ᠣᠯᠣᠰ ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠤᠨ ᠬᠡᠷᠡᠭᠯᠡᠬᠦ ᠲᠤᠮᠳᠠ ᠬᠡᠰᠡᠭ ᠤᠷᠤᠨ ᠤ ᠲᠤᠰᠬᠠᠢ ᠰᠡᠳᠤᠪᠳᠤ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/24
 ᠯᠢᠨ ᠱᠤᠤ ᠴᠦᠨ ᠶᠠᠷᠢᠶ᠎ᠠ ᠲᠠᠯᠪᠢᠵᠠᠢ      8 ᠳ᠋ᠤᠭᠠᠷ ᠰᠠᠷ᠎ᠠ ᠶᠢᠨ 19 ᠤ ᠡᠳᠤᠷ᠂ ᠣᠯᠣᠰ ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠤᠨ ᠬᠡᠷᠡᠭᠯᠡᠬᠦ ᠲᠤᠮᠳᠠ ᠬᠡᠰᠡᠭ ᠤᠷᠤᠨ ᠤ ᠲᠤᠰᠬᠠᠢ ᠰᠡᠳᠤᠪᠳᠤ ᠠᠬᠢᠭᠤᠯᠬᠤ ᠬᠤᠷᠠᠯ ᠢ ᠬᠤᠷᠠᠯᠳᠤᠭᠤᠯᠵᠤ ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠨ ᠶᠢᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠤᠷᠭᠠᠨ ᠬᠦᠮᠤᠵᠢᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠯᠢᠨ ᠱᠤᠤ ᠴᠦᠨ ᠬᠤᠷᠠᠯ ᠳᠤ ᠤᠷᠤᠯᠴᠠᠨ ᠶᠠᠷᠢᠶ᠎ᠠ ᠲᠠᠯᠪᠢᠯ᠎ᠠ᠃              ᠬᠤᠷᠠᠯ ᠠᠴᠠ ᠵᠢᠭᠠᠬᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠲᠡᠯᠬᠡᠷᠡᠬᠦᠯᠤᠨ ᠲᠦᠬᠡᠮᠡᠯᠵᠢᠬᠦᠯᠬᠦ᠂ ᠤᠯᠤᠰ ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠤᠨ ᠬᠡᠷᠡᠭᠯᠡᠬᠦ ᠪᠤᠯ ᠦᠨᠳᠤᠰᠤᠳᠡᠨ ᠤ ᠭᠠᠵᠠᠷ ᠤᠷᠤᠨ ᠤ ᠠᠵᠢᠯ ᠢ ᠰᠠᠶᠢᠳᠤᠷ ᠬᠢᠬᠦ ᠶᠢᠨ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ᠂ ᠰᠠᠭᠤᠷᠢ ᠶᠢ ᠪᠠᠬᠢᠵᠢᠬᠦᠯᠬᠦ ᠠᠷᠭ᠎ᠠ ᠬᠡᠮᠵᠢᠶ᠎ᠡ ᠮᠥᠨ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤ ᠴᠤᠬᠴᠠᠯᠠᠬᠤ ᠶᠢᠨ ᠵᠠᠶᠢᠯᠠᠰᠢ ᠦᠬᠡᠢ ᠱᠠᠭᠠᠷᠳᠠᠯᠭ᠎ᠠ᠂ ︽ᠵᠢᠱᠢᠶᠡᠴᠢ ᠦᠪᠡᠷᠳᠡᠬᠡᠨ ᠵᠠᠰᠠᠬᠤ ᠤᠷᠤᠨ︾ ᠤ ᠡᠷᠬᠢᠮ ᠲᠡᠬᠡᠳᠤ ᠢᠷᠡᠭᠤ ᠠᠯᠳᠠᠷ ᠢ ᠰᠠᠶᠢᠳᠤᠷ ᠬᠠᠮᠠᠭᠠᠯᠠᠬᠤ ᠪᠤᠳᠠᠳᠤ ᠠᠵᠢᠯᠯᠠᠭ᠎ᠠ ᠮᠥᠨ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ  ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠤᠯ ᠰᠢᠵᠢᠯ ᠲᠠᠢ ᠨᠢᠬᠳᠠ ᠤᠶᠠᠯᠳᠤᠭᠤᠯᠤᠨ᠂ ︽ᠬᠤᠶᠠᠷ ᠢ ᠤᠶᠠᠯᠳᠤᠭᠤᠯᠬᠤ︾ ᠶᠢ ᠪᠠᠳᠤ ᠡᠵᠡᠮᠳᠡᠵᠤ᠂ ᠦᠨᠳᠤᠰᠤᠳᠡᠨ ᠤ ᠤᠬᠠᠮᠰᠠᠷ ᠡᠷᠬᠡᠪᠰᠢ ᠬᠠᠮᠳᠤ ᠶᠢᠨ ᠴᠤᠬᠴᠨ ᠶᠢᠨ ᠤᠬᠠᠮᠰᠠᠷ ᠢ ᠨᠦᠬᠦᠴᠡᠯ ᠦᠬᠡᠢ ᠪᠠᠷ ᠲᠠᠭᠠᠬᠤ ᠪᠠ ᠲᠡᠬᠦᠨ ᠳᠤ ᠦᠢᠯᠡᠴᠢᠯᠡᠬᠦ ᠶᠢ ᠵᠦᠪ ᠡᠵᠡᠮᠳᠡᠵᠤ᠂ ᠡᠯ᠎ᠡ ᠦᠨᠳᠤᠰᠤᠳᠡᠨ ᠤ ᠰᠤᠶᠤᠯ ᠢ ᠴᠡᠴᠡᠭᠯᠡᠬᠦᠯᠤᠨ ᠬᠦᠭᠵᠢᠬᠦᠯᠬᠦ ᠶᠢ ᠲᠤᠮᠳᠠᠳᠤ ᠶᠢᠨ ᠰᠤᠶᠤᠯ ᠤᠨ ᠲᠤᠬᠠᠢ ᠬᠠᠮᠳᠤ ᠶᠢᠨ ᠲᠠᠨᠢᠯᠳᠠ ᠪᠠᠨ ᠴᠢᠩᠭᠠᠳᠬᠠᠬᠰᠠᠨ ᠰᠠᠭᠤᠷᠢᠨ ᠲᠡᠬᠡᠷ᠎ᠡ ᠶᠠᠪᠤᠬᠳᠠᠭᠤᠯᠬᠤ ᠶᠢ ᠵᠦᠪ ᠡᠵᠡᠮᠳᠡᠵᠤ᠂ ᠪᠤᠢ ᠪᠦᠬᠦᠢ ᠬᠦᠭᠵᠢᠯᠳᠡ ᠨᠢ ᠴᠦᠮ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠮᠦᠰ ᠤᠨ ᠰᠡᠳᠬᠢᠯ ᠢ ᠨᠢᠬᠳᠠᠷᠠᠭᠤᠯᠬᠤ  ᠪᠠᠷ ᠤᠷᠢᠳᠠᠯ ᠪᠤᠯᠭᠠᠬᠤ ᠶᠢ ᠵᠦᠪ ᠡᠵᠡᠮᠳᠡᠬᠦ ᠬᠡᠷᠡᠭᠳᠡᠢ᠃ ᠦᠨᠳᠤᠰᠤᠳᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠮᠤᠵᠢᠬᠦᠯᠤᠨ ᠵᠢᠯᠤᠭᠤᠳᠴᠤ ᠪᠠᠶᠢᠭᠠᠳ ᠮᠠᠷᠺᠰ ᠤᠨ ᠦᠵᠡᠯ ᠤᠨ ᠤᠯᠤᠰ ᠤᠨ ᠦᠵᠡᠯᠳᠡ᠂ ᠲᠠᠤᠬᠡ ᠶᠢᠨ ᠦᠵᠡᠯᠳᠡ᠂ ᠦᠨᠳᠤᠰᠤᠳᠡᠨ ᠤ ᠦᠵᠡᠯᠳᠡ᠂ ᠰᠤᠶᠤᠯ ᠤᠨ ᠦᠵᠡᠯᠳᠡ᠂ ᠱᠠᠰᠢᠨ ᠰᠤᠷᠳᠠᠬᠤᠨ ᠤ ᠦᠵᠡᠯᠳᠡ ᠶᠢ ᠪᠠᠳᠤ ᠪᠠᠬᠢ ᠪᠤᠢ ᠪᠤᠯᠭᠠᠵᠤ᠂ ᠮᠠᠨ ᠤ ᠦᠷᠬᠡᠨ ᠠᠭᠤᠳᠠᠮ ᠨᠤᠳᠤᠭ ᠲᠡᠪᠢᠰᠬᠡᠷ ᠢ ᠦᠨᠳᠤᠰᠤᠳᠡᠨ ᠨᠦᠭᠦᠳ ᠬᠠᠮᠳᠤ  ᠪᠠᠷ ᠨᠡᠬᠡᠬᠡᠭᠰᠡᠨ᠂ ᠦᠨᠢ ᠤᠳᠠᠭᠠᠨ ᠲᠡᠤᠬᠡ ᠶᠢ ᠦᠨᠳᠤᠰᠤᠳᠡᠨ ᠨᠦᠭᠦᠳ ᠬᠠᠮᠳᠤ ᠪᠠᠷ ᠪᠢᠴᠢᠭᠯᠡᠭᠰᠡᠨ᠂ ᠬᠡᠷᠡᠯ ᠰᠠᠴᠤᠷᠠᠩᠭᠤᠢ ᠰᠤᠶᠤᠯ ᠢ ᠦᠳᠤᠰᠤᠳᠡᠨ ᠨᠦᠭᠦᠳ ᠬᠠᠮᠳᠤ ᠪᠠᠷ ᠡᠬᠦᠳᠦᠭᠰᠡᠨ᠂ ᠠᠭᠤᠤ ᠶᠡᠭᠡ ᠵᠤᠷᠢᠭ ᠰᠠᠨᠠᠭ᠎ᠠ ᠶᠢ ᠦᠨᠳᠤᠰᠤᠳᠡᠨ ᠨᠦᠭᠦᠳ ᠬᠠᠮᠳᠤ ᠪᠠᠷ ᠪᠤᠶᠢᠵᠢᠭᠤᠯᠤᠬᠰᠠᠨ ᠬᠡᠳᠡᠭ ᠢ ᠴᠠᠭ ᠢᠮᠠᠬᠳᠠ ᠪᠠᠳᠤ ᠴᠡᠬᠡᠵᠢᠯᠡᠨ᠂ ᠲᠡᠤᠬᠡ ᠶᠢ ᠠᠷᠠᠳ ᠲᠦᠮᠡᠨ ᠡᠬᠦᠳᠤᠨ ᠪᠦᠳᠦᠬᠡᠵᠤ᠂ ᠦᠨᠳᠤᠰᠤᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠪᠤᠯ ᠲᠤᠮᠳᠠᠳᠤ ᠶᠢᠨ ᠦᠨᠳᠤᠰᠤᠳᠡᠨ ᠤ ᠬᠦᠭᠵᠢᠯᠳᠡ ᠲᠠᠪᠰᠢᠯᠳᠠ ᠶᠢ ᠠᠬᠢᠭᠤᠯᠬᠤ ᠲᠠᠭᠤᠰᠤᠰᠢ ᠦᠬᠡᠢ ᠬᠦᠳᠡᠯᠬᠡᠬᠦ ᠬᠦᠴᠤᠨ ᠪᠤᠯᠬᠤ ᠶᠢ ᠬᠦᠢᠴᠡᠳ ᠲᠠᠨᠢᠵᠤ᠂ ︽ᠭᠤᠷᠪᠠᠨ ᠰᠠᠯᠵᠤ ᠪᠤᠯᠤᠰᠢ ᠦᠬᠡᠢ︾᠂ ︽ᠲᠠᠪᠤᠨ ᠬᠠᠮᠳᠤ ᠶᠢᠨ ᠲᠠᠨᠢᠯᠳᠠ︾ ᠶᠢ ᠰᠡᠳᠬᠢᠯ ᠵᠢᠷᠤᠬᠡᠨ ᠳᠤ ᠪᠠᠨ ᠬᠦᠨ ᠬᠠᠳᠠᠩᠰᠢᠭᠤᠯᠬᠤ ᠬᠡᠷᠡᠭᠳᠡᠢ᠃      ᠬᠤᠷᠠᠯ ᠠᠴᠠ ᠵᠢᠭᠠᠬᠰᠠᠨ ᠨᠢ᠂ ᠴᠦᠬᠡᠨ ᠲᠤᠭᠠᠳᠤ ᠦᠨᠳᠤᠰᠤᠳᠡᠨ ᠤ ᠰᠤᠷᠤᠬᠴᠢᠳ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠢ ᠰᠠᠶᠢᠳᠤᠷ ᠰᠤᠷᠤᠯᠴᠠᠵᠤ᠂ ᠤᠯᠤᠰ ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠰᠠᠶᠢᠳᠤᠷ ᠬᠡᠷᠡᠭᠯᠡᠬᠦ ᠨᠢ ᠠᠵᠢᠯ ᠤᠯᠭᠤᠬᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠰᠤᠶᠤᠯ ᠤᠨ ᠮᠡᠳᠡᠯᠬᠡ ᠶᠢ ᠬᠦᠯᠢᠶᠡᠨ ᠠᠪᠬᠤ᠂ ᠨᠡᠶᠢᠬᠡᠮ ᠳᠤ ᠠᠭᠤᠰᠤᠯᠴᠠᠬᠤ ᠳᠤ ᠴᠦᠮ ᠠᠰᠢᠬᠳᠠᠢ ᠪᠦᠬᠡᠳ ᠦᠨᠳᠤᠰᠤᠳᠡᠨ ᠨᠦᠭᠦᠳ ᠤᠨ ᠤᠯᠠᠨ ᠲᠦᠮᠡᠨ ᠤ ᠪᠦᠬᠦ ᠤᠯᠤᠰ ᠲᠠᠢ ᠵᠡᠷᠬᠡ ᠪᠠᠷ ᠤᠳᠤᠬᠢᠴᠢᠯᠠᠯᠠᠳᠠ ᠵᠦᠭ ᠤᠷᠤᠬᠰᠢᠯᠠᠬᠤ ᠳᠤ ᠠᠰᠢᠬᠳᠠᠢ ᠶᠤᠮ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠠᠷᠠᠳ ᠲᠦᠮᠡᠨ  ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠨ ᠬᠦᠨᠵᠡᠬᠡᠢ ᠦᠢᠯᠡᠳᠤᠯᠬᠡᠵᠢᠬᠦᠯᠤᠨ᠂ ᠤᠯᠠᠨ ᠲᠦᠮᠡᠨ ᠤ ᠠᠵᠢᠯ ᠢ ᠰᠡᠳᠬᠢᠯ ᠲᠠᠯᠪᠢᠨ ᠬᠦᠴᠤ ᠤᠷᠤᠭᠤᠯᠤᠨ ᠰᠠᠶᠢᠳᠤᠷ ᠬᠢᠵᠤ᠂ ᠤᠯᠠᠨ ᠲᠦᠮᠡᠨ ᠳᠤ ᠬᠠᠷᠢᠭᠤᠴᠠᠬᠤ᠂ ᠤᠯᠤᠰ ᠤᠷᠤᠨ ᠳᠤ ᠬᠠᠷᠢᠭᠤᠴᠠᠬᠤ ᠲᠡᠬᠡᠳᠤ ᠬᠡᠮᠵᠢᠶᠡᠨ ᠤ ᠬᠠᠷᠢᠭᠤᠴᠠᠯᠭᠠᠤ ᠰᠡᠳᠬᠢᠯᠬᠡ ᠪᠠᠷ ᠤᠯᠤᠰ ᠤᠨ ᠨᠢᠬᠡᠳᠤᠯᠳᠡᠢ ᠨᠠᠶᠢᠳᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠤᠨ ᠬᠡᠷᠡᠭᠯᠡᠬᠦ ᠡᠨᠡ ᠬᠦ ᠠᠯᠤᠰ ᠢᠷᠡᠬᠡᠳᠤᠢ ᠳᠤ ᠠᠰᠢᠬᠳᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠡᠷᠡᠰ ᠰᠠᠶᠢᠳᠤᠷ ᠪᠡᠶᠡᠯᠡᠬᠦᠯᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠲᠠᠰᠤᠷᠠᠯᠳᠠ ᠦᠬᠡᠢ ᠨᠡᠮᠡᠭᠳᠡᠬᠦᠯᠬᠦ ᠬᠡᠷᠡᠭᠳᠡᠢ᠃           ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠨᠢᠬᠡᠴᠢ᠂ ᠬᠦᠬᠡᠬᠤᠳᠠ ᠳᠤ ᠰᠠᠭᠤᠭ᠎ᠠ ᠬᠡᠰᠡᠭ ᠶᠡᠭᠡ ᠲᠡᠬᠡᠳᠤ ᠰᠤᠷᠭᠠᠭᠤᠯᠢ᠂ ᠬᠦᠬᠡᠬᠤᠳᠠ᠂ ᠪᠤᠭᠤᠳᠤ᠂ ᠤᠯᠠᠭᠠᠨᠴᠠᠪ᠂ ᠤᠷᠳᠤᠰ ᠬᠤᠳᠠ ᠪᠤᠯᠤᠨ ᠡᠯ᠎ᠡ ᠬᠤᠰᠢᠭᠤ ᠰᠢᠶᠠᠨ ᠬᠤᠳᠠ ᠲᠤᠭᠤᠷᠢᠭ ᠤᠨ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠬᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号