ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ 2021 ᠤᠨ ᠤ 4 ᠳ᠋ᠤᠬᠡᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/25
        8 ᠳ᠋ᠤᠭᠠᠷ   ᠰᠠᠷ᠎ᠠ ᠶᠢᠨ 20 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ  ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ 2021 ᠤᠨ ᠤ 4 ᠳ᠋ᠤᠬᠡᠷ ᠤᠳᠠᠭ᠎ᠠ ᠶᠢᠨ ᠬᠤᠷᠠᠯ ᠬᠤᠷᠠᠯᠳᠤᠭᠤᠯᠤᠨ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢᠨ ᠠᠵᠢᠯ ᠢ ᠴᠢᠩᠭᠠᠳᠬᠠᠬᠤ ᠲᠤᠬᠠᠢ ᠲᠦᠪ  ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ  ᠤᠨ ᠢᠯᠡᠳᠬᠡᠯ ᠢ ᠲᠤᠭᠤᠷᠪᠢᠬᠤ ᠲᠤᠬᠠᠢ ᠰᠠᠨᠠᠯ ᠰᠠᠨᠠᠭᠤᠯᠭ᠎ᠠ ᠶᠢ ᠶᠠᠷᠢᠯᠴᠠᠨ ᠰᠤᠳᠤᠯᠤᠬᠰᠠᠨ ᠪᠠᠶᠢᠨ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠡᠷᠢᠬᠦᠯᠡᠭᠴᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ  ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠸᠠᠩ ᠯᠢ ᠰᠢᠶ᠋ᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠯ᠎ᠠ᠃   ᠬᠤᠷᠠᠯ ᠠᠴᠠ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠬᠤ ᠲᠤᠬᠠᠢ ᠲᠦᠪ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠬᠰᠠᠨ ᠨᠢ᠂ ᠰᠢ ᠶᠢᠨ ᠫᠢᠡᠭ ᠶᠡᠷᠤᠩᠭᠡᠢ ᠱᠦᠵᠢ ᠶᠢᠨ ᠬᠤᠭᠤᠴᠠᠭ᠎ᠠ ᠰᠤᠯᠢᠬᠤ ᠠᠵᠢᠯ   ᠤᠨ ᠰᠠᠬᠢᠯᠭ᠎ᠠ ᠪᠠᠳᠤ ᠶᠢ ᠴᠢᠩᠭᠠᠳᠬᠠᠬᠤ ᠲᠤᠬᠠᠢ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠤ ᠪᠠ ᠪᠦᠬᠦ ᠲᠠᠯ᠎ᠠ ᠶᠢᠨ ᠦᠨᠳᠤᠷᠴᠨ ᠠᠴᠠ ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠬᠢᠬᠦ ᠶᠢᠨ ᠴᠢᠬᠤᠯᠨ ᠠᠴᠢ ᠬᠤᠯᠪᠤᠬᠳᠠᠯ ᠢ ᠬᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠨ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠡᠬᠡᠷ᠎ᠡ ᠦᠨᠡᠨ ᠬᠦ ᠨᠢᠬᠡᠳᠬᠡᠬᠦ ᠬᠡᠷᠡᠭᠳᠡᠢ᠃ ︽ᠠᠷᠪᠠ ᠶᠢ ᠡᠷᠡᠰ ᠴᠠᠭᠠᠵᠠᠯᠠᠬᠤ︾ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠠᠮᠤᠭ ᠤᠨ ᠴᠢᠩᠭ᠎ᠠ ᠰᠠᠬᠢᠯᠭ᠎ᠠ ᠪᠠᠳᠤ ᠪᠠᠷ ᠬᠤᠭᠤᠴᠠᠭ᠎ᠠ ᠰᠤᠯᠢᠬᠤ ᠠᠵᠢᠯ ᠤᠨ ᠤᠷᠤᠬᠰᠢᠳᠠᠢ ᠶᠠᠪᠤᠬᠳᠠᠬᠤ᠂ ᠰᠤᠷᠳᠠᠯ ᠴᠢᠭᠴᠢ ᠤᠪᠤᠷ ᠲᠦᠪ ᠪᠠᠶᠢᠬᠤ ᠶᠢ ᠪᠠᠳᠤᠯᠠᠬᠤ ᠬᠡᠷᠡᠭᠳᠡᠢ᠃ ︽ᠨᠢᠬᠡ ᠠᠵᠢᠯ ᠤᠨ ᠪᠠᠶᠢᠷᠢ  ᠳᠤ ᠬᠤᠶᠠᠷ ᠬᠠᠷᠢᠭᠤᠴᠠᠯᠭ᠎ᠠ ᠡᠬᠦᠷᠬᠡᠯᠡᠬᠦ︾ ᠶᠢ ᠦᠨᠡᠨ ᠬᠦ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠬᠤ ᠰᠠᠯᠠᠭ᠎ᠠ ᠮᠦᠴᠢᠷ ᠤᠨ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠴᠢᠩᠭ᠎ᠠ ᠵᠢᠷᠤᠮᠯᠠᠬᠤ ᠶᠢ ᠵᠢᠯᠤᠭᠤᠳᠤᠨ ᠱᠠᠯᠠᠪᠳᠠᠭᠤᠯᠵᠤ᠂ ᠬᠤᠭᠤᠴᠠᠭ᠎ᠠ ᠰᠤᠯᠢᠬᠤ ᠠᠵᠢᠯ ᠤᠨ ᠬᠡᠪ ᠰᠤᠷᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠨ᠂ ᠰᠠᠶᠢᠨ ᠰᠠᠶᠢᠬᠠᠨ ᠤᠯᠤᠰ ᠲᠦᠷᠤ ᠶᠢᠨ ᠠᠮᠢ ᠠᠬᠤᠢ ᠶᠢ ᠪᠤᠢ ᠪᠤᠯᠭᠠᠬᠤ ᠶᠢ ᠠᠬᠢᠭᠤᠯᠬᠤ ᠬᠡᠷᠡᠭᠳᠡᠢ᠃   ᠬᠤᠷᠠᠯ ᠲᠡᠬᠡᠷ᠎ᠡ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠲᠤᠭᠤᠷᠪᠢᠬᠤ ᠲᠤᠬᠠᠢ ᠰᠠᠨᠠᠯ ᠰᠠᠨᠠᠭᠤᠯᠭ᠎ᠠ ᠶᠢ ᠶᠠᠷᠢᠯᠴᠠᠨ ᠰᠤᠳᠤᠯᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ  ᠤᠨ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠤᠬᠦᠨ ᠲᠤᠰ ᠲᠤᠰ ᠦᠬᠡ ᠶᠠᠷᠢᠪᠠ᠃ ᠬᠤᠷᠠᠯ ᠠᠴᠠ ᠵᠢᠭᠠᠬᠰᠠᠨ ᠨᠢ᠂  ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠤᠳᠠᠭ᠎ᠠ ᠶᠢᠨ ᠨᠠᠮ  ᠤᠨ ᠲᠦᠯᠦᠬᠡᠯᠡᠭᠴᠢᠳ ᠤᠨ ᠶᠡᠭᠡ ᠬᠤᠷᠠᠯ ᠢ ᠰᠠᠶᠢᠳᠤᠷ ᠬᠤᠷᠠᠯᠳᠤᠭᠤᠯᠬᠤ ᠪᠤᠯ ᠪᠦᠬᠦ ᠤᠷᠤᠨ ᠤ ᠦᠨᠳᠤᠰᠤᠳᠡᠨ  ᠨᠦᠭᠦᠳ ᠤᠨ ᠠᠷᠠᠳ ᠲᠦᠮᠡᠨ ᠤ ᠤᠯᠤᠰ ᠲᠦᠷᠤ ᠶᠢᠨ ᠠᠮᠢᠳᠤᠷᠠᠯ ᠲᠤᠮᠳᠠᠬᠢ ᠶᠡᠭᠡ ᠶᠠᠪᠤᠳᠠᠯ ᠮᠥᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠶᠢᠰᠢᠳᠠ ᠶᠢᠨ ᠲᠠᠪᠤᠨ ᠵᠢᠯ ᠤᠨ ᠬᠦᠭᠵᠢᠯᠳᠡ ᠳᠤ ᠴᠢᠬᠤᠯᠨ ᠠᠴᠢ ᠬᠤᠯᠪᠤᠬᠳᠠᠯ ᠲᠠᠢ ᠶᠤᠮ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠬᠦᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠭᠵᠢᠯᠳᠡ ᠶᠢᠨ ᠪᠦᠬᠦ ᠲᠠᠯ᠎ᠠ ᠠᠴᠠ ᠡᠬᠦᠰᠴᠤ᠂ ᠠᠮᠵᠢᠯᠳᠠ ᠪᠤᠯᠤᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠡᠭᠨᠡᠵᠤ ᠂ ᠲᠤᠯᠭᠠᠷᠠᠵᠤ ᠪᠠᠶᠢᠭ᠎ᠠ ᠪᠠᠶᠢᠳᠠᠯ ᠪᠤᠯᠤᠨ ᠤᠷᠤᠰᠢᠵᠤ ᠪᠠᠶᠢᠭ᠎ᠠ ᠠᠰᠠᠭᠤᠳᠠᠯ ᠢ ᠨᠠᠷᠢᠨ ᠤᠨᠤᠪᠴᠢᠳᠠᠢ ᠵᠠᠳᠠᠯᠬᠤ ᠶᠢᠨ ᠬᠠᠮᠳᠤ ᠰᠣᠳᠤᠯᠤᠨ ᠮᠠᠭᠠᠳᠯᠠᠵᠤ᠂ ᠢᠷᠡᠬᠡᠳᠤᠢ ᠶᠢᠨ ᠠᠵᠢᠯ ᠤᠨ ᠰᠡᠳᠬᠢᠮᠵᠢ ᠪᠤᠯᠤᠨ ᠠᠷᠭ᠎ᠠ ᠠᠪᠴᠠᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠤᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠴᠢᠨᠠᠷᠯᠢᠭ ᠲᠤᠭᠤᠷᠪᠢᠬᠤ ᠳᠤ ᠢᠳᠡᠪᠬᠢᠳᠡᠢ ᠰᠠᠨᠠᠯ  ᠰᠠᠨᠠᠭᠤᠯᠭ᠎ᠠ ᠲᠤᠷᠠᠳᠴᠤ᠂ ᠠᠷᠭ᠎ᠠ ᠤᠬᠠᠭᠠᠨ ᠭᠠᠷᠭᠠᠬᠤ ᠬᠡᠷᠡᠭᠳᠡᠢ᠃    ᠬᠤᠷᠠᠯ ᠠᠴᠠ᠂ ᠰᠢ ᠶᠢᠨ ᠫᠢᠡᠭ ᠶᠡᠷᠤᠩᠭᠡᠢ ᠱᠦᠵᠢ ᠶᠢᠨ ᠦᠪᠤᠷ ᠮᠤᠩᠭᠤᠯ ᠤᠨ ᠲᠤᠬᠠᠢ ᠴᠢᠬᠤᠯᠨ ᠶᠠᠷᠢᠶ᠎ᠠ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠡᠭ ᠶᠡᠷᠤᠩᠭᠡᠢ ᠱᠦᠵᠢ ᠪᠤᠯᠤᠨ ᠨᠠᠮ ᠤᠨ ᠲᠦᠪ ᠬᠤᠷᠢᠶᠠᠨ ᠤ ᠦᠪᠤᠷ ᠮᠤᠩᠭᠤᠯ  ᠳᠤ ᠲᠤᠬᠳᠠᠭᠠᠵᠤ ᠦᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠪᠤᠯᠤᠨ ᠠᠵᠢᠯᠯᠠᠭᠠᠨ ᠤ ᠬᠦᠳᠤᠯᠪᠤᠷᠢ ᠶᠢ ᠪᠠᠳᠤ ᠡᠵᠡᠮᠳᠡᠵᠤ᠂ ᠲᠤᠷᠠᠳᠤᠬᠰᠠᠨ ᠰᠠᠨᠠᠯ ᠰᠠᠨᠠᠭᠤᠯᠭ᠎ᠠ ᠨᠢ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷᠯᠢᠭ ᠬᠦᠭᠵᠢᠯᠳᠡ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠬᠤ ᠱᠠᠭᠠᠷᠳᠠᠯᠭ᠎ᠠ ᠶᠢ ᠬᠦᠢᠴᠡᠳ ᠢᠯᠡᠷᠡᠬᠦᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠤᠯᠤᠨ ︽ᠨᠢᠬᠡ ᠪᠠᠬᠢᠯᠡᠯᠳᠡ︾ ᠶᠢ ᠲᠦᠷᠬᠡᠳᠬᠡᠨ ᠪᠦᠳᠦᠬᠡᠨ  ᠪᠠᠶᠢᠭᠤᠯᠬᠤ ᠱᠠᠭᠠᠷᠳᠠᠯᠭ᠎ᠠ ᠶᠢ ᠬᠦᠢᠴᠡᠳ ᠢᠯᠡᠷᠡᠬᠦᠯᠬᠦ ᠶᠢ ᠪᠠᠳᠤᠯᠠᠬᠤ ᠬᠡᠷᠡᠭᠳᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠤᠨᠤᠯ ᠢ ᠪᠤᠳᠠᠳᠠᠢ ᠲᠠᠢ ᠤᠶᠠᠯᠳᠤᠭᠤᠯᠬᠤ ᠰᠢᠯᠢᠳᠡᠭ ᠰᠤᠷᠳᠠᠯ ᠢ ᠪᠠᠳᠠᠷᠠᠭᠤᠯᠤᠨ᠂ ᠬᠦᠭᠵᠢᠯᠳᠡ ᠶᠢᠨ ᠲᠡᠩᠴᠡᠬᠦᠷᠢ ᠦᠬᠡᠢ᠂ ᠬᠦᠢᠴᠡᠳ ᠦᠬᠡᠢ ᠪᠠᠶᠢᠬᠤ ᠠᠰᠠᠭᠤᠳᠠᠯ ᠪᠤᠯᠤᠨ ᠠᠷᠠᠳ ᠤᠯᠠᠨ ᠤ ︽ᠪᠠᠴᠢᠮᠳᠠᠯ ᠲᠤᠯᠭᠠᠮᠳᠠᠯ ᠵᠤᠪᠠᠨᠢᠯ ᠪᠠᠷᠠᠯᠠᠯ︾ ᠢ ᠰᠢᠢᠳᠪᠤᠷᠢᠯᠡᠬᠦ ᠲᠠᠢ ᠨᠢᠬᠳᠠ ᠤᠶᠠᠯᠳᠤᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠬᠦᠯᠬᠦ ᠲᠠᠢ ᠨᠢᠬᠳᠠ ᠤᠶᠠᠯᠳᠤᠭᠤᠯᠵᠤ᠂ ᠬᠠᠮᠳᠤ ᠪᠠᠷ ᠪᠠᠶᠠᠵᠢᠬᠤ ᠬᠠᠷᠠᠯᠳᠠ ᠲᠠᠢ ᠨᠢᠬᠳᠠ ᠤᠶᠠᠯᠳᠤᠭᠤᠯᠵᠤ ᠪᠠᠶᠢᠭᠠᠳ ᠨᠡᠩ ᠤᠯᠠᠨ ᠰᠢᠨᠵᠢᠯᠡᠬᠦ ᠤᠬᠠᠭᠠᠨᠴᠢ ᠪᠤᠳᠠᠳᠠᠢ᠂ ᠦᠨᠡᠨ ᠬᠦ ᠬᠡᠷᠡᠭᠵᠢᠬᠦᠯᠵᠤ ᠪᠤᠯᠬᠤᠶᠢᠴᠨ ᠰᠠᠨᠠᠯ ᠰᠠᠨᠠᠭᠤᠯᠭ᠎ᠠ ᠲᠤᠷᠠᠳᠴᠤ᠂ ᠨᠠᠮ  ᠤᠨ ᠲᠦᠪ ᠬᠤᠷᠢᠶᠠᠨ ᠤ ᠵᠤᠷᠢᠭ ᠰᠠᠨᠠᠭ᠎ᠠ ᠲᠠᠢ ᠨᠡᠶᠢᠴᠡᠭᠰᠡᠨ᠂ ᠦᠪᠤᠷ ᠮᠤᠩᠭᠤᠯ ᠤᠨ ᠪᠤᠳᠠᠳᠤ ᠪᠠᠶᠢᠳᠠᠯ ᠳᠤ ᠲᠤᠬᠢᠷᠠᠬᠰᠠᠨ᠂ ᠪᠦᠬᠦ ᠤᠷᠤᠨ ᠤ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠬᠰᠠᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠴᠢᠨᠠᠷᠵᠢᠭᠤᠨ ᠢᠯᠡᠳᠬᠡᠯ ᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠪᠦᠷᠢᠯᠳᠤᠬᠦᠯᠤᠨ ᠦᠭᠴᠤ᠂ ᠤᠶᠤᠨ ᠤᠬᠠᠭᠠᠨ ᠪᠠ ᠬᠦᠴᠤᠨ ᠴᠢᠳᠠᠯ ᠢᠶᠠᠨ ᠡᠷᠬᠦᠬᠦ ᠬᠡᠷᠡᠭᠳᠡᠢ ᠭᠡᠵᠤ ᠴᠢᠬᠤᠯᠠᠴᠢᠯᠠᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号