ᠰᠢᠯᠢ ᠶᠢᠨ ᠭᠤᠤᠯ ᠠᠶᠢᠮᠠᠭ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠤᠯᠠᠮ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2021/8/15
       ᠪᠦᠬᠦ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠤᠨ ᠠᠬᠢᠴᠨ ᠶᠢ ᠲᠤᠬᠢᠷᠠᠭᠤᠯᠬᠤ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠤᠨᠤᠪᠴᠢᠳᠠᠢ ᠰᠡᠷᠬᠡᠶᠢᠯᠡᠨ ᠡᠵᠡᠮᠳᠡᠬᠦ ᠪᠠᠷ ᠪᠦᠬᠦ ᠠᠶᠢᠮᠠᠭ ᠤᠨ ᠠᠷᠠᠳ ᠤᠨ ᠶᠠᠪᠤᠳᠠᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡ ᠬᠦᠷᠳᠡᠭᠴᠢ ᠤᠨ ᠪᠡᠶ᠎ᠡ ᠮᠠᠬᠠᠪᠤᠳ ᠤᠨ ᠡᠷᠡᠬᠦᠯ ᠮᠡᠨᠳᠤ ᠪᠤᠯᠤᠨ ᠠᠮᠢ ᠨᠠᠰᠤᠨ ᠤ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ ᠰᠢᠯᠢ  ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ   ᠤᠨ ᠲᠤᠪᠴᠢᠶ᠎ᠠ 8 ᠳ᠋ᠤᠭᠠᠷ ᠰᠠᠷ᠎ᠠ ᠶᠢᠨ 2 ᠤ ᠡᠳᠤᠷ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ᠃  ᠬᠤᠷᠠᠯ ᠠᠴᠠ ᠱᠠᠭᠠᠷᠳᠠᠬᠰᠠᠨ ᠨᠢ᠂ ᠨᠢᠬᠡ ᠳᠤ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠬᠤᠷᠠᠯ ᠲᠠᠷᠬᠠᠬᠰᠠᠨ ᠤ ᠲᠠᠷᠠᠭ᠎ᠠ ᠬᠤᠷᠠᠯ ᠤᠨ ᠵᠤᠷᠢᠭ ᠰᠠᠨᠠᠭ᠎ᠠ ᠶᠢ ᠲᠠᠷᠤᠶᠢᠬᠠᠨ ᠤᠯᠠᠮᠵᠢᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠰᠡᠷᠬᠡᠶᠢᠯᠡᠨ ᠡᠵᠡᠮᠳᠡᠬᠦ ᠠᠵᠢᠯ ᠢ ᠱᠠᠯᠠᠪᠳᠠᠨ ᠬᠢᠵᠤ᠂ ᠬᠢᠵᠢᠭ ᠢ ᠰᠡᠷᠬᠡᠶᠢᠯᠡᠨ ᠡᠵᠡᠮᠳᠡᠬᠦ ᠲᠦᠷᠢᠮ ᠢᠶᠠᠨ ᠲᠡᠬᠦᠯᠳᠡᠷᠵᠢᠬᠦᠯᠤᠨ᠂ ᠠᠷᠢᠭᠤᠳᠬᠠᠵᠤ ᠵᠢᠪᠠᠷ ᠰᠠᠯᠬᠢ ᠨᠡᠪᠳᠡᠷᠡᠬᠦᠯᠬᠦ᠂ ᠪᠡᠶ᠎ᠡ  ᠶᠢᠨ ᠲᠤᠯᠠᠭᠠᠨ ᠢ ᠬᠡᠮᠵᠢᠬᠦ᠂ ᠡᠷᠡᠬᠦᠯ ᠮᠡᠨᠳᠤ ᠶᠢᠨ ᠬᠤᠶᠠᠷ ᠬᠡᠮᠵᠢᠭᠳᠡᠯᠳᠤ ᠺᠤᠳ᠋ ᠢ ᠪᠠᠶᠢᠴᠠᠭᠠᠬᠤ ᠵᠡᠷᠬᠡ ᠡᠳᠤᠷ ᠲᠤᠳᠤᠮ ᠤᠨ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠬᠡᠷᠡᠭᠳᠡᠢ᠃ ᠬᠤᠶᠠᠷ ᠲᠤ᠂ ᠠᠰᠠᠷᠠᠮᠵᠢ ᠶᠢᠨ ᠪᠠᠶᠢᠭᠤᠯᠤᠮᠵᠢ ᠳᠤ ᠬᠢᠵᠢᠭ ᠢ ᠰᠡᠷᠬᠡᠶᠢᠯᠡᠨ ᠡᠵᠡᠮᠳᠡᠬᠦ ᠠᠷᠭ᠎ᠠ ᠶᠢ ᠨᠠᠶᠢᠳᠠᠪᠤᠷᠢᠵᠢᠭᠤᠯᠤᠬᠰᠨᠨ ᠪᠠᠶᠢᠳᠠᠯ ᠢ ᠱᠠᠭᠠᠷᠳᠠᠨ ᠪᠠᠶᠢᠴᠠᠭᠠᠬᠤ ᠠᠵᠢᠯ ᠢ ᠦᠷᠨᠢᠬᠦᠯᠤᠨ᠂ ᠨᠠᠰᠤ ᠵᠢᠯ ᠬᠤᠪᠢᠶᠠᠵᠤ ᠪᠠᠶᠢᠭᠠᠳ ᠬᠢᠵᠢᠭ ᠤᠨ ᠲᠠᠷᠢᠯᠭ᠎ᠠ ᠲᠠᠷᠢᠬᠰᠠᠨ ᠡᠰᠡᠬᠦ  ᠶᠢ ᠪᠠᠶᠢᠴᠠᠭᠠᠨ᠂ ᠦᠢᠯᠡᠴᠢᠯᠡᠭᠡ ᠬᠦᠷᠳᠡᠭᠰᠡᠳ ᠲᠤ ᠬᠢᠵᠢᠭ ᠤᠨ ᠲᠠᠷᠢᠯᠭ᠎ᠠ ᠲᠠᠷᠢᠬᠤ ᠠᠵᠢᠯ ᠢ ᠰᠠᠶᠢᠳᠤᠷ ᠬᠢᠵᠤ᠂ ᠤᠶᠢᠷ᠎ᠠ ᠶᠢᠨ ᠬᠤᠭᠤᠴᠠᠭᠠᠨ ᠤ ᠬᠢᠵᠢᠭ ᠤᠨ ᠲᠠᠷᠢᠯᠭ᠎ᠠ ᠲᠠᠷᠢᠬᠰᠠᠨ ᠨᠤᠷᠮ᠎ᠠ ᠶᠢ 100% ᠳᠤ ᠬᠦᠷᠬᠡᠵᠤ᠂ ︽ᠲᠠᠷᠢᠬᠤ ᠶᠤᠰᠤᠳᠠᠢ ᠳᠤ ᠨᠢ ᠵᠠᠪᠠᠯ ᠲᠠᠷᠢᠬᠤ︾ ᠶᠢ ᠪᠡᠶᠡᠯᠡᠬᠦᠯᠬᠦ ᠬᠡᠷᠡᠭᠳᠡᠢ᠃ ᠭᠤᠷᠪᠠ ᠳᠤ᠂ ᠦᠢᠯᠡᠴᠢᠯᠡᠭᠡ ᠬᠦᠷᠳᠡᠭᠰᠡᠳ ᠢ ᠴᠢᠩᠭ᠎ᠠ ᠬᠠᠮᠢᠶᠠᠷᠬᠤ ᠬᠡᠷᠡᠭᠳᠡᠢ᠃ ᠪᠠᠶᠢᠭᠤᠯᠤᠮᠵᠢ ᠳᠤ ᠲᠦᠪᠯᠡᠷᠡᠬᠦᠯᠤᠨ ᠲᠡᠳᠬᠦᠨ ᠲᠡᠵᠢᠬᠡᠯᠬᠡᠵᠤ ᠪᠠᠶᠢᠭ᠎ᠠ ᠬᠦᠮᠦᠰ ᠬᠠᠮᠢᠶ᠎ᠠ ᠨᠠᠮᠢᠶ᠎ᠠ ᠦᠬᠡᠢ ᠭᠠᠳᠠᠬᠰᠢ ᠭᠠᠷᠴᠤ ᠪᠤᠯᠬᠤ ᠦᠬᠡᠢ᠂ ᠰᠠᠳᠤᠨ ᠲᠦᠷᠤᠯ ᠨᠢ ᠪᠤᠯᠭᠤᠭᠠᠨ ᠦᠵᠡᠬᠦ ᠶᠢ ᠵᠠᠷᠴᠢᠮ ᠲᠡᠬᠡᠷ᠎ᠡ ᠪᠠᠨ ᠲᠡᠪᠴᠢᠵᠤ᠂ ᠭᠠᠳᠠᠨ᠎ᠠ ᠶᠢᠨ ᠬᠦᠮᠦᠨ ᠢ ᠤᠷᠤᠭᠤᠯᠬᠤ ᠦᠬᠡᠢ ᠪᠠᠶᠢᠬᠤ ᠬᠡᠷᠡᠭᠳᠡᠢ᠃ ᠲᠦᠷᠪᠡ ᠳᠤ᠂ ᠺᠠᠳ᠋ᠷ ᠠᠵᠢᠯᠳᠠᠠ ᠢ ᠰᠠᠶᠢᠳᠤᠷ ᠬᠠᠮᠢᠶᠠᠷᠴᠤ᠂ ᠺᠠᠳ᠋ᠷ ᠠᠵᠢᠯᠳᠠᠨ ᠪᠤᠯᠤᠨ  ᠬᠡᠷ ᠪᠦᠯᠢ ᠶᠢᠨ ᠬᠢᠨ ᠨᠢ ︽ᠴᠢᠬᠤᠯᠨ ᠦᠬᠡᠢ ᠪᠤᠯ ᠠᠶᠢᠮᠠᠭ ᠠᠴᠠ ᠪᠠᠨ ᠭᠠᠷᠬᠤ ᠦᠬᠡᠢ︾ ᠶᠢ ᠪᠠᠳᠤᠯᠠᠨ᠂ ᠠᠶᠢᠮᠠᠭ ᠠᠴᠠ ᠭᠠᠷᠬᠤ ᠴᠢᠬᠤᠯᠠᠳᠠᠢ ᠪᠤᠯ ᠪᠠᠶᠢᠭᠤᠯᠭ᠎ᠠ ᠪᠠᠷ ᠢᠶᠠᠨ ᠵᠦᠪᠰᠢᠶᠡᠷᠡᠬᠦᠯᠬᠦ ᠬᠡᠷᠡᠭᠳᠡᠢ᠃ ᠬᠤᠷᠠᠯᠳᠤᠬᠤ ᠴᠢᠬᠤᠯᠠᠳᠠᠢ ᠪᠤᠯ ᠰᠦᠯᠵᠢᠶ᠎ᠡ ᠪᠤᠶᠤ ᠸᠢᠳᠢᠤ᠋ ᠬᠡᠯᠪᠡᠷᠢ ᠪᠠᠷ ᠬᠢᠵᠤ᠂ ᠴᠤᠬᠯᠠᠭᠠᠨ ᠢ ᠪᠠᠭᠠᠰᠬᠠᠨ ᠬᠡᠨ ᠬᠡᠨ ᠳᠤ ᠪᠠᠨ ᠬᠠᠯᠳᠠᠭᠠᠬᠤ ᠠᠴᠠ ᠰᠡᠷᠬᠡᠶᠢᠯᠡᠬᠦ ᠬᠡᠷᠡᠭᠳᠡᠢ᠃ 24 ᠴᠠᠭ ᠢᠶᠠᠷ ᠵᠢᠵᠢᠬᠦᠷᠯᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠤ᠂ ︽ᠡᠳᠤᠷ ᠪᠤᠯᠭᠠᠨ ᠮᠡᠳᠡᠬᠦᠯᠬᠦ︾᠂ ︽ᠦᠬᠡᠢ ᠪᠤᠯᠪᠠᠴᠤ ᠮᠡᠳᠡᠬᠦᠯᠬᠦ︾ ᠲᠦᠷᠢᠮ ᠢ ᠲᠠᠷᠤᠶᠢᠬᠠᠨ ᠰᠡᠷᠬᠦᠬᠡᠬᠦ ᠬᠡᠷᠡᠭᠳᠡᠢ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠱᠠᠭᠠᠷᠳᠠᠯᠭ᠎ᠠ ᠪᠤᠯᠤᠨ ᠲᠤᠬᠳᠠᠭᠠᠬᠰᠠᠨ ᠭᠤᠤᠯᠳᠠᠯᠭ᠎ᠠ ᠲᠠᠢ ᠮᠡᠳᠡᠬᠦᠯᠬᠦ ᠠᠭᠤᠯᠭ᠎ᠠ ᠶᠢ ᠡᠳᠤᠷ ᠪᠤᠯᠭᠠᠨ ᠡᠮᠬᠢᠳᠬᠡᠨ ᠬᠤᠷᠢᠶᠠᠩᠭᠤᠶᠢᠯᠠᠵᠤ ᠲᠡᠭᠡᠭᠰᠢ ᠲᠡᠪᠰᠢᠬᠦᠯᠬᠦ ᠬᠡᠷᠡᠭᠳᠡᠢ᠃   ᠬᠤᠷᠠᠯ ᠠᠴᠠ ᠴᠢᠬᠤᠯᠠᠴᠢᠯᠠᠬᠰᠠᠨ ᠨᠢ᠂ ᠤᠳᠤᠬᠠᠨ ᠤ ᠬᠢᠵᠢᠭ ᠤᠨ ᠪᠠᠶᠢᠳᠠᠯ ᠮᠥᠨ ᠪᠤᠳᠤᠯᠢᠶᠠᠬᠳᠠᠢ ᠪᠦᠬᠡᠳ ᠨᠤᠴᠢᠳᠠᠢ ᠪᠠᠶᠢᠬᠰᠠᠭᠠᠷ ᠪᠤᠯᠬᠤᠷ ᠠᠯᠮᠠᠶᠢᠷᠠᠵᠤ ᠤᠬᠳᠤ ᠪᠤᠯᠬᠤ ᠦᠬᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠪᠠ ᠡᠬᠢ ᠲᠠᠩᠰᠨ ᠶᠢᠨ ᠲᠡᠮᠳᠡᠭᠯᠡᠯ ᠢ ᠦᠷᠬᠦᠯᠵᠢᠯᠡᠨ ᠰᠠᠶᠢᠳᠤᠷ ᠠᠳᠬᠤᠵᠤ᠂ ᠬᠢᠵᠢᠭ ᠢ ᠰᠡᠷᠬᠡᠶᠢᠯᠡᠨ ᠡᠵᠡᠮᠳᠡᠬᠦ ᠬᠠᠯᠬᠠᠪᠴᠢ ᠶᠢ ᠰᠢᠨᠵᠢᠯᠡᠬᠦ ᠤᠬᠠᠭᠠᠨᠴᠢ᠂ ᠤᠨᠤᠪᠴᠢᠳᠠᠢ ᠪᠦᠬᠡᠳ ᠤᠷᠭᠠᠨᠢᠭ ᠢᠶᠠᠷ ᠲᠤᠬᠢᠷᠠᠭᠤᠯᠬᠤ ᠬᠡᠷᠡᠭᠳᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号