ᠬᠦᠬᠡᠬᠤᠳᠠ ᠦᠨᠳᠤᠰᠤᠨ ᠱᠠᠳᠤᠨ ᠤ ᠨᠡᠶᠢᠬᠡᠮ ᠤᠨ ᠵᠠᠰᠠᠯᠳᠠ ᠶᠢᠨ ᠰᠠᠭᠤᠷᠢ ᠶᠢ ᠦᠷᠬᠦᠯᠵᠢᠯᠡᠨ ᠰᠠᠶᠢᠨ ᠲᠠᠯᠪᠢᠵᠤ ᠪᠠᠶᠢᠨ᠎ᠠ
ᠨᠡᠶᠢᠲᠡᠯᠡᠭᠰᠡᠨ ᠴᠠᠭ᠄
2021/8/20
    ᠨᠢᠬᠡ   ᠳᠤ᠂ ᠬᠤᠭᠤᠴᠠᠭ᠎ᠠ ᠰᠤᠯᠢᠬᠤ ᠰᠤᠩᠭᠤᠭᠤᠯᠢ ᠶᠢ ᠠᠮᠵᠢᠯᠳᠠ ᠲᠠᠢ ᠲᠠᠭᠤᠰᠬᠠᠪᠠ᠃ ᠪᠦᠬᠦ ᠬᠤᠳᠠ ᠶᠢᠨ ᠬᠤᠰᠢᠭᠤ ᠰᠢᠶᠠᠨ ᠲᠤᠭᠤᠷᠢᠭ ᠲᠤᠰᠬᠤᠨ᠂ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠠᠮᠵᠢᠯᠳᠠ ᠲᠠᠢ ᠪᠡᠶᠡᠯᠡᠬᠦᠯᠵᠤ᠂ ᠰᠢᠨ᠎ᠡ ᠨᠢᠬᠡ ᠬᠤᠭᠤᠴᠠᠭᠠᠨ ᠤ ᠲᠤᠰᠬᠤᠨ᠂ ᠨᠡᠶᠢᠬᠡᠮ ᠲᠤᠭᠤᠷᠢᠭ ᠤᠨ ᠺᠠᠳ᠋ᠷ ᠤᠨ ︽ᠰᠤᠷᠤᠯᠭ᠎ᠠ ᠶᠢᠨ ᠨᠡᠮᠳᠠᠷ ᠨᠢ ᠦᠨᠳᠤᠷ᠂ ᠨᠠᠰᠤ ᠨᠢ ᠪᠠᠭ᠎ᠠ︾ ᠪᠠᠶᠢᠬᠤ ᠶᠢ ᠪᠡᠶᠡᠯᠡᠬᠦᠯᠵᠤ᠂ ᠺᠠᠳ᠋ᠷᠴᠤᠳ ᠤᠨ ᠪᠦᠳᠦᠴᠨ ᠤᠯᠠᠮ ᠰᠢᠯᠢᠳᠡᠭᠵᠢᠪᠡ᠃  ᠬᠤᠶᠠᠷ ᠲᠤ᠂ ︽ᠲᠠᠪᠤᠨ ᠨᠡᠶᠢᠬᠡᠮ ᠬᠤᠯᠪᠤᠭᠠᠯᠠᠬᠤ︾ ᠪᠠᠷ ᠨᠡᠶᠢᠬᠡᠮ ᠲᠤᠭᠤᠷᠢᠭ ᠤᠨ ᠵᠠᠰᠠᠯᠳᠠ ᠶᠢ ᠠᠬᠢᠭᠤᠯᠤᠯ᠎ᠠ᠃ ᠨᠡᠶᠢᠬᠡᠮ ᠤᠨ ᠠᠵᠢᠯᠳᠠᠳ ᠤᠨ ᠦᠷᠳᠡᠭᠡ ᠶᠢᠨ ᠪᠠᠶᠢᠭᠤᠯᠤᠯᠳᠠ ᠶᠢᠨ ᠲᠦᠰᠤᠯ ᠢ ᠲᠤᠬᠳᠠᠭᠠᠨ᠂ ᠨᠡᠶᠢᠬᠡᠮ ᠤᠨ ᠠᠵᠢᠯᠳᠠᠳ ᠤᠨ ᠦᠷᠳᠡᠭᠡ ᠶᠢ 36 ᠪᠠᠶᠢᠭᠤᠯᠵᠤ᠂ ᠤᠯᠠᠨ ᠬᠡᠯᠪᠡᠷᠢ ᠤᠯᠠᠨ ᠠᠭᠤᠯᠭ᠎ᠠ ᠲᠠᠢ ᠦᠢᠯᠡᠴᠢᠯᠡᠬᠡᠨ ᠤ ᠠᠵᠢᠯᠯᠠᠭᠠᠨ ᠦᠷᠨᠢᠬᠦᠯᠤᠨ᠂ ᠨᠡᠶᠢᠬᠡᠮ ᠲᠤᠭᠤᠷᠢᠭ ᠤᠨ ᠵᠠᠰᠠᠯᠳᠠ ᠶᠢᠨ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠤ ᠪᠠᠶᠢᠨ᠎ᠠ᠃  ᠭᠤᠷᠪᠠ ᠳᠤ᠂ ᠨᠠᠮ ᠤᠨ ᠪᠠᠶᠢᠭᠤᠯᠤᠯᠳᠠ ᠪᠠᠷ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠬᠦᠭᠵᠢᠯᠳᠡ ᠶᠢ ᠬᠦᠳᠤᠯᠤᠬᠦᠯᠪᠡ᠃ ᠨᠡᠶᠢᠬᠡᠮ ᠲᠤᠭᠤᠷᠢᠭ ᠤᠨ ᠨᠠᠮ ᠤᠨ ᠪᠠᠶᠢᠭᠤᠯᠤᠯᠳᠠ ᠶᠢᠨ ᠲᠠᠭᠤᠷᠢᠶᠠᠯ ᠴᠡᠭ ᠢ ᠡᠬᠦᠳᠤᠨ ᠪᠠᠶᠢᠭᠤᠯᠵᠤ᠂ ︽ᠨᠠᠮ ᠤᠨ ᠪᠠᠶᠢᠭᠤᠯᠤᠯᠳᠠ ᠪᠠᠷ ᠰᠦᠭ ᠰᠦᠯᠳᠡ ᠶᠢ ᠪᠠᠳᠤᠳᠬᠠᠵᠤ᠂ ᠲᠠᠷᠬᠠᠨ ᠤ ᠵᠤᠷᠢᠭ ᠰᠠᠨᠠᠭ᠎ᠠ  ᠪᠠᠷ ᠵᠡᠬᠦᠳᠤ ᠪᠠᠨ ᠲᠡᠷᠭᠡᠯᠰᠢᠬᠦᠯᠬᠦ︾ ᠪᠤᠯᠤᠨ ︽ᠰᠠᠶᠢᠨ ᠰᠠᠶᠢᠬᠠᠨ ᠤᠷᠴᠢᠨ ᠲᠤᠭᠤᠷᠢᠨ ᠪᠠ ᠠᠮᠢᠳᠤᠷᠠᠯ ᠤᠨ ᠤᠷᠤᠨ ᠵᠠᠢ ᠶᠢ ᠡᠬᠦᠳᠤᠨ ᠪᠠᠶᠢᠭᠤᠯᠬᠤ︾ ᠨᠠᠮ ᠤᠨ ᠪᠠᠶᠢᠭᠤᠯᠤᠯᠳᠠ ᠶᠢᠨ ᠬᠠᠮᠳᠤ ᠶᠢᠨ ᠴᠤᠬᠴᠨ ᠬᠤᠶᠠᠷ ᠢ ᠪᠠᠶᠢᠭᠤᠯᠵᠤ᠂ 15 ᠨᠠᠮ ᠤᠨ ᠵᠤᠬᠢᠶᠠᠨ ᠪᠠᠶᠢᠭᠤᠯᠤᠯᠳᠠ ᠶᠢ ᠲᠠᠳᠠᠨ ᠠᠪᠴᠢᠷᠠᠪᠠ᠃ ᠡᠬᠦᠨ ᠤ ᠬᠠᠮᠳᠤ ︽ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦ︾ ᠲᠤᠰᠬᠠᠢ ᠠᠵᠢᠯᠯᠠᠭᠠᠨ ᠢ ᠦᠷᠨᠢᠬᠦᠯᠬᠦ ᠲᠠᠢ ᠤᠶᠠᠯᠳᠤᠭᠤᠯᠤᠨ ᠰᠦᠢᠳᠬᠡᠯ ᠢ ᠬᠡᠯᠳᠤᠷᠢᠬᠦᠯᠬᠦ᠂ ᠪᠠᠭᠠᠰᠬᠠᠬᠤ᠂ ᠲᠦᠷᠢᠮᠵᠢᠬᠦᠯᠬᠦ ᠲᠠᠯ᠎ᠠ ᠪᠠᠷ ᠡᠯ᠎ᠡ ᠨᠡᠶᠢᠬᠡᠮᠯᠢᠭ᠂ ᠡᠯ᠎ᠡ ᠬᠤᠳᠠᠯᠳᠤᠭᠠᠨ ᠤ ᠨᠡᠶᠢᠬᠡᠮᠯᠢᠭ  ᠢ ᠵᠢᠯᠤᠭᠤᠳᠤᠬᠰᠠᠨ ᠢᠶᠠᠷ 7 ᠳ᠋ᠤᠭᠠᠷ ᠰᠠᠷ᠎ᠠ ᠶᠢᠨ ᠰᠡᠬᠦᠯᠴᠢ ᠪᠤᠯᠳᠠᠯ᠎ᠠ ᠲᠤᠰ ᠱᠠᠳᠤᠨ ᠤ ᠰᠦᠢᠳᠬᠡᠯ ᠬᠤᠷᠢᠶᠠᠬᠤ ᠦᠬᠡᠢ ᠲᠤᠬᠠᠶᠢᠯᠠᠬᠰᠠᠨ ᠠᠵᠢᠯ ᠤᠨ ᠨᠡᠶᠢᠬᠡᠮᠯᠢᠭ ᠪᠠ ᠬᠤᠳᠠᠯᠳᠤᠭᠠᠨ ᠤ ᠨᠡᠶᠢᠬᠡᠮᠯᠢᠭ ᠤᠨ 80% ᠠᠴᠠ ᠲᠡᠭᠡᠭᠰᠢᠬᠢ  ᠶᠢ ᠡᠵᠡᠯᠡᠵᠤ᠂ ᠬᠡᠯᠳᠤᠷᠢᠬᠦᠯᠵᠤ ᠪᠠᠭᠤᠷᠠᠭᠤᠯᠤᠬᠰᠠᠨ ᠰᠦᠢᠳᠬᠡᠯ 200 ᠲᠦᠮᠡᠨ ᠲᠦᠬᠦᠷᠢᠭ ᠬᠦᠷᠤᠯ᠎ᠡ᠃  ᠲᠦᠷᠪᠡ ᠳᠤ᠂ ᠨᠡᠶᠢᠬᠡᠮ ᠲᠤᠭᠤᠷᠢᠭ ᠤᠨ ᠠᠵᠢᠯᠳᠠᠳ ᠢ ᠨᠡᠮᠡᠭᠳᠡᠬᠦᠯᠪᠡ᠃ ᠨᠡᠶᠢᠬᠡᠮ ᠲᠤᠭᠤᠷᠢᠭ ᠤᠨ ᠴᠢᠳᠠᠪᠤᠷᠢᠳᠠᠨ ᠤ ᠡᠩᠨᠡᠭᠡ ᠶᠢ ᠲᠠᠰᠤᠷᠠᠯᠳᠠ ᠦᠬᠡᠢ ᠪᠤᠵᠠᠭᠠᠶᠢᠷᠠᠭᠤᠯᠵᠤ᠂ 2020 ᠤᠨ ᠠᠴᠠ 2022 ᠤᠨ ᠤ ᠬᠤᠭᠤᠷᠤᠨᠳᠤ 3000 ᠨᠡᠶᠢᠬᠡᠮ ᠤᠨ ᠠᠵᠢᠯᠳᠠᠳ ᠢ  ᠡᠯᠰᠡᠬᠦ ᠪᠠᠷ ᠪᠠᠶᠢᠨ᠎ᠠ᠃  ᠲᠠᠪᠤ ᠳᠤ᠂ ᠲᠤᠰᠬᠤᠨ ︵ᠰᠠᠭᠤᠭᠠᠯᠢ ᠠᠷᠠᠳ ᠤᠨ ᠵᠦᠪᠯᠡᠯ︶ ᠤ ᠶᠠᠪᠤᠳᠠᠯ ᠢ ᠢᠯᠡᠵᠢᠬᠦᠯᠬᠦ ᠠᠵᠢᠯ ᠢ ᠠᠬᠢᠭᠤᠯᠪᠠ᠃ ᠲᠤᠰᠬᠤᠨ ᠤ ᠶᠠᠪᠤᠳᠠᠯ ᠢ ᠢᠯᠡᠵᠢᠬᠦᠯᠬᠦ ᠭᠠᠷᠴᠠᠭ 3 ᠲᠦᠷᠤᠯ ᠤᠨ 45 ᠵᠤᠷᠪᠤᠰ  ᠰᠠᠭᠤᠭᠠᠯᠢ ᠠᠷᠠᠳ ᠤᠨ ᠵᠦᠪᠯᠡᠯ ᠤᠨ ᠠᠵᠢᠯ ᠤᠨ ᠢᠯᠡᠵᠢᠬᠦᠯᠬᠦ ᠭᠠᠷᠴᠠᠭ 3 ᠶᠡᠭᠡ ᠲᠦᠷᠤᠯ ᠤᠨ 27 ᠵᠤᠷᠪᠤᠰ ᠢ ᠲᠤᠬᠳᠠᠭᠠᠵᠤ᠂ ︽ᠢᠯᠨ ᠦᠢᠯᠡᠴᠢᠯᠡᠭᠡ︾ ᠶᠢᠨ ᠲᠠᠪᠴᠠᠩ ᠤᠨ ᠲᠤᠭᠤᠷᠢᠨ ᠳᠤ ︽ᠢᠨᠲ᠋ᠧᠷ ᠰᠦᠯᠵᠢᠶ᠎ᠡ +︾ ᠲᠤᠰᠬᠤᠨ ︵ ᠰᠠᠭᠤᠭᠠᠯᠢ ᠠᠷᠠᠳ ᠤᠨ ᠵᠦᠪᠯᠡᠯ︶ ᠤ ᠶᠠᠪᠤᠳᠠᠯ ᠢ ᠢᠯᠡᠵᠢᠬᠦᠯᠬᠦ ᠶᠢ ᠶᠡᠭᠡ ᠪᠠᠷ ᠠᠬᠢᠭᠤᠯᠤᠬᠰᠠᠨ ᠪᠠᠶᠢᠨ᠎ᠠ᠃  ᠵᠢᠷᠭᠤᠭ᠎ᠠ ᠳᠤ᠂ ᠲᠤᠰᠬᠤᠨ ᠤ ᠲᠦᠷᠢᠮ ᠢᠷᠬᠡᠳ ᠤᠨ ᠬᠡᠷ᠎ᠡ ᠳᠤ ᠵᠠᠰᠠᠪᠤᠷᠢ ᠤᠷᠤᠭᠤᠯᠪᠠ᠃ ᠪᠦᠬᠦ ᠬᠤᠳᠠ ᠶᠢᠨ ᠵᠠᠰᠠᠪᠤᠷᠢ ᠤᠷᠤᠭᠤᠯᠤᠬᠰᠠᠨ ᠲᠤᠰᠬᠤᠨ ᠤ ᠲᠦᠷᠢᠮ ᠢᠷᠬᠡᠳ ᠤᠨ ᠬᠡᠷ᠎ᠡ᠂ ᠰᠠᠭᠤᠭᠠᠯᠢ ᠠᠷᠠᠳ ᠤᠨ ᠨᠡᠶᠢᠳᠡ ᠶᠢᠨ ᠬᠡᠷ᠎ᠡ ᠨᠡᠶᠢᠳᠡ 965 ᠵᠤᠷᠪᠤᠰ ᠪᠠᠶᠢᠵᠤ᠂ ᠪᠤᠯᠪᠠᠰᠤᠨ ᠠᠵᠢᠯᠯᠠᠭ᠎ᠠ᠂ ᠲᠤᠰᠬᠤᠨ ᠤ ᠬᠠᠮᠢᠶᠠᠷᠤᠯᠳᠠ᠂ ᠤᠷᠤᠰᠢᠭᠤᠯᠭ᠎ᠠ ᠂ ᠬᠤᠷᠢᠮ ᠤᠨ ᠵᠠᠩᠰᠢᠯ᠂ ᠨᠠᠰᠤᠵᠢᠯ ᠬᠡᠤᠬᠡᠳ ᠤᠨ ᠠᠰᠠᠷᠠᠮᠵᠢ ᠵᠡᠷᠬᠡ ᠲᠠᠯ᠎ᠠ ᠳᠤ ᠬᠤᠯᠪᠤᠬᠳᠠᠨ᠂ ᠲᠤᠰᠬᠤᠨ ᠤ ᠢᠷᠬᠡᠳ ᠤᠨ ᠦᠢᠯᠨ ᠠᠵᠢᠯᠯᠠᠭ᠎ᠠ ᠶᠢ ᠲᠦᠷᠢᠮᠵᠢᠬᠦᠯᠤᠨ᠂  ᠬᠦᠳᠡᠭᠡ ᠲᠤᠰᠬᠤᠨ ᠤ ᠪᠤᠯᠪᠠᠰᠤᠨ ᠦᠡᠭᠭᠡ ᠲᠦᠷᠰᠤ  ᠶᠢ ᠪᠤᠢ ᠪᠤᠯᠭᠠᠵᠤ ᠪᠠᠶᠢᠨ᠎ᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号