ᠤᠯᠠᠭᠠᠨᠬᠠᠳᠠ ᠬᠤᠳᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠪᠠᠳᠤᠯᠠᠭ᠎ᠠ ᠶᠢ ᠲᠤᠰᠬᠠᠶᠢᠯᠠᠨ ᠵᠠᠰᠠᠬᠤ ᠶᠢ ᠪᠠᠬᠢᠵᠢᠬᠦᠯᠤᠨ ᠲᠡᠭᠡᠭᠰᠢᠯᠡᠬᠦᠯᠬᠦ ᠠᠵᠢᠯᠯᠠᠭ᠎ᠠ ᠱᠠᠳᠤᠴᠢ ᠴᠢᠨᠠᠷᠳᠠᠢ ᠠᠮᠵᠢᠯᠳᠠ ᠤᠯᠤᠯ᠎ᠠ
ᠨᠡᠶᠢᠲᠡᠯᠡᠭᠰᠡᠨ ᠴᠠᠭ᠄
2021/8/15
     ᠪᠦᠬᠦ ᠬᠤᠳᠠ ᠶᠢᠨ ᠬᠡᠪᠴᠢᠶᠠᠨ ᠳᠤ ᠬᠦᠳᠡᠭᠡ ᠲᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠪᠠᠳᠤᠯᠠᠭ᠎ᠠ  ᠶᠢ ᠲᠤᠰᠬᠠᠶᠢᠯᠠᠨ ᠵᠠᠰᠠᠬᠤ ᠶᠢ ᠪᠠᠬᠢᠵᠢᠬᠦᠯᠤᠨ ᠲᠡᠭᠡᠭᠰᠢᠯᠡᠬᠦᠯᠬᠦ ᠠᠵᠢᠯᠯᠠᠭ᠎ᠠ  ᠦᠷᠨᠢᠬᠦᠯᠦᠭᠰᠡᠨ ᠠᠴᠠ ᠨᠠᠭᠠᠰᠢ ᠤᠯᠠᠭᠠᠨᠬᠠᠳᠠ ᠬᠤᠳᠠ ᠶᠢᠨ ᠡᠯ᠎ᠡ ᠭᠠᠵᠠᠷ ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠪᠠᠳᠤᠯᠠᠭ᠎ᠠ ᠶᠢ ᠲᠤᠰᠬᠠᠶᠢᠯᠠᠨ ᠴᠡᠪᠡᠷᠯᠡᠬᠦ ᠲᠤᠮᠳᠠ ᠤᠯᠵᠤ  ᠢᠯᠡᠷᠡᠬᠦᠯᠦᠭᠰᠡᠨ ᠠᠰᠠᠭᠤᠳᠠᠯ ᠢ ᠲᠢᠭᠯᠡᠨ ᠴᠡᠭᠴᠡᠯᠡᠨ ᠵᠠᠰᠠᠬᠤ ᠡᠬᠡ ᠲᠠᠩᠰᠨ ᠪᠠᠶᠢᠭᠤᠯᠵᠤ᠂ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠩᠰᠨ ᠶᠢ ᠬᠠᠷᠭᠤᠭᠤᠯᠵᠤ ᠬᠠᠰᠤᠬᠤ ᠠᠷᠭ᠎ᠠ ᠶᠢ ᠬᠡᠷᠡᠭᠵᠢᠬᠦᠯᠵᠤ᠂ ᠨᠡᠶᠢᠬᠡᠮ ᠤᠨ ᠲᠤᠰᠠᠯᠠᠮᠵᠢ ᠶᠢᠨ ᠦᠨᠳᠤᠰᠤᠨ ᠠᠴᠠ ᠨᠢ ᠪᠠᠳᠤᠯᠠᠵᠤ ᠶᠠᠳᠠᠭᠤ  ᠠᠴᠠ ᠠᠩᠭᠢᠵᠢᠷᠠᠭᠤᠯᠤᠬᠰᠠᠨ ᠢ ︽ᠡᠷᠬᠢᠵᠤ ᠬᠠᠷᠠᠬᠤ︾ ᠠᠵᠢᠯ ᠢ ᠢᠳᠡᠪᠬᠢᠳᠡᠢ ᠦᠷᠨᠢᠬᠦᠯᠤᠨ᠂ ᠪᠡᠯᠨ ᠮᠦᠡᠭᠭᠦ ᠶᠢ ᠲᠠᠷᠬᠠᠭᠠᠠᠬᠤ ᠵᠡᠷᠬᠡ ᠲᠤᠪᠤᠶᠢᠮ᠎ᠠ ᠠᠰᠠᠭᠤᠳᠠᠯ ᠢ ᠲᠦᠪᠯᠡᠷᠡᠬᠦᠯᠤᠨ ᠴᠡᠭᠴᠡᠯᠡᠵᠤ᠂ ᠲᠤᠰᠬᠠᠢ ᠵᠠᠰᠠᠯᠳᠠ ᠶᠢᠨ ᠪᠤᠳᠠᠳᠠᠢ  ᠶᠢ ᠨᠠᠶᠢᠳᠠᠪᠤᠷᠢᠵᠢᠭᠤᠯᠬᠤ ᠶᠢ ᠪᠠᠳᠤᠯᠠᠨ ᠪᠤᠳᠠᠳᠤ ᠦᠷ᠎ᠡ ᠠᠰᠢᠭ ᠤᠯᠤᠬᠰᠠᠨ ᠪᠠᠶᠢᠨ᠎ᠠ᠃     ᠲᠤᠰᠬᠠᠶᠢᠯᠠᠨ ᠵᠠᠰᠠᠬᠤ ᠶᠢ ᠪᠠᠬᠢᠵᠢᠬᠦᠯᠤᠨ ᠲᠡᠭᠡᠭᠰᠢᠯᠡᠬᠦᠯᠬᠦ ᠠᠵᠢᠯᠯᠠᠭᠠᠨ ᠢᠶᠠᠷ ᠲᠠᠮᠵᠢᠨ ᠤᠳᠤ ᠪᠤᠯᠳᠠᠯ᠎ᠠ 4281 ᠡᠷᠤᠬᠡ ᠶᠢᠨ 7909 ᠬᠦᠮᠦᠨ ᠢ ᠨᠠᠭᠠᠳᠤ ᠵᠠᠬ᠎ᠠ ᠶᠢᠨ ᠪᠠᠳᠤᠯᠠᠭ᠎ᠠ ᠶᠢ ᠰᠢᠨ᠎ᠡ ᠪᠠᠷ ᠤᠷᠤᠭᠤᠯᠤᠬᠰᠠᠨ ᠤ ᠲᠤᠳᠤᠷ᠎ᠠ 884 ᠬᠦᠮᠦᠨ ᠢ ᠨᠤᠴᠢᠳᠠᠢ ᠵᠡᠮᠳᠡᠭ ᠪᠠ ᠬᠦᠨᠳᠤ ᠡᠪᠡᠳᠴᠢᠳᠠᠨ ︽ᠭᠠᠭᠴᠨ ᠬᠦᠮᠦᠨ ᠲᠠᠢ ᠡᠷᠤᠬᠡ︾  ᠪᠠᠷ ᠪᠤᠳᠤᠵᠤ ᠨᠠᠭᠠᠳᠤ ᠵᠠᠬ᠎ᠠ ᠶᠢᠨ ᠪᠠᠳᠤᠯᠠᠭ᠎ᠠ ᠳᠤ ᠤᠷᠤᠭᠤᠯᠪᠠ᠃ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠨᠦᠬᠦᠴᠡᠯ ᠳᠤ ᠨᠡᠶᠢᠴᠡᠬᠦ ᠪᠠᠨ ᠪᠤᠯᠢᠬᠰᠠᠨ 12151 ᠡᠷᠤᠬᠡ᠂15417 ᠬᠦᠮᠦᠨ ᠢ ᠨᠠᠭᠠᠳᠤ ᠵᠠᠬ᠎ᠠ ᠶᠢᠨ ᠪᠠᠳᠤᠯᠠᠭ᠎ᠠ ᠠᠴᠠ ᠬᠠᠰᠤᠵᠠᠢ᠃ ᠲᠦᠪᠯᠡᠷᠡᠬᠦᠯᠤᠨ ᠲᠡᠳᠬᠦᠨ ᠲᠡᠵᠢᠬᠡᠬᠦ ᠱᠠᠭᠠᠷᠳᠠᠯᠭ᠎ᠠ ᠲᠠᠢ ᠣᠨᠴᠨ ᠬᠦᠴᠢᠷᠳᠡᠯᠳᠡᠢ 63 ᠬᠦᠮᠦᠨ ᠢ ᠲᠤᠬᠢᠷᠠᠭᠤᠯᠵᠤ᠂ ᠡᠨᠡ ᠬᠦ ᠠᠵᠢᠯᠯᠠᠭ᠎ᠠ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠳᠦᠮᠵᠢ ᠶᠢ ᠪᠠᠬᠢᠵᠢᠬᠦᠯᠤᠨ ᠦᠷᠬᠡᠳᠬᠡᠬᠦ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠠᠢ ᠠᠮᠨ ᠰᠡᠬᠡᠷ ᠵᠤᠯᠭᠠᠭᠤᠯᠬᠤ ᠳᠤ ᠨᠠᠶᠢᠳᠠᠪᠤᠷᠢᠳᠠᠢ ᠪᠠᠳᠤᠯᠠᠭ᠎ᠠ ᠬᠠᠨᠭ᠍ᠭᠠᠯ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号