ᠯᠢᠨ ᠱᠤᠤ ᠴᠦᠨ ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠡᠮᠡᠴᠡᠯ ᠢ ᠪᠠᠶᠢᠡᠭᠭᠤᠵᠢᠭᠤᠯᠬᠤ ᠪᠤᠯᠤᠨ ᠭᠤᠤᠯᠳᠠᠯᠭ᠎ᠠ ᠲᠠᠢ ᠠᠵᠢᠯ ᠲᠦᠷᠤᠯ ᠤᠨ ᠬᠦᠷᠢᠶ᠎ᠡ ᠴᠠᠷᠠᠭᠠᠨ ᠤ ᠴᠡᠭᠴᠡᠯᠡᠨ ᠵᠠᠰᠠᠯᠳᠠ ᠶᠢᠨ ᠠᠬᠢᠭᠤᠯᠬᠤ ᠬᠤᠷᠠᠯ ᠲᠡᠬᠡᠷ᠎ᠡ ᠴᠢᠬᠤᠯᠠᠴᠢᠯᠠᠬᠬᠰᠠᠨ ᠨᠢ᠄ ᠨᠡᠩ ᠦᠨᠳᠤᠷ ᠵᠤᠬᠰᠤᠴᠨ  ᠠᠴᠠ ᠨᠡᠩ ᠪᠤᠳᠠᠳᠠᠢ ᠠᠷᠭ᠎ᠠ ᠪᠠᠷᠢᠯ ᠨᠡᠩ ᠴᠢᠩᠭ᠎ᠠ ᠰᠤᠷᠳᠠᠯ ᠢᠶᠠᠷ ᠠᠵᠢᠯ ᠲᠦᠷᠤᠯ ᠤᠨ ᠬᠦᠷᠢᠶ᠎ᠡ ᠴᠠᠷᠠᠭᠠᠨ ᠤ ᠴᠡᠭᠴᠡᠯᠡᠨ ᠵᠠᠰᠠᠯᠳᠠ ᠶᠢ ᠴᠢᠩᠭ᠎ᠠ ᠠᠳᠬᠤᠵᠤ ᠰᠠᠶᠢᠳᠤᠷ ᠠᠳᠬᠤᠬᠤ ᠬᠡᠷᠡᠭᠳᠡᠢ
ᠨᠡᠶᠢᠲᠡᠯᠡᠭᠰᠡᠨ ᠴᠠᠭ᠄
2021/8/20
     ᠯᠢᠤ ᠴᠢ ᠹᠠᠨ᠂ ᠵᠠᠩ ᠱᠤᠤ ᠴᠦᠨ᠂ ᠾᠸᠡᠭ ᠰᠢᠶᠤᠤ ᠹᠠᠨ᠂ ᠶᠠᠩ ᠽᠦᠡᠭ ᠷᠧᠨ᠂ ᠯᠢ ᠴᠢ ᠯᠢᠨ ᠨᠠᠷ ᠬᠤᠷᠠᠯ  ᠳᠤ ᠤᠷᠤᠯᠴᠠᠯ᠎ᠠ    8 ᠳ᠋ᠤᠭᠠᠷ ᠰᠠᠷ᠎ᠠ ᠶᠢᠨ 16 ᠤ ᠡᠳᠤᠷ᠂ ᠪᠦᠬᠦ ᠤᠷᠤᠨ ᠤ ᠬᠠᠷ᠎ᠠ ᠪᠦᠯᠦᠭᠳᠡᠨ  ᠬᠠᠷᠬᠢᠰ ᠬᠦᠴᠤᠨ ᠢ ᠠᠷᠢᠯᠭᠠᠬᠤ ᠲᠡᠮᠡᠴᠡᠯ ᠢ ᠪᠠᠶᠢᠡᠭᠭᠤᠵᠢᠭᠤᠯᠬᠤ ᠪᠤᠯᠤᠨ ᠭᠤᠤᠯᠳᠠᠯᠭ᠎ᠠ ᠲᠠᠢ ᠠᠵᠢᠯ ᠲᠦᠷᠤᠯ ᠤᠨ ᠬᠦᠷᠢᠶ᠎ᠡ ᠴᠠᠷᠠᠭᠠᠨ ᠤ ᠴᠡᠭᠴᠡᠯᠡᠨ ᠵᠠᠰᠠᠯᠳᠠ ᠶᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠵᠠᠢ᠃ ᠬᠤᠷᠠᠯ ᠠᠴᠠ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠡᠮᠡᠴᠡᠯ ᠢ ᠪᠠᠶᠢᠡᠭᠭᠤᠵᠢᠭᠤᠯᠬᠤ ᠲᠤᠬᠠᠢ ᠰᠢ ᠶᠢᠨ ᠫᠢᠡᠭ ᠶᠡᠷᠤᠩᠭᠡᠢ ᠱᠦᠵᠢ ᠶᠢᠨ ᠴᠢᠬᠤᠯᠨ ᠵᠢᠭᠠᠪᠤᠷᠢ  ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠤᠨ ᠸᠢᠳᠢᠤ᠋ ᠠᠬᠢᠭᠤᠯᠬᠤ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠬᠰᠠᠨ ᠪᠠᠶᠢᠨ᠎ᠠ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠠᠢ᠃     ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠨ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ   ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠤ ᠴᠢ ᠹᠠᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠠᠩ ᠱᠤᠤ ᠴᠦᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠾᠸᠡᠭ ᠰᠢᠶᠤᠤ ᠹᠠᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠡᠬᠡᠳᠤ ᠵᠡᠷᠬᠡ ᠶᠢᠨ ᠰᠢᠬᠦᠬᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠯᠢ ᠴᠢ ᠯᠢᠨ ᠨᠠᠷ ᠬᠤᠷᠠᠯ ᠳᠤ ᠤᠷᠤᠯᠴᠠᠯ᠎ᠠ᠃     ᠯᠢᠨ ᠱᠤᠤ ᠴᠦᠨ ᠵᠢᠭᠠᠬᠰᠠᠨ ᠨᠢ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠠᠵᠢᠯ ᠲᠤᠰᠬᠠᠢ ᠲᠡᠮᠡᠴᠡᠯ ᠠᠴᠠ ᠪᠠᠶᠢᠡᠭᠭᠤᠵᠢᠬᠰᠠᠨ ᠪᠠᠶᠢᠳᠠᠯ ᠳᠤ ᠰᠢᠯᠵᠢᠭᠰᠡᠨ ᠤ ᠨᠠᠭᠠᠰᠢ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠬᠰᠠᠨ ᠨᠠᠮ  ᠤᠨ ᠲᠦᠪ ᠬᠤᠷᠢᠶ᠎ᠠ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠡᠮᠡᠴᠡᠯ ᠢ ᠪᠠᠶᠢᠡᠭᠭᠤᠵᠢᠭᠤᠯᠬᠤ ᠳᠤ ᠰᠢᠨ᠎ᠡ ᠱᠠᠭᠠᠷᠳᠠᠯᠭ᠎ᠠ ᠲᠤᠷᠠᠳᠤᠬᠰᠠᠨ ᠪᠠᠶᠢᠨ᠎ᠠ᠃ ᠪᠦᠬᠦ ᠤᠷᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠲᠦᠪ ᠤᠨ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠬᠡ ᠵᠢᠯ ᠤᠨ ᠬᠤᠭᠤᠴᠠᠭ᠎ᠠ ᠲᠣᠳᠤᠷ᠎ᠠ ᠲᠦᠪᠯᠡᠷᠡᠬᠦᠯᠵᠤ ᠪᠠᠶᠢᠭᠠᠳ ᠴᠤᠬᠢᠯᠳᠠ ᠦᠭᠭᠦ ᠪᠠᠷ ᠤᠷᠢᠳᠠᠯ ᠪᠤᠯᠭᠠᠨ᠂ ᠰᠡᠷᠬᠡᠶᠢᠯᠡᠨ ᠡᠵᠡᠮᠳᠡᠬᠦ ᠪᠠᠷ ᠰᠠᠭᠤᠷᠢ ᠪᠤᠯᠭᠠᠨ᠂ ᠬᠢᠨᠠᠯᠳᠠ ᠬᠠᠮᠢᠶᠠᠷᠤᠯᠳᠠ  ᠪᠠᠷ ᠭᠤᠤᠯᠳᠠᠯᠭ᠎ᠠ ᠪᠤᠯᠭᠠᠨ᠂ ᠲᠦᠷᠢᠮ ᠲᠤᠬᠳᠠᠭᠠᠬᠤ ᠪᠠᠷ ᠦᠨᠳᠤᠰᠤ ᠪᠤᠯᠭᠠᠨ᠂ ᠬᠠᠷᠢᠭᠤᠴᠠᠯᠭ᠎ᠠ ᠶᠢ ᠲᠤᠳᠤᠷᠬᠠᠶᠢᠯᠠᠬᠤ ᠪᠠᠷ ᠴᠢᠬᠤᠯᠨ ᠵᠦᠢᠯ ᠪᠤᠯᠭᠠᠨ᠂ ᠲᠤᠰᠬᠠᠢ ᠲᠡᠮᠡᠴᠡᠯ ᠤᠨ ᠲᠤᠮᠳᠠᠬᠢ ᠪᠤᠯᠪᠠᠰᠤᠷᠠᠩᠭᠤᠢ ᠲᠤᠷᠰᠢᠯᠭ᠎ᠠ ᠬᠢᠳᠡᠯ ᠢ ᠪᠦᠬᠦ ᠲᠠᠯ᠎ᠠ ᠪᠠᠷ ᠳ᠋ᠦᠡᠭᠨᠡᠨ ᠪᠤᠯᠪᠠᠰᠤᠷᠠᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠤᠨ ᠲᠠᠢ ᠬᠤᠯᠪᠤᠬᠳᠠᠬᠰᠠᠨ ᠬᠡᠷᠡᠭ ᠤᠨ ᠲᠤᠭ᠎ᠠ ᠶᠡᠭᠡ ᠪᠠᠷ ᠪᠠᠭᠤᠷᠠᠬᠤ᠂ ᠠᠵᠢᠯ ᠤᠨ ᠡᠮᠬᠢ ᠲᠢᠭᠯᠢᠮ ᠢᠯᠡᠳᠳᠡ ᠰᠠᠶᠢᠵᠢᠷᠠᠬᠤ᠂ ᠲᠦᠷᠢᠮ ᠲᠤᠬᠳᠠᠴᠨ ᠦᠨᠳᠤᠰᠤᠨ ᠳᠤ ᠪᠠᠨ ᠲᠡᠬᠦᠯᠳᠡᠷᠵᠢᠬᠦ᠂ ᠠᠷᠠᠳ ᠲᠦᠮᠡᠨ ᠤᠯᠠᠮ ᠬᠠᠨᠤᠮᠵᠢᠳᠠᠢ ᠪᠤᠯᠬᠤ ᠶᠢ ᠦᠨᠡᠨ ᠬᠦ ᠪᠠᠳᠤᠯᠠᠨ᠂ ᠬᠠᠷ᠎ᠠ ᠪᠦᠯᠦᠭᠳᠡᠨ ᠬᠠᠷᠬᠢᠰ ᠬᠦᠴᠤᠨ ᠪᠤᠢ ᠪᠤᠯᠬᠤ ᠬᠦᠷᠤᠰᠤ ᠰᠢᠷᠤᠢ ᠶᠢ ᠲᠤᠶᠢᠯᠪᠤᠷᠢᠳᠠᠢ ᠠᠷᠢᠯᠭᠠᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠬᠦᠳᠬᠦ ᠬᠡᠷᠡᠭᠳᠡᠢ᠃      ᠯᠢᠨ ᠱᠤᠤ ᠴᠦᠨ ᠴᠢᠬᠤᠯᠠᠴᠢᠯᠠᠬᠰᠠᠨ ᠨᠢ᠂ ᠦᠨᠤ ᠵᠢᠯ ᠪᠤᠯ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠶᠢ ᠪᠠᠶᠢᠡᠭᠭᠤᠵᠢᠭᠤᠯᠵᠤ ᠲᠤᠬᠳᠠᠴᠠᠵᠢᠭᠤᠯᠤᠬᠰᠠᠨ ᠡᠬᠢᠯᠡᠯᠳᠡ ᠶᠢᠨ ᠤᠨ ᠪᠤᠯᠤᠨ᠎ᠠ᠂ ᠪᠢᠳᠡ ︽ᠴᠤᠬᠢᠯᠳᠠ ᠦᠭᠭᠦ᠂ ᠰᠡᠷᠬᠡᠶᠢᠯᠡᠬᠦ᠂ ᠬᠠᠮᠢᠶᠠᠷᠬᠤ᠂ ᠪᠠᠶᠢᠭᠤᠯᠬᠤ︾ ᠲᠦᠷᠪᠡᠨ ᠡᠬᠦᠷᠬᠡ ᠶᠢᠨ ᠲᠤᠭᠤᠷᠢᠨ ᠳᠤ 6 ᠶᠡᠭᠡ ᠭᠤᠤᠯᠳᠠᠯᠭ᠎ᠠ ᠲᠠᠢ ᠠᠵᠢᠯ ᠲᠦᠷᠤᠯ ᠤᠨ ᠬᠦᠷᠢᠶ᠎ᠡ ᠴᠠᠷᠠᠭᠠᠨ ᠤ ᠴᠡᠭᠴᠡᠯᠡᠨ ᠵᠠᠰᠠᠬᠤ ᠪᠤᠭᠤᠮᠳᠠ ᠰᠢᠪᠳᠤᠯᠤᠯᠳᠠ ᠶᠢᠨ ᠲᠠᠶᠢᠯᠠᠯᠳᠤᠭᠠᠨ ᠳᠤ ᠵᠠᠪᠠᠯ ᠢᠯᠠᠵᠤ᠂ ᠪᠦᠬᠦ ᠤᠷᠤᠨ ᠤ 12 ᠠᠵᠢᠯ ᠲᠦᠷᠤᠯ ᠤᠨ ᠬᠦᠷᠢᠶ᠎ᠡ ᠴᠠᠷᠠᠭᠠᠨ ᠤ ᠴᠡᠭᠴᠡᠯᠡᠨ ᠵᠠᠰᠠᠬᠤ ᠠᠵᠢᠯ ᠳᠤ ᠰᠢᠨ᠎ᠡ ᠰᠢᠪᠳᠤᠯᠤᠯᠳᠠ ᠭᠠᠷᠭᠠᠬᠤ ᠶᠢ ᠲᠠᠶᠢᠴᠢᠯᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ  ᠬᠢᠨ ᠡᠷᠬᠡᠪᠰᠢ ᠤᠯᠤᠰ ᠲᠦᠷᠤ ᠶᠢᠨ ᠵᠤᠬᠰᠤᠴᠨ ᠪᠠᠨ ᠲᠡᠭᠡᠭᠰᠢᠯᠡᠬᠦᠯᠵᠤ᠂ ᠠᠵᠢᠯ ᠤᠨ ᠲᠦᠷᠤᠯ ᠤᠨ ᠬᠦᠷᠢᠶ᠎ᠡ ᠴᠠᠷᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠬᠦ ᠶᠢ ᠤᠯᠤᠰ ᠲᠦᠷᠤ ᠶᠢᠨ ᠶᠡᠭᠡ ᠶᠠᠪᠤᠳᠠᠯ ᠪᠤᠯᠭᠠᠨ᠂ ︽ᠬᠤᠶᠠᠷ ᠢ ᠬᠠᠮᠠᠭᠠᠠᠯᠬᠤ︾ ᠶᠢ ᠰᠢᠯᠭᠠᠬᠤ ᠪᠤᠳᠠᠳᠠᠢ ᠠᠷᠭ᠎ᠠ ᠪᠤᠯᠭᠠᠨ ᠴᠢᠩᠭ᠎ᠠ ᠠᠳᠬᠤᠨ ᠪᠤᠳᠠᠳᠠᠢ ᠠᠳᠬᠤᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠤᠯᠠᠨ ᠲᠦᠮᠡᠨ ᠤ ᠲᠤᠰᠬᠠᠯ ᠴᠢᠩᠭ᠎ᠠ᠂ ᠬᠠᠷ᠎ᠠ ᠪᠦᠯᠦᠭᠳᠡᠨ ᠬᠠᠷᠬᠢᠰ ᠬᠦᠴᠤᠨ ᠠᠮᠠᠷᠬᠠᠨ ᠪᠤᠢ ᠪᠤᠯᠬᠤ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠬᠤ ᠬᠡᠷᠡᠭᠳᠡᠢ᠃ ᠡᠬᠢ ᠡᠬᠦᠰᠤᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠰᠡᠷᠬᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠬᠦ ᠬᠡᠷᠡᠭᠳᠡᠢ᠂ ᠬᠢᠨᠠᠯᠳᠠ ᠬᠠᠮᠢᠶᠠᠷᠤᠯᠳᠠ ᠪᠠᠷ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠨ᠂ ᠠᠵᠢᠯ ᠲᠦᠷᠤᠯ ᠤᠨ ᠬᠦᠷᠢᠶ᠎ᠡ ᠴᠠᠷᠠᠭ᠎ᠠ ᠶᠢᠨ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠬᠡᠷᠡᠭᠳᠡᠢ᠃ ᠲᠦᠷᠤ ᠶᠢᠨ ᠪᠤᠳᠤᠯᠭ᠎ᠠ ᠶᠢᠨ ᠲᠡᠬᠦᠯᠳᠡᠷᠵᠢᠬᠦᠯᠬᠦ ᠶᠢ ᠠᠬᠢᠭᠤᠯᠤᠨ᠂ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠨ ᠶᠢ ᠪᠦᠷᠢᠨᠰᠢᠬᠦᠯᠬᠦ ᠬᠡᠷᠡᠭᠳᠡᠢ᠃ ᠭᠤᠤᠯ ᠴᠤᠬᠴᠨ ᠶᠢᠨ ᠬᠠᠷᠢᠭᠤᠴᠠᠯᠭ᠎ᠠ  ᠶᠢ ᠲᠤᠳᠤᠷᠬᠠᠶᠢᠯᠠᠨ᠂ ᠠᠵᠢᠯ ᠲᠦᠷᠤᠯ ᠤᠨ ᠴᠡᠭᠴᠡᠯᠡᠨ ᠵᠠᠰᠠᠬᠤ ᠬᠠᠮᠳᠤᠷᠠᠯ ᠬᠦᠴᠤᠨ ᠢ ᠪᠦᠷᠢᠯᠳᠤᠬᠦᠯᠬᠦ ᠬᠡᠷᠡᠭᠳᠡᠢ᠃      ᠬᠤᠷᠠᠯ ᠲᠡᠬᠡᠷ᠎ᠡ ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠠᠯᠬᠤ ᠲᠢᠩᠭᠢᠮ᠂ ᠵᠠᠮ ᠬᠠᠷᠢᠯᠴᠠᠭ᠎ᠠ ᠲᠡᠬᠡᠬᠡᠪᠤᠷᠢ ᠶᠢᠨ ᠲᠢᠩᠭᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ᠂ ᠠᠮᠢ ᠠᠬᠤᠢ ᠶᠢᠨ ᠤᠷᠴᠢᠨ ᠲᠤᠭᠤᠷᠢᠨ ᠤ ᠲᠢᠩᠭᠢᠮ᠂ ᠤᠷᠤᠨ ᠰᠠᠭᠤᠴᠨ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠭᠢᠮ ᠲᠤᠰ ᠲᠤᠰ ᠠᠵᠢᠯ ᠲᠦᠷᠤᠯ ᠤᠨ ᠢᠶᠠᠨ ᠬᠦᠷᠢᠶ᠎ᠡ ᠴᠠᠷᠠᠭ᠎ᠠ ᠳᠤ ᠬᠢ ᠲᠤᠰᠬᠠᠢ ᠴᠡᠭᠴᠡᠯᠡᠨ ᠵᠠᠰᠠᠬᠤ ᠠᠵᠢᠯ  ᠢ ᠦᠷᠨᠢᠬᠦᠯᠦᠭᠰᠡᠨ ᠪᠠᠶᠢᠳᠠᠯ ᠢᠶᠠᠨ ᠲᠤᠪᠴᠢᠬᠠᠨ ᠮᠡᠳᠡᠭᠳᠡᠭᠰᠡᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号