ᠯᠢᠨ ᠱᠤᠤ ᠴᠦᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ ᠶᠢᠨ ᠬᠤᠷᠢᠶᠠᠨ ᠤ ᠪᠠᠶᠢᠭᠤᠯᠭ᠎ᠠ ᠶᠢᠨ ᠬᠦᠮᠤᠵᠢᠯ ᠴᠡᠭᠴᠡᠯᠡᠯᠳᠡ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠲᠡᠬᠡᠷ᠎ᠡ ᠴᠢᠬᠤᠯᠠᠴᠢᠯᠠᠬᠰᠠᠨ ᠨᠢ  ᠄ ᠵᠢᠱᠢᠶ᠎ᠡ ᠦᠵᠡᠬᠦᠯᠬᠦ ᠪᠠ ᠲᠠᠭᠤᠷᠢᠶᠠᠯ ᠦᠵᠡᠬᠦᠯᠬᠦ ᠦᠢᠯᠡᠳᠤᠯ ᠢᠶᠠᠨ ᠦᠨᠡᠨ ᠬᠦ ᠰᠠᠶᠢᠳᠤᠷ ᠪᠠᠳᠠᠷᠠᠭᠤᠯᠵᠤ᠂ ᠤᠯᠤᠰ ᠲᠦᠷᠤ ᠬᠠᠤᠯᠢ ᠴᠠᠭᠠᠵᠨ ᠶᠢᠨ ᠰᠢᠰᠲ᠋ᠧᠮ ᠤᠨ ᠬᠦᠮᠤᠵᠢᠯ  ᠴᠡᠭᠴᠡᠯᠡᠯᠳᠡ ᠶᠢ ᠴᠢᠨᠠᠷᠵᠢᠭᠤᠨ ᠦᠷᠨᠢᠬᠦᠯᠬᠦ ᠶᠢ ᠲᠠᠶᠢᠴᠢᠯᠠᠬᠤ ᠬᠡᠷᠡᠭᠳᠡᠢ
ᠨᠡᠶᠢᠲᠡᠯᠡᠭᠰᠡᠨ ᠴᠠᠭ᠄
2021/8/20
     8 ᠳ᠋ᠤᠭᠠᠷ ᠰᠠᠷ᠎ᠠ ᠶᠢᠨ 16 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ ᠶᠢᠨ ᠬᠤᠷᠢᠶᠠᠨ ᠤ ᠪᠠᠶᠢᠭᠤᠯᠭ᠎ᠠ ᠶᠢᠨ ᠬᠦᠮᠤᠵᠢᠯ ᠴᠡᠭᠴᠡᠯᠡᠯᠳᠡ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ  ᠬᠦᠬᠡᠬᠤᠳᠠ ᠳᠤ ᠬᠤᠷᠠᠯᠳᠤᠯ᠎ᠠ᠃ ᠬᠤᠷᠠᠯ ᠠᠴᠠ ᠪᠦᠬᠦ ᠤᠯᠤᠰ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠪᠦᠯᠦᠭ ᠤᠯᠤᠰ ᠲᠦᠷᠤ ᠬᠠᠤᠯᠢ ᠴᠠᠭᠠᠵᠨ ᠶᠢᠨ ᠡᠩᠨᠡᠭᠡ ᠶᠢᠨ ᠬᠦᠮᠤᠵᠢᠯ ᠴᠡᠭᠴᠡᠯᠡᠯᠳᠡ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ ᠶᠢᠨ ᠪᠠᠶᠢᠭᠤᠯᠭ᠎ᠠ ᠶᠢᠨ ᠬᠦᠮᠤᠵᠢᠯ ᠴᠡᠭᠴᠡᠯᠡᠯᠳᠡ ᠶᠢᠨ ᠠᠵᠢᠯ ᠢ ᠲᠠᠶᠢᠴᠢᠯᠠᠨ ᠪᠠᠶᠢᠷᠢᠯᠠᠭᠤᠯᠤᠬᠰᠠᠨ ᠪᠠᠶᠢᠨ᠎ᠠ᠃      ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠨ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠳᠤ ᠤᠷᠤᠯᠴᠠᠵᠤ᠂ ᠲᠠᠶᠢᠴᠢᠯᠠᠯᠳᠠ  ᠶᠢᠨ ᠶᠠᠷᠢᠶ᠎ᠠ ᠲᠠᠯᠪᠢᠵᠠᠢ᠃ ᠯᠢᠨ ᠱᠤᠤ ᠴᠦᠨ ᠵᠢᠭᠠᠬᠰᠠᠨ ᠨᠢ᠂  ᠤᠯᠤᠰ ᠲᠦᠷᠤ ᠬᠠᠤᠯᠢ ᠴᠠᠭᠠᠵᠨ ᠶᠢᠨ ᠡᠩᠨᠡᠬᠡᠨ ᠤ ᠬᠦᠮᠤᠵᠢᠯ ᠴᠡᠭᠴᠡᠯᠡᠯᠳᠡ  ᠶᠢ ᠦᠷᠨᠢᠬᠦᠯᠬᠦ ᠪᠤᠯ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠶᠢᠨ ᠦᠨᠳᠤᠷᠴᠨ ᠠᠴᠠ ᠭᠠᠷᠭᠠᠬᠰᠠᠨ ᠴᠢᠬᠤᠯᠨ ᠶᠡᠭᠡ ᠰᠢᠢᠳᠪᠤᠷᠢᠳᠤ ᠪᠠᠶᠢᠷᠢᠯᠠᠭᠤᠯᠤᠯᠳᠠ ᠪᠤᠯᠬᠤ ᠶᠤᠮ᠃ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ  ᠶᠢᠨ ᠬᠤᠷᠢᠶ᠎ᠠ ᠨᠢ ᠨᠠᠮ ᠤᠨ ᠤᠯᠤᠰ ᠲᠦᠷᠤ ᠬᠠᠤᠯᠢ ᠴᠠᠭᠠᠵᠨ ᠶᠢᠨ ᠠᠵᠢᠯ ᠢ ᠤᠳᠤᠷᠢᠳᠬᠤ ᠪᠠ ᠬᠠᠮᠢᠶᠠᠷᠬᠤ ᠡᠬᠦᠷᠬᠡ ᠴᠢᠳᠠᠪᠬᠢᠳᠤ ᠰᠠᠯᠠᠭ᠎ᠠ ᠮᠦᠴᠢᠷ᠂ ᠤᠯᠤᠰ ᠲᠦᠷᠤ ᠶᠢᠨ ᠪᠠᠶᠢᠭᠤᠯᠭ᠎ᠠ᠂ ᠤᠳᠤᠷᠢᠳᠬᠤ ᠪᠠᠶᠢᠭᠤᠯᠭ᠎ᠠ ᠪᠤᠯᠤᠬᠰᠠᠨ ᠤ ᠬᠤᠪᠢ ᠳᠤ ᠤᠯᠤᠰ ᠲᠦᠷᠤ ᠶᠢᠨ ᠵᠢᠯᠤᠭᠤᠳᠤᠮᠵᠢ ᠪᠠᠨ ᠨᠡᠩ ᠴᠢᠩᠭᠠᠳᠬᠠᠨ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠤ  ᠬᠡᠷᠡᠭᠵᠢᠬᠦᠯᠬᠦ ᠴᠢᠳᠠᠪᠤᠷᠢ ᠪᠠᠨ ᠲᠡᠭᠡᠭᠰᠢᠯᠡᠬᠦᠯᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠦᠨᠳᠤᠷᠴᠨ ᠠᠴᠠ ᠬᠦᠮᠤᠵᠢᠯ ᠴᠡᠭᠴᠡᠯᠡᠯᠳᠡ ᠶᠢᠨ ᠠᠵᠢᠯ ᠢ ᠲᠦᠯᠦᠪᠵᠢᠬᠦᠯᠬᠦ᠂ ᠪᠠᠶᠢᠷᠢᠯᠠᠭᠤᠯᠬᠤ ᠪᠠ ᠠᠬᠢᠭᠤᠯᠵᠤ᠂ ᠵᠢᠱᠢᠶ᠎ᠡ ᠦᠵᠡᠬᠦᠯᠬᠦ ᠪᠠ ᠦᠯᠢᠬᠡᠷ ᠲᠠᠭᠤᠷᠢᠶᠠᠯ ᠪᠤᠯᠬᠤ ᠦᠢᠯᠡᠳᠤᠯ ᠢᠶᠠᠨ ᠦᠨᠡᠨ ᠬᠦ ᠰᠠᠶᠢᠳᠤᠷ ᠪᠠᠳᠠᠷᠠᠭᠤᠯᠵᠤ᠂ ᠤᠯᠤᠰ ᠲᠦᠷᠤ ᠬᠠᠤᠯᠢ ᠴᠠᠭᠠᠵᠨ ᠶᠢᠨ ᠰᠢᠰᠲ᠋ᠧᠮ ᠤᠨ ᠬᠦᠮᠤᠵᠢᠯ ᠴᠡᠭᠴᠡᠯᠡᠯᠳᠡ ᠶᠢ ᠴᠢᠨᠠᠷᠵᠢᠭᠤᠨ ᠦᠷᠨᠢᠬᠦᠯᠬᠦ ᠶᠢ ᠲᠠᠶᠢᠴᠢᠯᠠᠬᠤ ᠬᠡᠷᠡᠭᠳᠡᠢ᠃      ᠯᠢᠨ ᠱᠤᠤ ᠴᠦᠨ ᠴᠢᠬᠤᠯᠠᠴᠢᠯᠠᠬᠰᠠᠨ ᠨᠢ᠂ ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠨᠠᠮ  ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠪᠦᠬᠦ ᠨᠠᠮ ᠤᠨ ᠬᠡᠰᠢᠬᠦᠨ ᠺᠠᠳ᠋ᠷᠴᠤᠳ ᠤᠯᠤᠰ ᠲᠦᠷᠤ ᠶᠢᠨ ᠵᠤᠬᠰᠤᠴᠨ ᠪᠠᠨ ᠲᠡᠭᠡᠭᠰᠢᠯᠡᠬᠦᠯᠤᠨ᠂ ᠤᠯᠤᠰ ᠲᠦᠷᠤ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠬᠦᠮᠤᠵᠢᠯ ᠴᠡᠭᠴᠡᠯᠡᠯᠳᠡ ᠶᠢ ᠦᠷᠨᠢᠬᠦᠯᠬᠦ ᠤᠯᠤᠰ ᠲᠦᠷᠤ᠂ ᠦᠵᠡᠯ ᠰᠠᠨᠠᠭ᠎ᠠ ᠪᠠ ᠦᠢᠯᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠳᠡᠢ᠃ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ ᠶᠢᠨ ᠬᠤᠷᠢᠶ᠎ᠠ  ᠬᠦᠮᠤᠵᠢᠯ ᠴᠡᠭᠴᠡᠯᠡᠯᠳᠡ ᠪᠠᠷ ᠠᠴᠢᠶᠠᠯᠠᠪᠤᠷᠢ ᠪᠤᠯᠭᠠᠵᠤ᠂ ᠪᠦᠬᠦ ᠤᠷᠤᠨ ᠤ ᠤᠯᠤᠰ ᠲᠦᠷᠤ ᠬᠠᠤᠯᠢ ᠴᠠᠭᠠᠵᠨ ᠶᠢᠨ ᠰᠢᠰᠲ᠋ᠧᠮ ᠳᠤ ᠤᠷᠤᠰᠢᠵᠤ ᠪᠠᠶᠢᠭ᠎ᠠ ᠨᠡᠶᠢᠳᠡᠮ ᠤᠨ᠂ ᠲᠦᠷᠢᠮ  ᠤᠨ ᠴᠢᠨᠠᠷᠳᠠᠢ ᠠᠰᠠᠭᠤᠳᠠᠯ ᠢ ᠰᠢᠰᠲ᠋ᠧᠮ ᠲᠠᠢ ᠡᠮᠬᠢᠯᠡᠨ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠡᠭ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠤᠯᠤᠰ ᠲᠦᠷᠤ ᠬᠠᠤᠯᠢ ᠴᠠᠭᠠᠵᠨ ᠶᠢᠨ ᠠᠵᠢᠯ ᠳᠤ ᠬᠢ ᠨᠠᠮ ᠤᠨ ᠬᠠᠷᠢᠴᠠᠯᠠᠰᠢ ᠦᠬᠡᠢ ᠤᠳᠤᠷᠢᠳᠤᠯᠭ᠎ᠠ ᠶᠢ ᠴᠢᠩᠭᠠᠳᠬᠠᠨ᠂ ᠵᠤᠷᠪᠤᠰ ᠱᠤᠭᠤᠮ ᠤᠨ ᠵᠢᠯᠤᠭᠤᠳᠤᠯᠭ᠎ᠠ᠂ ᠲᠦᠷᠤ ᠶᠢᠨ ᠪᠤᠳᠤᠯᠭ᠎ᠠ ᠶᠢᠨ ᠬᠠᠨᠭ᠍ᠭᠠᠯᠭ᠎ᠠ᠂ ᠲᠦᠷᠢᠮ ᠤᠨ ᠪᠠᠳᠤᠯᠠᠭ᠎ᠠ ᠶᠢ ᠴᠢᠩᠭᠠᠳᠬᠠᠨ᠂ ᠠᠮᠤᠷ ᠠᠮᠤᠭᠤᠯᠠᠩ ᠦᠪᠤᠷ ᠮᠤᠩᠭᠤᠯ᠂ ᠬᠠᠤᠯᠢᠵᠢᠬᠰᠠᠨ ᠦᠪᠤᠷ ᠮᠤᠩᠭᠤᠯ ᠪᠤᠯᠤᠨ ᠴᠠᠭᠠᠷᠠᠵᠤ ᠬᠡᠳᠤᠶᠢᠳᠦᠭᠰᠡᠨ ᠡᠩᠨᠡᠬᠡᠨ ᠤ ᠪᠠᠶᠢᠭᠤᠯᠤᠯᠳᠠ ᠶᠢᠨ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠤᠨ᠂ ᠡᠬᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠡᠷᠡᠰ ᠪᠠᠬᠢᠵᠢᠬᠦᠯᠵᠤ᠂ ᠪᠦᠬᠦ ᠤᠷᠤᠨ ᠤ ᠤᠯᠤᠰ ᠲᠦᠷᠤ ᠬᠠᠤᠯᠢ ᠴᠠᠭᠠᠵᠨ ᠶᠢᠨ ᠠᠵᠢᠯ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠳᠤ ᠰᠠᠭᠤᠷᠢ  ᠶᠢ ᠪᠠᠬᠢᠵᠢᠬᠦᠯᠬᠦ ᠬᠡᠷᠡᠭᠳᠡᠢ᠃      ᠯᠢᠨ ᠱᠤᠤ ᠴᠦᠨ ᠴᠢᠬᠤᠯᠠᠴᠢᠯᠠᠬᠰᠠᠨ ᠨᠢ᠂ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ ᠶᠢᠨ ᠬᠤᠷᠢᠶ᠎ᠠ ᠶᠢᠨ ᠪᠠᠶᠢᠭᠤᠯᠭ᠎ᠠ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠬᠠᠷᠭᠤᠭᠤᠯᠵᠤ᠂ ᠡᠬᠦᠷᠬᠡ ᠴᠢᠳᠠᠪᠬᠢ ᠲᠤᠰᠢᠶᠠᠯ ᠬᠠᠷᠢᠭᠤᠴᠠᠯᠭ᠎ᠠ ᠲᠠᠢ ᠨᠢᠬᠳᠠ ᠤᠶᠠᠯᠳᠤᠭᠤᠯᠵᠤ ᠪᠠᠶᠢᠭᠠᠳ ︽ᠲᠦᠷᠪᠡᠨ ᠡᠬᠦᠷᠬᠡ︾ ᠶᠢ ᠬᠦᠨᠵᠡᠬᠡᠢ ᠠᠬᠢᠭᠤᠯᠤᠨ ᠪᠤᠳᠳᠠᠶᠢᠵᠢᠭᠤᠯᠵᠤ᠂ ︽ᠭᠤᠷᠪᠠᠨ ᠭᠤᠬᠴᠤᠭ᠎ᠠ︾ ᠶᠢ ᠴᠢᠩᠭ᠎ᠠ ᠠᠳᠬᠤᠨ ᠪᠤᠳᠠᠳᠠᠢ ᠠᠳᠬᠤᠵᠤ᠂ ᠲᠤᠬᠳᠠᠭᠠᠬᠰᠠᠨ ᠠᠵᠢᠯᠯᠠᠭ᠎ᠠ ᠶᠢ ᠦᠬᠡᠷᠡᠳᠤᠬᠦᠯᠬᠦ ᠦᠬᠡᠢ᠂ ᠦᠪᠡᠰᠤᠪᠡᠨ ᠰᠤᠩᠭᠤᠬᠰᠠᠨ ᠠᠵᠢᠯᠯᠠᠭ᠎ᠠ ᠶᠢ ᠤᠨᠴᠠᠯᠢᠭ ᠲᠠᠢ ᠪᠠᠶᠢᠯᠭᠠᠬᠤ ᠶᠢ ᠪᠠᠳᠤᠯᠠᠵᠤ᠂ ︽ᠲᠤᠯᠤᠭᠠᠨ ᠴᠢᠨᠠᠬᠰᠢᠳᠠ︾ ᠶᠢᠨ ᠠᠵᠢᠯ ᠤᠨ ᠬᠠᠷᠠᠯᠳᠠ ᠶᠢ ᠡᠷᠡᠰ ᠪᠡᠶᠡᠯᠡᠬᠦᠯᠬᠦ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠡᠬᠦᠷᠬᠡ᠂ ᠵᠠᠩᠭᠢᠯᠠᠭ᠎ᠠ ᠶᠢᠨ ᠭᠤᠬᠴᠤᠭ᠎ᠠ ᠶᠢ ᠰᠠᠶᠢᠳᠤᠷ ᠠᠳᠬᠤᠨ᠂ ︽ᠵᠠᠩᠭᠢᠯᠠᠭ᠎ᠠ ᠶᠢᠨ ᠴᠦᠬᠡᠨ ᠲᠤᠭᠠᠳᠠᠨ︾ ᠢ ᠲᠤᠪᠤᠶᠢᠯᠭᠠᠵᠤ᠂ ︽ᠨᠢᠬᠡᠳᠤᠬᠡᠷ ᠬᠠᠷᠢᠭᠤᠴᠠᠯᠭᠠᠳᠠᠨ︾ ᠡᠬᠢᠯᠡᠨ ᠬᠢᠵᠤ᠂ ᠤᠳᠤᠷᠢᠳᠬᠤ ᠪᠠᠭ ᠤᠨ ᠪᠦᠷᠢᠯᠳᠤᠬᠦᠨ ᠡᠬᠢᠯᠡᠨ ᠴᠢᠩᠳᠠᠯᠠᠬᠤ  ᠶᠢᠨ ᠬᠠᠮᠳᠤ ᠲᠤᠮᠳᠠ ᠲᠠᠪᠬᠤᠷᠭ᠎ᠠ ᠶᠢᠨ ᠺᠠᠳ᠋ᠷ ᠪᠤᠯᠤᠨ ᠡᠩ ᠤᠨ ᠺᠠᠳ᠋ᠷ ᠴᠠᠬᠳᠠᠭ᠎ᠠ ᠶᠢ ᠠᠩᠬᠠᠷᠴᠤ᠂ ᠭᠤᠤᠯᠳᠠᠯᠭ᠎ᠠ  ᠪᠠᠨ ᠤᠨᠤᠪᠴᠢᠳᠠᠢ ᠡᠷᠢᠵᠤ᠂ ᠬᠠᠨᠳᠤᠯᠭᠠᠳᠤ ᠴᠢᠨᠠᠷ ᠪᠠᠨ ᠲᠡᠭᠡᠭᠰᠢᠯᠡᠬᠦᠯᠬᠦ ᠬᠡᠷᠡᠭᠳᠡᠢ᠃ ᠬᠦᠮᠤᠵᠢᠯ ᠴᠡᠭᠴᠡᠯᠡᠯᠳᠡ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ᠂ ᠤᠯᠤᠰ ᠲᠦᠷᠤ  ᠬᠠᠤᠯᠢ ᠴᠠᠭᠠᠵᠨ ᠶᠢᠨ ᠠᠵᠢᠯ ᠲᠠᠢ ᠤᠷᠭᠠᠨᠢᠭ ᠤᠶᠠᠯᠳᠤᠭᠤᠯᠬᠤ ᠶᠢ ᠠᠬᠢᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠶᠢ ᠪᠠᠷᠢᠮᠳᠠᠯᠠᠬᠤ ᠬᠡᠷᠡᠭᠳᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号