠬᠠᠯᠠᠮᠵᠢᠯᠠᠨ ᠲᠡᠳᠭᠦᠬᠦ︾ ᠵᠡᠷᠭᠡ ᠲᠤᠰᠬᠠᠢ ᠰᠡᠳᠦᠪᠳᠦ ᠠᠵᠢᠯᠯᠠᠭᠠᠨ  ᠢ ᠤᠷᠢᠳ ᠬᠤᠵᠢᠳ 5 ᠤᠳᠠᠭ᠎ᠠ ᠦᠷᠨᠢᠭᠦᠯᠦᠭᠡᠳ 200 ᠬᠦᠮᠦᠨ ︵ᠣᠳᠠᠭ᠎ᠠ︶ ᠠᠰᠢᠭ ᠬᠦᠷᠳᠡᠵᠠᠢ   ᠭᠤᠷᠪᠠ  ᠳᠤ᠂ ᠬᠦᠮᠦᠵᠢᠯ ᠪᠣᠯᠪᠠᠰᠤᠷᠠᠯ ᠢ ᠪᠠᠬᠢᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ ᠬᠦᠭᠵᠢᠯᠳᠡ ᠶᠢ ᠲᠦᠷᠢᠮᠵᠢᠭᠦᠯᠵᠠᠢ᠃ ᠨᠡᠶᠢᠭᠡᠮ ᠲᠤᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ ᠬᠦᠭᠵᠢᠯᠳᠡ ᠶᠢᠨ ᠪᠠᠶᠢᠳᠠᠯ ᠤᠨ ᠪᠠᠶᠢᠴᠠᠭᠠᠨ ᠰᠣᠳᠣᠯᠣᠯᠳᠠ ᠶᠢ ᠭᠦᠨᠵᠡᠭᠡᠢ ᠦᠷᠨᠢᠭᠦᠯᠵᠦ᠂ ︽ᠨᠡᠶᠢᠭᠡᠮ ᠲᠣᠭᠤᠷᠢᠭ  ᠤᠨ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ  ᠲᠠᠩᠰᠠᠯᠠᠯᠳᠠ ᠶᠢ ᠬᠠᠮᠢᠶᠠᠷᠬᠤ ᠠᠷᠭ᠎ᠠ︾  ᠶᠢ ᠲᠣᠭᠳᠠᠭᠠᠨ ᠨᠡᠶᠢᠳᠡᠯᠡᠵᠠᠢ᠂ ᠲᠠᠩᠰᠠᠯᠠᠬᠤ ᠨᠦᠬᠦᠴᠡᠯ ᠳᠤ ᠨᠡᠶᠢᠴᠡᠭᠰᠡᠨ ᠨᠡᠶᠢᠭᠡᠮ ᠲᠤᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠳᠠ ᠳᠤ ᠪᠣᠯ ᠦᠢᠯᠡᠴᠢᠯᠡᠭᠡ ᠪᠠᠨ ᠰᠠᠶᠢᠵᠢᠷᠠᠭᠤᠯᠤᠨ᠂ ᠲᠠᠩᠰᠠᠯᠠᠬᠤ ᠶᠠᠪᠤᠴᠠ ᠶᠢ ᠨᠢ ᠲᠦᠭᠦᠮᠴᠢᠯᠡᠵᠠᠢ︔ ᠲᠠᠩᠰᠠᠯᠠᠬᠤ ᠨᠦᠬᠦᠴᠡᠯ ᠳᠤ ᠨᠡᠶᠢᠴᠡᠬᠦ ᠦᠭᠡᠢ ᠨᠡᠶᠢᠭᠡᠮ ᠲᠤᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢ ᠠᠳᠠᠯᠢ ᠪᠣᠰᠣ ᠬᠡᠪᠴᠢᠶ᠎ᠡ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠭᠡᠰᠢᠭᠦᠨ ᠤ ᠲᠣᠭᠳᠠᠯᠴᠠᠭ᠎ᠠ ᠪᠣᠯᠣᠨ ᠦᠢᠯᠡᠴᠢᠯᠡᠬᠦ ᠡᠳᠡᠭᠡᠳ ᠲᠤ ᠨᠢ ᠦᠨᠳᠦᠰᠦᠯᠡᠨ ᠪᠠᠯᠭᠠᠰᠦ᠂ ᠰᠣᠮᠣ ︵ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠲᠠᠩᠰᠠᠯᠠᠨ ᠬᠠᠮᠢᠶᠠᠷᠴᠦ᠂ ᠨᠡᠶᠢᠭᠡᠮ ᠲᠤᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ ᠡᠷᠡᠬᠦᠯ ᠢᠶᠠᠷ ᠡᠮᠬᠢ ᠵᠢᠷᠦᠮ ᠲᠠᠢ ᠬᠦᠭᠵᠢᠬᠦ ᠶᠢ  ᠪᠠᠳᠤᠯᠠᠵᠠᠢ᠃ ᠡᠭᠦᠨ ᠤ ᠬᠠᠮᠳᠣ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠠᠴᠠ ᠭᠠᠷᠳᠠᠵᠦ᠂ ᠬᠦᠮᠦᠵᠢᠭᠦᠯᠦᠨ ᠬᠦᠭᠵᠢᠭᠦᠯᠬᠦ ᠪᠠᠷ ᠭᠤᠣᠯ ᠪᠣᠯᠭᠠᠨ᠂ ᠨᠡᠶᠢᠭᠡᠮ ᠲᠤᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢ ᠬᠦᠳᠦᠯᠦᠨ ᠠᠷᠠᠳ ᠲᠤ ᠲᠦᠭᠦᠮ ᠦᠵᠡᠭᠦᠯᠬᠦ᠂ ᠣᠶᠣᠨ ᠤ ᠠᠮᠢᠳᠤᠷᠠᠯ  ᠢ ᠨᠢ ᠪᠠᠶᠠᠯᠢᠭᠵᠢᠭᠤᠯᠬᠤ᠂ ᠰᠠᠭᠤᠭᠠᠯᠢ ᠠᠷᠠᠳ ᠤᠨ ᠬᠤᠭᠤᠷᠣᠨᠳᠣᠬᠢ ᠵᠦᠷᠢᠴᠡᠯ ᠮᠦᠷᠭᠦᠯᠳᠦᠭᠡᠨ ᠢ ᠰᠢᠢᠳᠪᠦᠷᠢᠯᠡᠬᠦ᠂ ᠨᠡᠶᠢᠳᠡ ᠶᠢᠨ ᠠᠰᠠᠷᠮᠠᠵᠢ ᠶᠢᠨ ᠪᠣᠶᠠᠨ ᠤ ᠦᠢᠯᠡᠰ ᠲᠤ ᠣᠷᠣᠯᠴᠠᠬᠤ ᠵᠡᠷᠭᠡ ᠲᠠᠯ᠎ᠠ ᠳᠤ ᠦᠢᠯᠡᠳᠦᠯ  ᠢᠶᠠᠨ  ᠪᠠᠳᠠᠷᠠᠭᠤᠯᠵᠠᠢ᠃  ᠲᠦᠷᠪᠡ ᠳᠤ᠂ ᠬᠤᠯᠪᠣᠭᠠᠯᠠᠨ ᠬᠦᠳᠡᠯᠦᠯᠴᠡᠬᠦ ᠵᠠᠭᠪᠤᠷ ᠢ ᠰᠢᠨ᠎ᠡ ᠪᠠᠷ ᠡᠭᠦᠳᠦᠨ᠂ ᠰᠠᠶᠢᠨ ᠲᠤᠷ᠎ᠠ ᠶᠢᠨ ᠦᠢᠯᠡᠴᠢᠯᠡᠭᠡ ᠶᠢ ᠭᠦᠨᠵᠡᠭᠡᠢ  ᠦᠷᠨᠢᠭᠦᠯᠵᠠᠢ᠃ ︽ᠣᠯᠠᠨ ᠲᠦᠮᠡᠨ ᠳᠤ ᠪᠣᠳᠠᠳᠣ ᠶᠠᠪᠤᠳᠠᠯ ᠬᠢᠬᠦ︾ ᠪᠠ ︽ᠪᠢ ᠴᠢᠮ᠎ᠠ ᠶᠢ ᠬᠠᠪᠰᠤᠷᠤᠶ᠎ᠠ︾ ᠠᠵᠢᠯᠯᠠᠭᠠᠨ ᠤ ᠱᠠᠭᠠᠷᠳᠠᠯᠭ᠎ᠠ ᠶᠢᠨ ᠲᠣᠭᠤᠷᠢᠨ ᠳᠤ ︽ᠨᠡᠶᠢᠭᠡᠮ ᠤᠨ ᠠᠵᠢᠯᠳᠠᠨ ᠨᠢ ᠵᠢᠷᠦᠮ ᠤᠨ ᠠᠵᠢᠯᠳᠠᠨ᠂ ᠰᠠᠶᠢᠨ ᠲᠤᠷ᠎ᠠ ᠶᠢᠨ ᠠᠵᠢᠯᠳᠠᠨ ᠢ  ᠲᠠᠶᠢᠴᠢᠯᠠᠬᠤ︾ ᠦᠢᠯᠡᠴᠢᠯᠡᠭᠡᠨ ᠤ ᠬᠡᠯᠪᠡᠷᠢ ᠶᠢ ᠵᠣᠬᠢᠶᠠᠨ ᠪᠠᠶᠢᠭᠤᠯᠤᠨ ᠲᠦᠭᠡᠮᠡᠯᠵᠢᠭᠦᠯᠵᠦ᠂ ᠪᠣᠯᠪᠠᠰᠦᠨ ᠬᠤᠳᠠ ᠶᠢ ᠪᠦᠳᠦᠭᠡᠨ ᠪᠠᠶᠢᠭᠤᠯᠬᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ᠂ ᠯᠸᠢ ᠹᠧᠩ ᠤᠨ ᠲᠤᠷᠠᠰᠬᠠᠯ ᠤᠨ ᠡᠳᠦᠷ ᠵᠡᠷᠭᠡ ᠭᠤᠣᠯ ᠰᠡᠳᠦᠪ ᠲᠠᠢ ᠤᠶᠠᠯᠳᠤᠭᠤᠯᠤᠨ᠂ ︽ ᠦᠰᠪᠦᠷᠢ ᠬᠡᠦᠬᠡᠳ ᠢ ᠬᠠᠮᠠᠭᠠᠯᠠᠵᠦ᠂ ᠤᠨᠠᠭᠠᠨ ᠨᠠᠰᠤᠨ ᠳᠤ ᠨᠢ ᠪᠠᠶᠠᠷ ᠪᠠᠶᠠᠰᠤᠯ ᠣᠯᠭᠤᠶ᠎ᠠ︾ ᠪᠠ ︽ ᠦᠳᠡᠯᠦᠭᠡ ᠨᠠᠰᠤᠳᠠᠳ  ᠢ ᠬᠠᠯᠠᠮᠵᠢᠯᠠᠵᠦ᠂ ᠦᠷᠦ ᠵᠢᠷᠦᠬᠡᠨ ᠤ ᠬᠢ ᠨᠢ ᠭᠡᠷᠡᠯ ᠭᠡᠭᠡ  ᠶᠢ ᠠᠰᠠᠭᠠᠶ᠎ᠠ︾ ᠵᠡᠷᠭᠡ ᠭᠤᠣᠯ ᠰᠡᠳᠦᠪᠳᠦ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠢ 6 ᠤᠳᠠᠭ᠎ᠠ ᠭᠦᠨᠵᠡᠭᠡᠢ ᠦᠷᠨᠢᠭᠦᠯᠦᠭᠡᠳ 500 ᠬᠦᠮᠦᠨ ︵ᠣᠳᠠᠭ᠎ᠠ︶ ᠠᠰᠢᠭ ᠬᠦᠷᠳᠡᠵᠠᠢ᠃ ᠺᠠᠶᠢᠯᠤ ᠰᠢᠶᠠᠨ  ᠤ ᠭᠦᠩ ᠨᠦᠩ ᠨᠡᠶᠢᠭᠡᠮ ᠲᠤᠭᠤᠷᠢᠭ ᠤᠨ ᠦᠷᠨᠢᠭᠦᠯᠦᠭᠰᠡᠨ ᠯᠸᠢ ᠹᠧᠩ ᠠᠴᠠ ᠲᠠᠭᠠᠨ ᠰᠤᠷᠤᠯᠴᠠᠬᠤ ᠲᠠᠪᠤᠨ ᠦᠩᠭᠡᠳᠦ ᠰᠠᠶᠢᠨ ᠲᠤᠷ᠎ᠠ ᠶᠢᠨ ᠦᠢᠯᠡᠴᠢᠯᠡᠭᠡᠨ  ᠤ ᠲᠦᠰᠦᠯ ᠨᠢ ᠲᠣᠮᠳᠠᠳᠣ ᠤᠯᠤᠰ ᠤᠨ ᠡᠪ ᠬᠠᠮᠳᠤ ᠨᠠᠮ ᠤᠨ ᠲᠦᠪ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠲᠦᠪ ᠤᠨ ᠦᠵᠡᠯ ᠤᠬᠠᠮᠰᠠᠷ ᠤᠨ ᠪᠣᠯᠪᠠᠰᠦᠨ ᠤ ᠪᠦᠳᠦᠭᠡᠨ ᠪᠠᠶᠢᠭᠤᠯᠤᠯᠳᠠ ᠶᠢ ᠵᠢᠯᠤᠭᠤᠳᠬᠤ ᠬᠤᠷᠢᠶ᠎ᠠ ᠶᠢᠨ ᠠᠯᠪᠠᠨ ᠭᠡᠷ ᠲᠤ ︽ᠪᠦᠬᠦ ᠤᠯᠤᠰ ᠤᠨ ᠯᠸᠢ ᠹᠧᠩ ᠠᠴᠠ ᠲᠠᠭᠠᠨ ᠰᠤᠷᠤᠯᠴᠠᠬᠤ  ᠲᠦᠷᠪᠡᠨ ᠬᠠᠮᠤᠭ ᠤᠨ ᠰᠣᠳᠣᠨ ᠰᠠᠶᠢᠨ ᠲᠤᠷ᠎ᠠ ᠶᠢᠨ ᠦᠢᠯᠡᠴᠢᠯᠡᠭᠡᠨ ᠤ ᠲᠦᠰᠦᠯ ᠤᠨ 100 ᠨᠡᠶᠢᠭᠡᠮ ᠲᠤᠭᠤᠷᠢᠭ︾  ᠢᠶᠠᠷ ᠦᠨᠡᠯᠡᠭᠳᠡᠭᠡᠳ ᠪᠦᠬᠦ ᠤᠯᠤᠰ  ᠤᠨ ᠰᠠᠶᠢᠨ ᠲᠤᠷ᠎ᠠ  ᠶᠢᠨ ᠦᠢᠯᠡᠴᠢᠯᠡᠭᠡᠨ  ᠤ ᠨᠡᠶᠢᠳᠡᠯᠢᠭ ᠵᠢᠱᠢᠶ᠎ᠡ ᠪᠣᠯᠵᠠᠢ᠃  ᠲᠠᠪᠤ ᠳᠤ᠂ ᠪᠣᠶᠠᠨ ᠤ ᠦᠢᠯᠡᠰ ᠤᠨ ᠬᠦᠴᠦᠨ ᠲᠠᠢ ᠵᠣᠯᠭᠠᠭᠤᠯᠵᠦ᠂ ᠬᠦᠴᠢᠷᠳᠡᠯᠳᠠᠢ ᠬᠠᠮᠳᠣ ᠴᠤᠭᠴᠠ ᠶᠢ ᠠᠩᠬᠠᠷᠤᠨ  ᠬᠠᠯᠠᠮᠵᠢᠯᠠᠵᠠᠢ᠃ ᠲᠦᠩᠯᠢᠶᠣᠣ ᠬᠤᠳᠠ ᠶᠢᠨ ᠴᠣᠣ ᠵᠢᠤᠢ ᠨᠢᠳᠦᠨ ᠡᠮᠨᠡᠯᠭᠡ ᠶᠢᠨ ᠬᠤᠷᠢᠶ᠎ᠠ ᠲᠠᠢ ᠬᠤᠯᠪᠣᠭᠠᠯᠠᠨ  ︽ᠬᠤᠷᠴᠢᠨ ᠤ ᠨᠢᠳᠤ ᠪᠠᠨ ᠬᠠᠶᠢᠷᠠᠯᠠᠬᠤ ᠠᠵᠢᠯᠯᠠᠭᠠᠨ︾ ᠭᠡᠬᠦ ᠨᠡᠶᠢᠭᠡᠮ ᠤᠨ ᠨᠡᠶᠢᠳᠡ  ᠶᠢᠨ ᠠᠰᠠᠷᠠᠮᠵᠢ  ᠶᠢᠨ ᠬᠦᠳᠡᠯᠭᠡᠭᠡᠨ ᠢ ᠦᠷᠨᠢᠭᠦᠯᠵᠦ᠂ ᠲᠦᠩᠯᠢᠶᠣᠣ ᠬᠤᠳᠠ ᠳᠤ ᠨᠤᠲᠤᠭ ᠲᠠᠢ 60 ᠪᠦᠬᠦᠯᠢ ᠨᠠᠰᠤᠨ  ᠠᠴᠠ ᠲᠡᠭᠡᠭᠰᠢᠬᠢ ᠨᠠᠰᠤᠳᠠᠶᠢᠴᠦᠳ  ᠲᠤ ᠴᠠᠭᠠᠨ ᠬᠠᠷᠠᠩ ᠡᠪᠡᠳᠴᠢᠨ᠂ ᠲᠠᠯᠠᠪᠴᠢ ᠬᠡᠯᠪᠡᠷᠢᠳᠦ ᠨᠠᠯᠢᠬ᠎ᠠ ᠪᠦᠷᠬᠦᠭᠰᠡᠨ ᠨᠢᠳᠦᠨ ᠤ ᠡᠪᠡᠳᠴᠢᠳᠡᠨ ᠳᠤ ᠲᠦᠯᠦᠪᠦᠷᠢ ᠦᠭᠡᠢ ᠪᠠᠷ ᠡᠪᠡᠳᠴᠢᠨ  ᠢ ᠨᠢ ᠲᠣᠳᠣᠯᠠᠬᠤ  ᠪᠠ ᠮᠠᠰᠡ ᠵᠠᠰᠠᠯ ᠬᠢᠬᠦ ᠦᠢᠯᠡᠴᠢᠯᠡᠭᠡ ᠬᠠᠩᠭᠠᠵᠦ᠂ ᠵᠢᠯ ᠤᠨ ᠲᠣᠳᠣᠷ᠎ᠠ  ᠨᠢᠳᠦᠨ ᠤ ᠭᠡᠮ ᠲᠠᠢ 2000 ᠨᠠᠰᠣᠳᠠᠳ  ᠲᠤ ᠲᠦᠯᠦᠪᠦᠷᠢ ᠦᠭᠡᠢ ᠪᠠᠷ ᠮᠡᠰᠡ ᠵᠠᠰᠠᠯ ᠬᠢᠬᠦ ᠪᠠᠷ ᠲᠦᠯᠦᠪᠯᠡᠵᠦ ᠪᠣᠢ᠃ ᠣᠳᠣ ᠪᠣᠯᠳᠠᠯ᠎ᠠ᠂ 37  ᠰᠣᠮᠣ ᠰᠢᠶᠠᠩ ᠪᠠᠯᠭᠠᠰᠦ ᠶᠢᠨ ᠪᠠᠶᠢᠴᠠᠭᠠᠨ ᠲᠤᠳᠤᠯᠠᠬᠤ ᠠᠵᠢᠯ ᠢ ᠲᠠᠭᠤᠰᠬᠠᠭᠠᠳ᠂ ᠨᠡᠶᠢᠳᠡ 5755 ᠬᠦᠮᠦᠨ ᠢ ᠰᠢᠯᠢᠵᠦ ᠭᠠᠷᠭᠠᠵᠠᠢ᠂ ᠡᠭᠦᠨ ᠳᠤ ᠴᠠᠭᠠᠨ ᠬᠠᠷᠠᠩ ᠨᠢᠳᠦᠨ ᠤ ᠮᠡᠰᠡ ᠵᠠᠰᠠᠯ ᠬᠢᠭᠰᠡᠨ ᠨᠢ 408 ᠬᠦᠮᠦᠨ᠂ ᠲᠠᠯᠠᠪᠴᠢ ᠬᠡᠯᠪᠡᠷᠢᠳᠦ ᠨᠠᠯᠢᠬ᠎ᠠ ᠪᠦᠷᠬᠦᠭᠰᠡᠨ ᠨᠢᠳᠦᠨ ᠤ ᠮᠡᠰᠡ ᠵᠠᠰᠠᠯ ᠬᠢᠭᠰᠡᠨ ᠨᠢ 2229 ᠬᠦᠮᠦᠨ ᠪᠠᠶᠢᠵᠦ᠂ ᠡᠪᠡᠳᠴᠢᠳᠡᠨ  ᠳᠤ 230 ᠲᠦᠮᠡᠨ ᠲᠦᠭᠦᠷᠢᠭ  ᠤᠨ ᠡᠮᠨᠡᠯᠭᠡ  ᠶᠢᠨ ᠵᠠᠷᠤᠳᠠᠯ   ᠢ ᠠᠷᠪᠢᠯᠠᠵᠦ ᠦᠭᠪᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号