ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ  ᠲᠢᠩᠬᠢᠮ  ︽  ᠨᠠᠮ ᠤᠨ ᠲᠡᠤᠬᠡ ᠶᠢ ᠰᠤᠷᠤᠯᠴᠠᠨ᠂ ᠦᠵᠡᠯ ᠰᠠᠨᠠᠭ᠎ᠠ ᠪᠠᠨ ᠰᠡᠩᠭᠡᠷᠡᠬᠦᠯᠵᠤ᠂ ᠨᠠᠮ ᠤᠨ ᠠᠴᠢ ᠶᠢ ᠮᠡᠳᠡᠷᠡᠨ᠂ ᠨᠠᠮ ᠢᠶᠠᠨ ᠡᠬᠦᠷᠢᠳᠡ ᠳᠠᠭᠠᠬᠤ︾  ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠪᠤᠯᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ  ᠨᠠᠮ ᠤᠨ ᠬᠢᠴᠢᠶᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠪᠡ
ᠨᠡᠶᠢᠲᠡᠯᠡᠭᠰᠡᠨ ᠴᠠᠭ᠄
2021/7/5
  6  ᠳ᠋ᠤᠭᠠᠷ ᠰᠠᠷ᠎ᠠ ᠶᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ  ᠲᠢᠩᠬᠢᠮ   ︽ ᠨᠠᠮ ᠤᠨ ᠲᠡᠤᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠰᠡᠩᠭᠡᠷᠡᠬᠦᠯᠵᠤ᠂ ᠨᠠᠮ ᠤᠨ ᠠᠴᠢ ᠶᠢ ᠮᠡᠳᠡᠷᠡᠨ᠂ ᠨᠠᠮ ᠢᠶᠠᠨ ᠡᠬᠦᠷᠢᠳᠡ ᠳᠠᠭᠠᠬᠤ︾  ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠪᠤᠯᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ  ᠨᠠᠮ ᠤᠨ ᠬᠢᠴᠢᠶᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠨ᠎ᠠ᠃  ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠬᠠᠮᠲᠤ ᠪᠠᠷ ᠲᠠᠩᠭᠠᠷᠢᠬᠯᠠᠬᠤ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠨᠥᠬᠦᠷ ᠠᠷᠠᠳ ᠤᠨ ᠶᠠᠪᠤᠳᠠᠯ ᠤᠨ ᠲᠢᠩᠬᠢᠮ ᠤᠨ ᠰᠢᠨ᠎ᠡ ᠪᠠᠷ ᠡᠯᠰᠡᠭᠰᠡᠨ ᠵᠢᠷᠭᠤᠭᠠᠨ ᠪᠡᠯᠡᠳᠬᠡᠯ ᠨᠠᠮ ᠤᠨ ᠭᠡᠰᠢᠭᠦᠨ ᠤ ᠨᠠᠮ ᠳᠤ ᠣᠷᠣᠬᠤ ᠲᠠᠩᠭᠠᠷᠢᠭ ᠢ ᠳᠠᠭᠠᠭᠤᠯᠤᠨ ᠤᠡᠭᠰᠢᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠪᠡ᠃ ᠲᠢᠩᠬᠢᠮ ᠤᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠢᠩᠬᠢᠮ ᠤᠨ ᠲᠠᠷᠤᠭ᠎ᠠ ᠵᠢᠶᠠᠩ ᠬᠤᠩ ︽ᠵᠠᠭᠤᠨ ᠵᠢᠯ ᠤᠨ ᠨᠠᠮ ᠤᠨ ᠲᠡᠦᠬᠡᠨ  ᠠᠴᠠ ᠣᠶᠤᠨ ᠤᠬᠠᠭᠠᠨ ᠪᠠ ᠬᠦᠴᠦᠨ ᠴᠢᠳᠠᠯ ᠤᠯᠵᠤ᠂ ᠪᠦᠬᠦ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ︾ ᠭᠡᠬᠦ ᠰᠡᠳᠦᠪ ᠢᠶᠠᠷ ᠲᠢᠩᠬᠢᠮ ᠤᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ  ᠤᠷᠤᠪᠠ᠃ ᠵᠢᠶᠠᠩ ᠬᠤᠩ ᠵᠢᠭᠠᠬᠰᠠᠨ ᠨᠢ᠂ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠤᠭᠲᠤᠵᠤ ᠪᠠᠶᠢᠭ᠎ᠠ ᠲᠠᠰᠢᠷᠠᠮ ᠳᠤ᠂ ︽ᠨᠠᠮ ᠤᠨ ᠲᠡᠦᠬᠡ ᠶᠢ ᠰᠤᠷᠤᠯᠴᠠᠨ᠂ ᠦᠵᠡᠯ ᠰᠠᠨᠠᠭ᠎ᠠ ᠪᠠᠨ ᠰᠡᠩᠭᠡᠷᠡᠬᠦᠯᠵᠤ᠂ ᠨᠠᠮ ᠤᠨ ᠠᠴᠢ ᠶᠢ ᠮᠡᠳᠡᠷᠡᠨ᠂ ᠨᠠᠮ ᠢᠶᠠᠨ ᠡᠬᠦᠷᠢᠳᠡ ᠳᠠᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠪᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠂ ᠭᠤᠣᠯ ᠵᠣᠷᠢᠯᠭ᠎ᠠ ᠨᠢ ᠨᠠᠮ ᠤᠨ ᠵᠠᠭᠤᠨ ᠵᠢᠯ ᠤᠨ ᠤᠢ ᠶᠢ ᠬᠠᠮᠳᠤ ᠪᠠᠷ ᠪᠡᠯᠭᠡᠯᠡᠵᠦ᠂ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ ᠶᠢ ᠬᠦᠮᠤᠵᠢᠬᠦᠯᠤᠨ ᠵᠢᠯᠤᠭᠤᠳᠴᠤ ᠬᠦᠳᠤᠯᠤᠨ ᠲᠠᠭᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠡᠶᠢᠲᠡᠯᠢᠭ  ᠵᠢᠱᠢᠶ᠎ᠡ ᠦᠵᠡᠭᠦᠯᠬᠦ ᠪᠠ ᠦᠯᠢᠭᠡᠷ ᠳᠠᠭᠤᠷᠢᠶᠠᠯ ᠤᠨ ᠬᠦᠴᠦᠨ ᠢᠶᠠᠷ ᠲᠢᠩᠬᠢᠮ ᠤᠨ ᠰᠢᠰᠲ᠋ᠧᠨ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠤᠨ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠳᠦᠯᠦᠨ ᠳᠠᠭᠠᠭᠤᠯᠤᠨ᠎ᠠ᠃ ᠥᠷᠭᠡᠨ ᠤᠯᠠᠨ ᠨᠠᠮ ᠤᠨ ᠭᠡᠰᠢᠭᠦᠨ ᠵᠠᠭᠤᠨ ᠵᠢᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠳᠤᠮᠳᠠ ᠢᠲᠡᠭᠡᠯ ᠪᠢᠰᠢᠷᠡᠯ ᠤᠨ ᠰᠠᠭᠤᠷᠢ ᠪᠠᠨ ᠤᠯᠠᠮ ᠴᠢᠨᠠᠭᠰᠢᠳᠠ ᠪᠠᠬᠢᠵᠢᠭᠦᠯᠵᠦ᠂ ᠨᠠᠮ ᠤᠨ ᠰᠢᠯᠢᠳᠡᠭ ᠤᠯᠠᠮᠵᠢᠯᠠᠯ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠨ ᠣᠶᠢᠯᠠᠭᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂  ︽ᠳᠦᠷᠪᠡᠨ  ᠤᠬᠠᠮᠰᠠᠷ  ︾ ᠢᠶᠠᠨ ᠴᠢᠨᠠᠭᠰᠢᠳᠠ ᠨᠡᠮᠡᠭᠳᠡᠬᠦᠯᠵᠤ᠂ ︽ᠳᠦᠷᠪᠡᠨ ᠢᠲᠡᠭᠡᠯ ︾ ᠢ ᠪᠠᠲᠤᠳᠬᠠᠵᠤ  ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠨ ᠣᠶᠢᠯᠠᠭᠠᠬᠤ ᠳᠤᠮᠳᠠ ᠠᠷᠠᠳ ᠲᠦᠮᠡᠨ ᠤ ᠵᠣᠭᠰᠣᠯᠲᠠ ᠶᠢ ᠪᠠᠲᠤᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠴᠢᠨᠠᠭᠰᠢᠳᠠ ᠪᠠᠲᠤᠳᠬᠠᠵᠤ᠂ ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠨ ᠣᠶᠢᠯᠠᠭᠠᠬᠤ ᠳᠤᠮᠳᠠ ᠰᠢᠯᠢᠳᠡᠭ ᠰᠤᠷᠲᠠᠯ ᠢ ᠤᠯᠠᠮᠵᠢᠯᠠᠵᠤ᠂ ᠰᠢᠨ᠎ᠡ ᠴᠠᠭ ᠦᠶ᠎ᠡ ᠳᠤ ᠲᠠᠪᠰᠢᠨ ᠣᠷᠣᠬᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠤᠭ ᠵᠢᠪᠬᠤᠭ᠎ᠠ ᠶᠢ ᠴᠢᠨᠠᠭᠰᠢᠳᠠ ᠬᠥᠭᠵᠢᠭᠡᠬᠦ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠵᠠᠭᠤᠨ ᠵᠢᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠳᠤᠮᠳᠠ ᠲᠡᠮᠡᠴᠡᠯ ᠤᠨ ᠬᠦᠴᠦᠨ ᠢᠶᠠᠨ ᠴᠢᠨᠠᠭᠰᠢᠳᠠ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠦᠢᠯᠡᠰ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠠᠷᠠᠳ ᠤᠨ ᠶᠠᠪᠤᠳᠠᠯ ᠤᠨ ᠠᠵᠢᠯ ᠳᠤ ᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠪᠠᠷᠢᠮᠲᠠᠯᠠᠨ ᠴᠢᠩᠭᠠᠳᠬᠠᠵᠤ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠳᠤ ᠦᠨᠳᠦᠰᠦᠨ ᠪᠠᠳᠤᠯᠠᠭ᠎ᠠ ᠬᠠᠨᠭ᠍ᠭᠠᠵᠤ᠂ ᠢᠮᠠᠭᠲᠠ ᠭᠤᠣᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠳᠤ ᠶᠢ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠠᠷᠠᠳ ᠤᠨ ᠶᠠᠪᠤᠳᠠᠯ  ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ  ︾ ᠢᠯᠠ ᠲᠣᠳᠣ ᠤᠭ ᠴᠢᠨᠠᠷ ᠢᠶᠠᠨ ᠡᠭᠦᠷᠢᠳᠡ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ᠠᠷᠠᠳ ᠤᠨ ᠶᠠᠪᠤᠳᠠᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃   ᠨᠠᠮ ᠤᠨ ᠡᠳᠦᠷ ᠲᠤ  ︽ᠨᠠᠮ ᠢᠶᠠᠨ ᠡᠬᠦᠷᠢᠳᠡ ᠳᠠᠭᠠᠬᠤ︾ ᠨᠠᠶᠢᠷᠠᠯ ᠳᠠᠭᠤᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠠᠯ ᠳᠤ ᠤᠷᠤᠯᠴᠠᠬᠰᠠᠳ ︽ ᠡᠪ ᠬᠠᠮᠳᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠬᠤ ᠦᠭᠡᠢ︾ ᠭᠡᠬᠦ ᠳᠠᠭᠤᠤ ᠶᠢ ᠬᠠᠮᠲᠤ ᠪᠠᠷ ᠳᠠᠭᠤᠯᠠᠵᠤ᠂ ᠨᠠᠮ ᠢᠶᠠᠨ ᠬᠠᠶᠢᠷᠠᠯᠠᠨ ᠬᠦᠨᠳᠦᠳᠬᠡᠵᠦ ᠪᠠᠶᠢᠬᠤ ᠰᠡᠳᠬᠢᠯᠭᠡ ᠪᠠᠨ ᠢᠯᠡᠳᠬᠡᠵᠡᠢ᠃   ᠠᠷᠠᠳ ᠤᠨ ᠶᠠᠪᠤᠳᠠᠯ  ᠤᠨ  ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠤᠨ ᠪᠠᠶᠢᠭᠤᠯᠤᠯᠭ᠎ᠠ ᠶᠢᠨ ᠪᠥᠬᠦ ᠨᠠᠮ ᠤᠨ ᠭᠡᠰᠢᠭᠦᠨ ᠺᠠᠳ᠋ᠷ ᠵᠢᠴᠢ ᠲᠢᠩᠬᠢᠮ ᠤᠨ ᠬᠠᠷᠢᠶ᠎ᠠ ᠠᠵᠢᠯ ᠦᠢᠯᠡᠰ ᠤᠨ  ᠨᠢᠭᠡᠴᠢ  ᠶᠢᠨ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷᠴᠤᠳ ᠠᠵᠢᠯᠯᠠᠭᠠᠨ ᠳᠤ ᠤᠷᠤᠯᠴᠠᠵᠠᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号