ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠨᠠᠮ ᠤᠨ ᠤᠳᠤᠷᠢᠳᠬᠤ ᠲᠤᠭᠤᠶᠢᠯᠠᠩ ᠤᠨ ᠦᠷᠬᠡᠳᠭᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/20
    ᠯᠢ ᠰᠢᠤ ᠯᠢᠩ ᠬᠤᠷᠠᠯ ᠡᠷᠬᠢᠯᠡᠵᠤ ᠶᠠᠷᠢᠶ᠎ᠠ ᠲᠠᠯᠪᠢᠵᠠᠢ     8 ᠳ᠋ᠤᠭᠠᠷ ᠰᠠᠷ᠎ᠠ ᠶᠢᠨ 16 ᠤ ᠦᠳᠡ ᠶᠢᠨ ᠬᠤᠶᠢᠨ᠎ᠠ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠨᠠᠮ ᠤᠨ ᠤᠳᠤᠷᠢᠳᠬᠤ ᠲᠤᠭᠤᠶᠢᠯᠠᠩ ᠤᠨ ᠦᠷᠬᠡᠳᠭᠡᠭᠰᠡᠨ ᠬᠤᠷᠠᠯ ᠬᠤᠷᠠᠯᠳᠤᠭᠤᠯᠤᠨ᠂ ᠰᠢ ᠶᠢᠨ ᠫᠢᠡᠭ ᠶᠡᠷᠤᠩᠭᠡᠢ ᠱᠦᠵᠢ ᠶᠢᠨ ᠲᠦᠪ ᠤᠨ ᠤᠯᠤᠰ ᠲᠦᠷᠤ ᠶᠢᠨ ᠲᠤᠪᠴᠢᠶᠠᠨ ᠤ ᠭᠤᠴᠢᠳᠤᠭᠠᠷ᠂ ᠭᠤᠴᠢᠨ ᠨᠢᠬᠡᠳᠤᠬᠡᠷ᠂ ᠭᠤᠴᠢᠨ ᠬᠤᠶᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠲᠡᠬᠡᠷᠡᠬᠢ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ ᠬᠤᠭᠤᠴᠠᠭᠠᠨ ᠤ ᠠᠷᠪᠠᠨ ᠲᠦᠷᠪᠡᠳᠤᠬᠡᠷ ᠪᠦᠬᠦᠳᠡ ᠬᠤᠷᠠᠯ ᠪᠤᠯᠤᠨ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ︽ᠨᠠᠮ ᠪᠠᠶᠢᠭᠤᠯᠤᠬᠰᠠᠨ ᠠᠭᠤᠤ ᠶᠡᠭᠡ ᠵᠤᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ︾ ᠭᠤᠤᠯ ᠰᠡᠳᠤᠪᠳᠤ ᠠᠵᠢᠯᠯᠠᠭ᠎ᠠ ᠶᠢ ᠦᠷᠨᠢᠬᠦᠯᠬᠦ ᠲᠤᠬᠠᠢ ᠮᠡᠳᠡᠭᠳᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠶᠢ ᠰᠤᠳᠤᠯᠤᠨ᠂ ᠲᠠᠷᠠᠭᠠᠴᠢ ᠶᠢᠨ ᠱᠠᠳᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠤᠬᠰᠠᠨ ᠪᠠᠶᠢᠨ᠎ᠠ᠃  ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠦᠪᠤᠷ ᠮᠤᠩᠭᠤᠯ ᠤᠨ ᠤᠯᠤᠰ ᠲᠦᠷᠤ ᠶᠢᠨ ᠵᠦᠪᠯᠡᠯᠬᠡᠨ ᠤ ᠲᠡᠷᠢᠬᠦᠯᠡᠭᠴᠢ ᠯᠢ ᠰᠢᠤ ᠯᠢᠩ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠯᠦᠸᠧ ᡁᠢ ᠬᠤ᠋᠂ ᠳ᠋ᠦᠡᠭ ᠾᠸᠡᠭ ᠢᠤᠢ᠂ ᠯᠢᠤ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸ᠋ᠨ᠂ ᠡᠸᠤ ᠶᠠᠩ ᠰᠢᠶᠤᠤ ᠬᠤᠢ᠂ ᠸᠧᠢ ᠬᠦᠸᠧ ᠨᠠᠨ ᠪᠤᠯᠤᠨ ᠨᠠᠷᠢᠨ ᠪᠢᠴᠢᠭ ᠤᠨ ᠲᠠᠷᠤᠭ᠎ᠠ ᠳ᠋ᠢ ᠷᠦᠢ ᠮᠢᠩ ᠬᠤᠷᠠᠯ ᠳᠤ ᠤᠷᠤᠯᠴᠠᠯ᠎ᠠ᠃      ᠬᠤᠷᠠᠯ ᠠᠴᠠ ᠴᠢᠬᠤᠯᠠᠴᠢᠯᠠᠬᠰᠠᠨ ᠨᠢ᠂ ᠰᠢ ᠶᠢᠨ ᠫᠢᠡᠭ ᠶᠡᠷᠤᠩᠭᠡᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠴᠠᠭ ᠲᠤᠬᠠᠢ ᠳᠤ ᠨᠢ ᠰᠤᠷᠤᠯᠴᠠᠵᠤ᠂ ︽ᠤᠯᠤᠰ ᠤᠨ ᠶᠡᠭᠡ ᠶᠠᠪᠤᠳᠠᠯ︾ ᠢ ᠤᠶᠢᠯᠠᠭᠠᠨ ᠤᠬᠠᠮᠰᠠᠷᠠᠵᠤ᠂ ᠭᠤᠤᠯ ᠠᠵᠢᠯ ᠪᠠ ᠶᠡᠭᠡ ᠲᠠᠯ᠎ᠠ ᠶᠢ ᠡᠵᠡᠮᠳᠡᠨ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠤ ᠶᠢᠨ ᠬᠡᠷᠡᠭᠵᠢᠬᠦᠯᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠳᠡᠢ᠃       ᠬᠤᠷᠠᠯ ᠠᠴᠠ ᠱᠠᠭᠠᠷᠳᠠᠬᠰᠠᠨ ᠨᠢ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ︽ᠨᠠᠮ ᠪᠠᠶᠢᠭᠤᠯᠤᠬᠰᠠᠨ ᠠᠭᠤᠤ ᠶᠡᠭᠡ ᠵᠤᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ︾ ᠭᠤᠤᠯ ᠰᠡᠳᠤᠪᠳᠤ ᠠᠵᠢᠯᠯᠠᠭ᠎ᠠ ᠶᠢ ᠦᠷᠨᠢᠬᠦᠯᠬᠦ ᠲᠤᠬᠠᠢ ᠮᠡᠳᠡᠭᠳᠡᠯ ᠤᠨ ᠵᠤᠷᠢᠭ ᠰᠠᠨᠠᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠢ ᠬᠦᠨᠵᠡᠬᠡᠶᠢᠷᠡᠬᠦᠯᠤᠨ᠂ ︽ᠶᠤᠰᠤ ᠤᠴᠢᠷ ᠢ ᠤᠶᠢᠯᠠᠭᠠᠬᠤ︾᠂ ︽ᠢᠳᠡᠬᠡᠯ ᠢᠶᠠᠨ ᠨᠡᠮᠡᠭᠳᠡᠬᠦᠯᠬᠦ︾᠂ ︽ᠶᠤᠰᠤ ᠰᠤᠷᠳᠠᠬᠤᠨ ᠢ ᠲᠡᠭᠡᠳᠤᠯᠡᠬᠦ︾᠂ ︽ᠴᠢᠷᠮᠠᠶᠢᠨ ᠦᠢᠯᠡᠳᠤᠯᠬᠡᠵᠢᠬᠦᠯᠬᠦ︾ ᠦᠷ᠎ᠡ ᠪᠦᠳᠦᠬᠡᠯ ᠢ ᠤᠯᠠᠮ ᠪᠠᠬᠢᠵᠢᠬᠦᠯᠤᠨ ᠦᠷᠭᠡᠳᠬᠡᠬᠦ ᠬᠡᠷᠡᠭᠳᠡᠢ᠃      ᠬᠤᠷᠠᠯ ᠠᠴᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠯᠪᠤᠬᠳᠠᠯ ᠪᠦᠬᠦᠢ  ᠱᠠᠭᠠᠷᠳᠠᠯᠭ᠎ᠠ ᠶᠤᠰᠤᠭᠠᠷ ᠡᠯ᠎ᠡ ᠵᠦᠢᠯ  ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠨᠢᠬᠡᠳᠤᠯᠳᠡᠢ ᠲᠦᠯᠦᠪᠵᠢᠬᠦᠯᠤᠨ ᠵᠤᠬᠢᠰᠳᠠᠢ ᠲᠤᠬᠢᠷᠠᠭᠤᠯᠵᠤ᠂ ᠤᠨ  ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠬᠦᠷᠬᠡ ᠪᠠᠨ ᠴᠢᠨᠠᠷᠵᠢᠭᠤᠨ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号