ᠸᠠᠩ ᠯᠢ ᠰᠢᠶ᠋ᠨ ᠪᠤᠭᠤᠳᠤ ᠬᠤᠳᠠ ᠳᠤ ᠠᠵᠤ ᠠᠬᠤᠢ ᠶᠢᠨ ᠴᠢᠨᠠᠷᠯᠢᠭ ᠬᠦᠭᠵᠢᠯᠳᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/8/26
 ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠡᠷᠢᠬᠦᠯᠡᠭᠴᠢ ᠸᠠᠩ ᠯᠢ ᠰᠢᠶ᠋ᠨ 8 ᠳ᠋ᠤᠭᠠᠷ ᠰᠠᠷ᠎ᠠ  ᠶᠢᠨ 25 ᠤ ᠡᠳᠤᠷ ᠪᠤᠭᠤᠳᠤ ᠬᠤᠳᠠ ᠶᠢᠨ ᠠᠵᠤ ᠦᠢᠯᠡᠳᠪᠤᠷᠢ ᠠᠵᠤ ᠠᠬᠤᠶᠢᠯᠠᠯ ᠪᠤᠯᠤᠨ ᠴᠢᠬᠤᠯᠨ ᠲᠤᠮᠤ ᠲᠦᠷᠤᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠤ ᠴᠢᠨᠠᠷᠯᠢᠭ ᠬᠦᠭᠵᠢᠯᠳᠡ ᠶᠢᠨ ᠠᠵᠢᠯ ᠢ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠬᠰᠠᠨ ᠨᠢ᠂ ᠰᠢᠨ᠎ᠡ ᠬᠦᠭᠵᠢᠯᠳᠡ ᠶᠢᠨ ᠱᠠᠳᠤ ᠶᠢ ᠤᠨᠤᠪᠴᠢᠳᠠᠢ ᠡᠵᠡᠮᠳᠡᠨ᠂ ᠰᠢᠨ᠎ᠡ ᠬᠦᠭᠵᠢᠯᠳᠡ ᠶᠢᠨ ᠤᠶᠢᠯᠠᠭᠠᠬᠳᠠᠬᠤᠨ ᠢ ᠬᠦᠨᠵᠡᠬᠡᠢ ᠲᠤᠭᠤᠰᠢᠯᠠᠭᠤᠯᠤᠨ᠂ ᠰᠢᠨ᠎ᠡ ᠬᠦᠭᠵᠢᠯᠳᠡ ᠶᠢᠨ ᠲᠤᠬᠳᠠᠮᠵᠢ ᠶᠢ ᠲᠦᠷᠬᠡᠨ ᠪᠠᠶᠢᠭᠤᠯᠵᠤ᠂ ᠲᠦᠷᠤᠯ ᠵᠦᠢᠯ ᠤᠨ ᠪᠦᠳᠦᠬᠡᠨ ᠪᠠᠶᠢᠭᠤᠯᠤᠯᠳᠠ ᠪᠠᠷ ᠪᠠᠷᠢᠴᠨ ᠪᠤᠯᠭᠠᠨ᠂ ᠠᠵᠤ ᠦᠢᠯᠡᠰ ᠤᠨ ᠬᠡᠯᠬᠢᠶᠡᠵᠢᠯ ᠤᠨ ᠲᠦᠪᠰᠢᠨ ᠢ ᠲᠡᠭᠡᠭᠰᠢᠯᠡᠬᠦᠯᠤᠨ᠂ ᠠᠮᠢ ᠠᠬᠤᠢ ᠶᠢᠨ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷᠯᠢᠭ ᠬᠦᠭᠵᠢᠯᠳᠡ ᠶᠢᠨ
ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠬᠤ ᠬᠡᠷᠡᠭᠳᠡᠢ᠃
   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠡᠷᠢᠬᠦᠯᠡᠭᠴᠢ ᠸᠠᠩ ᠯᠢ ᠰᠢᠶ᠋ᠨ 8 ᠳ᠋ᠤᠭᠠᠷ ᠰᠠᠷ᠎ᠠ  ᠶᠢᠨ 25 ᠤ ᠡᠳᠤᠷ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ︵ᠪᠤᠭᠤᠳᠤ︶ ᠤᠨ ᠬᠢᠵᠠᠭᠠᠷᠳᠤ ᠺᠤᠮᠫᠠᠨᠢ ᠶᠢᠨ 40 ᠵᠢᠤᠨ ᠲᠠᠩ ᠲᠠᠯᠠᠰᠳᠤ ᠴᠠᠬᠢᠭᠤᠷ ᠤᠨ ᠨᠢᠬᠡᠳᠤᠬᠡᠷ ᠬᠤᠭᠤᠴᠠᠭ᠎ᠠ ᠶᠢᠨ ᠲᠦᠷᠤᠯ ᠵᠦᠢᠯ ᠢ ᠪᠠᠶᠢᠴᠠᠭᠠᠨ ᠰᠤᠳᠤᠯᠪᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠸᠡᠭ ᠹᠠᠨ ᠯᠢ᠂ ᠦᠪᠤᠷ ᠮᠤᠩᠭᠤᠯ ᠤᠨ
ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸ᠋ᠨ ᠪᠠᠷ᠎ᠠ ᠪᠤᠯᠵᠤ ᠪᠠᠶᠢᠴᠠᠭᠠᠨ ᠰᠤᠳᠤᠯᠤᠯ᠎ᠠ᠃
 ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠡᠷᠢᠬᠦᠯᠡᠭᠴᠢ ᠸᠠᠩ ᠯᠢ ᠰᠢᠶ᠋ᠨ 8 ᠳ᠋ᠤᠭᠠᠷ ᠰᠠᠷ᠎ᠠ  ᠶᠢᠨ 25 ᠤ ᠡᠳᠤᠷ ᠦᠪᠤᠷ ᠮᠤᠩᠭᠤᠯ ᠤᠨ ᠤᠮᠠᠷᠠᠳᠤ ᠤᠷᠤᠨ ᠤ ᠬᠦᠨᠳᠤ ᠮᠠᠰᠢᠨ ᠲᠡᠷᠬᠡᠨ ᠤ ᠬᠤᠪᠢᠴᠠᠭᠠᠳᠤ ᠬᠢᠵᠠᠭᠠᠷᠳᠤ ᠺᠤᠮᠫᠠᠨᠢ ᠳᠤ ᠠᠭᠤᠷᠬᠠᠢ ᠳᠤ ᠬᠡᠷᠡᠭᠯᠡᠬᠦ ᠵᠢᠯᠤᠭᠤᠴᠢ ᠦᠬᠡᠢ ᠮᠠᠰᠢᠨ ᠤ ᠲᠦᠷᠤᠯ ᠵᠦᠢᠯ ᠢ ᠪᠠᠶᠢᠴᠠᠭᠠᠨ ᠰᠤᠳᠤᠯᠪᠠ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠸᠡᠭ ᠹᠠᠨ ᠯᠢ ᠪᠠᠷ᠎ᠠ ᠪᠤᠯᠵᠤ ᠪᠠᠶᠢᠴᠠᠭᠠᠨ ᠰᠤᠳᠤᠯᠪᠠ᠃   ᠸᠠᠩ  ᠯᠢ ᠰᠢᠶ᠋ᠨ ᠰᠢᠨ᠎ᠡ ᠡᠨᠧᠷᠬᠢ ᠶᠢᠨ ᠬᠤᠪᠢᠴᠠᠭᠠᠳᠤ ᠬᠢᠵᠠᠭᠠᠷᠳᠤ ᠺᠤᠮᠫᠠᠨᠢ ᠶᠢᠨ ᠵᠢᠯ ᠳᠤ 10 ᠲᠦᠮᠡᠨ ᠲᠤᠨ ᠴᠤᠯ‌‍ᠴᠡᠪᠡᠷ ᠤᠯᠠᠨ ᠲᠠᠯᠠᠰᠳᠤ ᠴᠠᠬᠢᠭᠤᠷ ᠦᠢᠯᠡᠳᠪᠤᠷᠢᠯᠡᠬᠦ᠂ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ︵ᠪᠤᠭᠤᠳᠤ︶ ᠶᠢᠨ ᠬᠢᠵᠠᠭᠠᠷᠳᠤ ᠺᠤᠮᠫᠠᠨᠢ ᠶᠢᠨ 40 ᠵᠢᠤᠨ ᠲᠠᠩ ᠲᠠᠯᠠᠰᠳᠤ ᠴᠠᠬᠢᠭᠤᠷ ᠤᠨ ᠨᠢᠬᠡᠳᠤᠬᠡᠷ ᠬᠤᠭᠤᠴᠠᠭ᠎ᠠ  ᠶᠢᠨ ᠲᠦᠷᠤᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠳᠤ ᠬᠦᠷᠴᠤ᠂ ᠲᠦᠷᠤᠯ ᠵᠦᠢᠯ  ᠤᠨ ᠠᠬᠢᠴᠨ ᠶᠢ ᠪᠠᠶᠢᠴᠠᠭᠠᠨ ᠦᠵᠡᠭᠰᠡᠨ ᠪᠦᠬᠡᠳ ᠪᠡᠯᠨ ᠤᠷᠤᠭᠤᠯᠤᠯᠳᠠ ᠶᠢᠨ ᠲᠦᠯᠦᠪᠵᠢᠬᠦᠯᠬᠡ ᠪᠤᠯᠤᠨ ᠲᠦᠷᠤᠯ ᠵᠦᠢᠯ ᠤᠨ ᠪᠦᠳᠦᠬᠡᠨ ᠪᠠᠶᠢᠭᠤᠯᠤᠯᠳᠠ ᠲᠤᠮᠳᠠ ᠤᠷᠤᠰᠢᠵᠤ ᠪᠠᠶᠢᠭ᠎ᠠ ᠬᠦᠴᠢᠷᠳᠡᠯ ᠪᠤᠯᠤᠨ ᠠᠰᠠᠭᠤᠳᠠᠯ ᠢ ᠤᠶᠢᠯᠠᠭᠠᠬᠰᠠᠨ ᠤ ᠲᠠᠷᠠᠭ᠎ᠠ ᠨᠢᠬᠡᠳᠤᠯᠳᠡᠢ ᠲᠦᠯᠦᠪᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠬᠡᠨ ᠤ ᠠᠯᠬᠤᠮ ᠲᠠᠷᠠᠭ᠎ᠠ ᠪᠠᠨ ᠰᠢᠯᠢᠳᠡᠭᠵᠢᠬᠦᠯᠤᠨ᠂ ᠭᠤᠤᠯ ᠡᠯᠧᠮᠧᠨ᠋ᠲ ᠤᠨ ᠪᠠᠳᠤᠯᠠᠭ᠎ᠠ ᠶᠢ ᠴᠢᠩᠭᠠᠳᠬᠠᠵᠤ᠂ ᠲᠦᠷᠤᠯ ᠵᠦᠢᠯ ᠤᠨ ᠪᠦᠳᠦᠬᠡᠨ ᠪᠠᠶᠢᠭᠤᠯᠤᠯᠳᠠ ᠳᠤ ᠰᠠᠶᠢᠨ ᠰᠠᠶᠢᠬᠠᠨ ᠨᠦᠬᠦᠴᠡᠯ ᠢ ᠡᠬᠦᠳᠬᠦ ᠬᠡᠷᠡᠭᠳᠡᠢ ᠭᠡᠵᠤ ᠱᠠᠭᠠᠷᠳᠠᠬᠰᠠᠨ ᠪᠠᠶᠢᠨ᠎ᠠ᠃   ᠤᠮᠠᠷᠠᠳᠤ ᠤᠷᠤᠨ ᠤ ᠬᠦᠨᠳᠤ ᠮᠠᠰᠢᠨ ᠲᠡᠷᠬᠡᠨ ᠤ ᠪᠦᠯᠦᠭᠯᠡᠯᠳᠤ ᠬᠢᠵᠠᠭᠠᠷᠳᠤ ᠺᠤᠮᠫᠠᠨᠢ ᠶᠢᠨ ᠣᠰᠤᠳᠦᠳᠦ᠋ᠷᠦᠭᠴᠢ  ᠪᠠᠷ ᠰᠢᠳᠠᠬᠤᠨ ᠪᠤᠯᠭᠠᠬᠤ ᠬᠦᠨᠳᠤ ᠠᠴᠢᠶᠠᠨ ᠤ ᠮᠠᠰᠢᠨ ᠪᠤᠯᠤᠨ ᠠᠭᠤᠷᠬᠠᠢ ᠳᠤ ᠬᠡᠷᠡᠭᠯᠡᠬᠦ ᠵᠢᠯᠤᠭᠤᠴᠢ ᠦᠬᠡᠢ ᠮᠠᠰᠢᠨ ᠤ ᠦᠢᠯᠡᠳᠪᠤᠷᠢᠯᠡᠯ ᠤᠨ ᠱᠤᠭᠤᠮ ᠢ ᠲᠤᠭᠤᠷᠢᠨ ᠪᠠᠶᠢᠴᠠᠭᠠᠬᠤ ᠳᠤ ᠪᠠᠨ ᠸᠠᠩ ᠯᠢ ᠰᠢᠶ᠋ᠨ ᠪᠦᠳᠦᠭᠡᠭᠳᠡᠬᠦᠨ ᠤ ᠰᠤᠳᠤᠯᠤᠨ ᠨᠡᠬᠡᠬᠡᠯᠳᠡ᠂ ᠵᠠᠬ᠎ᠠ ᠲᠡᠯᠬᠡᠬᠦᠷ ᠤᠨ ᠲᠡᠯᠬᠡᠷᠡᠬᠦᠯᠤᠯᠳᠡ ᠵᠡᠷᠬᠡ ᠲᠠᠯ᠎ᠠ ᠶᠢᠨ ᠪᠠᠶᠢᠳᠠᠯ ᠢ ᠤᠶᠢᠯᠠᠭᠠᠬᠰᠠᠨ ᠤ ᠲᠠᠷᠠᠭ᠎ᠠ ᠰᠢᠨᠵᠢᠯᠡᠬᠦ ᠮᠡᠷᠬᠡᠵᠢᠯ ᠤᠨ ᠰᠢᠨ᠎ᠡ ᠶᠢ ᠡᠬᠦᠳᠬᠦ ᠡᠷᠴᠢᠮ ᠢᠶᠠᠨ ᠴᠢᠩᠭᠠᠷᠠᠭᠤᠯᠤᠨ᠂ ᠬᠡᠯᠬᠢᠶ᠎ᠡ ᠶᠢ ᠦᠷᠬᠦᠯᠵᠢᠯᠡᠬᠦᠯᠬᠦ᠂ ᠬᠡᠯᠬᠢᠶ᠎ᠡ ᠶᠢ ᠨᠦᠬᠦᠪᠤᠷᠢᠯᠡᠬᠦ᠂ ᠬᠡᠯᠬᠢᠶ᠎ᠡ ᠶᠢ ᠬᠦᠴᠤᠷᠭᠡᠭᠵᠢᠬᠦᠯᠬᠦ ᠶᠢ ᠲᠦᠷᠬᠡᠳᠬᠡᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠬᠦᠰᠡᠭᠰᠡᠨ ᠪᠠᠶᠢᠨ᠎ᠠ᠃ ᠦᠪᠤᠷ ᠮᠤᠩᠭᠤᠯ ᠤᠨ ᠨᠢᠬᠡᠳᠤᠬᠡᠷ ᠮᠧᠬᠠᠨᠢᠭ ᠤᠨ ᠪᠦᠯᠦᠭᠯᠡᠯᠳᠤ ᠺᠤᠮᠫᠠᠨᠢ ᠶᠢᠨ ᠰᠦᠯᠵᠢᠶ᠎ᠡ ᠪᠠᠷ ᠬᠠᠮᠵᠢᠯᠴᠠᠨ ᠦᠢᠯᠡᠳᠬᠦ ᠡᠬᠦᠯᠡᠨ ᠲᠠᠪᠴᠠᠩ  ᠤᠨ ᠪᠦᠳᠦᠬᠡᠨ ᠪᠠᠶᠢᠭᠤᠯᠤᠯᠳᠠ ᠶᠢᠨ ᠡᠵᠡᠩᠨᠡᠯᠳᠡ ᠪᠤᠯᠤᠨ ᠴᠡᠷᠢᠭ ᠠᠷᠠᠳ ᠤᠶᠠᠯᠳᠤᠬᠰᠠᠨ ᠪᠦᠳᠦᠭᠡᠭᠳᠡᠬᠦᠨ ᠢ ᠡᠬᠦᠳᠤᠨ ᠨᠡᠬᠡᠬᠡᠬᠦ᠂ ᠲᠤᠮᠳᠠᠳᠤ ᠤᠯᠤᠰ ᠤᠨ ᠬᠤᠶᠠᠳᠤᠭᠠᠷ ᠲᠡᠮᠤᠷᠯᠢᠭ ᠪᠤᠯᠪᠠᠰᠤᠷᠠᠭᠤᠯᠬᠤ ᠪᠦᠯᠦᠭᠯᠡᠯᠳᠤ ᠬᠢᠵᠠᠭᠠᠷᠳᠤ ᠺᠤᠮᠫᠠᠨᠢ ᠶᠢᠨ ᠲᠦᠷᠤᠯ ᠵᠦᠢᠯ ᠢ ᠬᠠᠮᠢᠶᠠᠷᠤᠨ ᠡᠵᠡᠮᠳᠡᠬᠦ ᠲᠠᠪᠴᠠᠩ ᠢ ᠲᠤᠭᠤᠷᠢᠨ ᠪᠠᠶᠢᠴᠠᠭᠠᠬᠤ ᠳᠤ ᠪᠠᠨ ᠴᠢᠬᠤᠯᠠᠴᠢᠯᠠᠬᠰᠠᠨ ᠨᠢ᠂ ᠠᠵᠤ ᠦᠢᠯᠡᠳᠪᠤᠷᠢ ᠶᠢ ᠬᠦᠭᠵᠢᠬᠦᠯᠬᠦ ᠰᠦᠯᠵᠢᠶᠡᠨ ᠲᠠᠪᠴᠠᠩ ᠢ ᠪᠠᠶᠢᠭᠤᠯᠤᠨ ᠬᠦᠭᠵᠢᠬᠦᠯᠬᠦ ᠶᠢ ᠲᠦᠷᠬᠡᠳᠬᠡᠵᠤ᠂ ᠰᠢᠨ᠎ᠡ ᠨᠢᠬᠡ ᠦᠶ᠎ᠡ ᠶᠢᠨ ᠴᠢᠮᠡᠭᠡ ᠵᠠᠩᠭᠢ ᠶᠢᠨ ᠮᠡᠷᠬᠡᠵᠢᠯ ᠪᠤᠯᠤᠨ ᠦᠢᠯᠡᠳᠬᠦ
ᠦᠢᠯᠡᠰ ᠤᠨ ᠬᠦᠨ ᠠᠭᠤᠰᠤᠯᠴᠠᠭ᠎ᠠ ᠶᠢ ᠪᠤᠢ ᠪᠤᠯᠭᠠᠬᠤ ᠬᠡᠷᠡᠭᠳᠡᠢ᠃
  ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠡᠷᠢᠬᠦᠯᠡᠭᠴᠢ ᠸᠠᠩ ᠯᠢ ᠰᠢᠶ᠋ᠨ 8 ᠳ᠋ᠤᠭᠠᠷ ᠰᠠᠷ᠎ᠠ  ᠶᠢᠨ 25 ᠤ ᠡᠳᠤᠷ ᠪᠤᠭᠤᠳᠤ ᠶᠢᠨ ᠪᠤᠯᠤᠳ ᠲᠡᠮᠤᠷ ᠤᠨ ᠪᠦᠯᠦᠭᠯᠡᠯᠳᠤ ᠺᠤᠮᠫᠠᠨᠢ ᠳᠤ ᠪᠠᠶᠢᠴᠠᠭᠠᠨ ᠰᠤᠳᠤᠯᠪᠠ᠃    ︽ᠰᠡᠳᠬᠢᠯ ᠨᠢᠬᠡᠳᠤᠨ ᠬᠠᠮᠳᠤ ᠶᠢᠨ ᠬᠦᠴᠤ ᠪᠠᠷ ᠪᠤᠭᠤᠳᠤ ᠶᠢᠨ ᠪᠤᠯᠤᠳ ᠲᠡᠮᠤᠷ ᠤᠨ ᠦᠢᠢᠯᠡᠳᠪᠤᠷᠢ ᠶᠢ ᠪᠦᠳᠦᠬᠡᠨ ᠪᠠᠶᠢᠭᠤᠯᠤᠶ᠎ᠠ︾ ᠬᠡᠬᠦ ᠲᠡᠤᠬᠡᠨ ᠦᠵᠡᠬᠦᠯᠬᠡ ᠶᠢ ᠦᠵᠡᠵᠤ᠂ ᠪᠤᠭᠤᠳᠤ ᠶᠢᠨ ᠪᠤᠯᠤᠳ ᠲᠠᠮᠤᠷ ᠤᠨ ᠪᠦᠯᠦᠭᠯᠡᠯᠳᠤ ᠺᠤᠮᠫᠠᠨᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠪᠠᠶᠢᠳᠠᠯ ᠤᠨ ᠬᠠᠷᠢᠭᠤ ᠮᠡᠳᠡᠬᠦᠯᠤᠯᠳᠡ ᠶᠢ ᠰᠤᠨᠤᠰᠤᠬᠰᠠᠨ ᠤ ᠲᠠᠷᠠᠭ᠎ᠠ ᠸᠠᠩ ᠯᠢ ᠰᠢᠶ᠋ᠨ ᠴᠢᠬᠤᠯᠠᠴᠢᠯᠠᠬᠰᠠᠨ ᠨᠢ᠂ ᠪᠤᠭᠤᠳᠤ ᠶᠢᠨ ᠪᠤᠯᠤᠳ ᠲᠡᠮᠤᠷ ᠤᠨ ᠪᠦᠯᠦᠭᠯᠡᠯᠳᠤ ᠺᠤᠮᠫᠠᠨᠢ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠤ᠂ ᠲᠤᠳᠤᠭᠠᠳᠤ ᠬᠦᠳᠡᠯᠬᠡᠬᠦ ᠬᠦᠴᠤᠨ  ᠢᠶᠠᠨ ᠲᠡᠭᠡᠭᠰᠢᠯᠡᠬᠦᠯᠵᠤ᠂ ᠬᠦᠭᠵᠢᠯᠳᠡ ᠶᠢᠨ ᠨᠦᠬᠡᠴᠨ ᠬᠦᠴᠤᠨ ᠪᠤᠯᠤᠨ ᠦᠷᠢᠰᠤᠯᠳᠤᠬᠡᠨ ᠤ ᠴᠢᠳᠠᠯ ᠢᠶᠠᠨ ᠨᠡᠮᠡᠭᠳᠡᠬᠦᠯᠬᠦ ᠬᠡᠷᠡᠭᠳᠡᠢ᠃ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠲᠤᠮᠳᠠ ᠡᠨᠡ ᠬᠦ ᠬᠤᠪᠢᠰᠬᠠᠯ ᠤᠨ ᠡᠬᠢ ᠪᠠᠶᠠᠯᠢᠭ ᠢ ᠰᠠᠶᠢᠳᠤᠷ ᠬᠡᠷᠡᠭᠯᠡᠨ᠂  ︽ᠰᠡᠳᠬᠢᠯ ᠨᠢᠬᠡᠳᠤᠨ ᠬᠠᠮᠳᠤ ᠶᠢᠨ ᠬᠦᠴᠤ ᠪᠠᠷ ᠪᠤᠭᠤᠳᠤ ᠶᠢᠨ ᠪᠤᠯᠤᠳ ᠲᠡᠮᠤᠷ  ᠤᠨ ᠦᠢᠢᠯᠡᠳᠪᠤᠷᠢ ᠶᠢ ᠪᠦᠳᠦᠬᠡᠨ ᠪᠠᠶᠢᠭᠤᠯᠬᠤ︾ ᠪᠦᠯᠬᠦᠮᠳᠡᠨ ᠬᠠᠮᠳᠤᠷᠠᠯᠴᠠᠬᠤ ᠵᠤᠷᠢᠭ ᠰᠠᠨᠠᠭ᠎ᠠ ᠶᠢ ᠪᠠᠳᠠᠷᠠᠭᠤᠯᠤᠨ ᠂ ᠰᠢᠨ᠎ᠡ ᠴᠠᠭ ᠦᠶ᠎ᠡ ᠶᠢᠨ ᠡᠯ᠎ᠡ ᠦᠨᠳᠤᠰᠤᠳᠡᠨ ᠤ ᠪᠦᠯᠬᠦᠮᠳᠡᠯ ᠬᠠᠮᠳᠤᠷᠠᠯᠴᠠᠭ᠎ᠠ ᠶᠢ ᠠᠬᠢᠭᠤᠯᠤᠨ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠦᠷᠬᠦᠯᠵᠢᠯᠡᠨ ᠪᠠᠳᠤᠳᠬᠠᠬᠤ ᠬᠡᠷᠡᠭᠳᠡᠢ᠃
  ᠸᠠᠩ ᠯᠢ ᠰᠢᠶ᠋ᠨ ᠵᠢᠭᠠᠬᠰᠠᠨ ᠨᠢ᠂ ᠪᠤᠭᠤᠳᠤ ᠪᠤᠯ ︽ᠨᠢᠬᠡᠳᠤᠬᠡᠷ ᠲᠠᠪᠤᠨ ᠵᠢᠯ︾᠂ ︽ᠬᠤᠶᠠᠳᠤᠭᠠᠷ ᠲᠠᠪᠤᠨ ᠵᠢᠯ ︾ ᠤᠨ ᠤᠯᠤᠰ ᠤᠨ ᠭᠤᠤᠯᠳᠠᠯᠭ᠎ᠠ ᠲᠠᠢ ᠲᠦᠷᠤᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠠᠭᠠᠵᠤ ᠢᠳᠡᠭ ᠢᠳᠡᠭ ᠢᠶᠠᠷ ᠬᠦᠭᠵᠢᠨ ᠪᠤᠵᠠᠭᠠᠶᠢᠷᠠᠬᠰᠠᠨ ᠠᠵᠤ ᠦᠢᠯᠡᠳᠪᠤᠷᠢ ᠶᠢᠨ ᠬᠤᠳᠠ ᠪᠤᠯᠬᠤ ᠶᠤᠮ᠂ ᠬᠠᠭᠤᠴᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠠᠵᠤ ᠦᠢᠯᠡᠰ ᠤᠨ ᠬᠦᠳᠤᠯᠤᠨ ᠲᠠᠭᠠᠭᠤᠯᠬᠤ ᠦᠢᠯᠡᠳᠤᠯ ᠢᠶᠠᠨ ᠦᠷᠬᠦᠯᠵᠢᠯᠡᠨ ᠪᠠᠳᠠᠷᠠᠭᠤᠯᠵᠤ᠂ ᠠᠵᠤ ᠠᠬᠤᠢ ᠶᠢᠨ ᠪᠦᠳᠦᠴᠨ ᠶᠢ ᠲᠡᠭᠡᠭᠰᠢᠯᠡᠬᠦᠯᠵᠤ ᠲᠡᠰ ᠲᠡᠪᠰᠢᠬᠦᠯᠬᠦ ᠶᠢ ᠲᠦᠷᠬᠡᠨ ᠠᠬᠢᠭᠤᠯᠵᠤ᠂ ᠬᠠᠭᠤᠴᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠰᠢᠨ᠎ᠡ ᠠᠮᠢᠵᠢᠷᠠᠯ ᠤᠨ ᠬᠦᠴᠤᠨ ᠲᠠᠢ ᠪᠤᠯᠭᠠᠬᠤ ᠬᠡᠷᠡᠭᠳᠡᠢ᠃    ᠸᠠᠩ  ᠯᠢ ᠰᠢᠶ᠋ᠨ ᠴᠢᠬᠤᠯᠠᠴᠢᠯᠠᠬᠰᠠᠨ ᠨᠢ᠂ ᠦᠨᠤᠳᠤᠷ ᠤᠨ ᠪᠡᠯᠨ ᠤᠷᠤᠭᠤᠯᠤᠯᠳᠠ ᠪᠤᠯ ᠮᠠᠷᠭᠠᠰᠢ ᠶᠢᠨ ᠦᠢᠯᠡᠳᠪᠤᠷᠢᠯᠡᠯ ᠤᠨ ᠬᠦᠴᠤᠨ ᠪᠤᠯᠬᠤ ᠶᠤᠮ᠃ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ︽ᠬᠤᠶᠠᠷ ᠲᠤᠮᠤ ᠨᠢᠬᠡ ᠰᠢᠨ᠎ᠡ︾ ᠶᠢᠨ ᠲᠤᠭᠤᠷᠢᠨ ᠳᠤ ᠲᠤᠳᠠᠭᠤᠳᠠᠯ ᠢᠶᠠᠨ ᠨᠦᠬᠦᠪᠤᠷᠢᠯᠡᠨ᠂ ᠠᠵᠤ ᠦᠢᠯᠡᠳᠪᠤᠷᠢ  ᠶᠢᠨ ᠢᠨᠲ᠋ᠧᠷ ᠰᠦᠯᠵᠢᠶ᠎ᠡ ᠶᠢ ᠠᠬᠢᠭᠤᠯᠬᠤ᠂ ᠡᠨᠧᠷᠬᠢ ᠶᠢ ᠦᠨᠳᠤᠷ ᠦᠷ᠎ᠡ ᠪᠦᠳᠦᠮᠵᠢ ᠲᠠᠢ ᠠᠰᠢᠬᠯᠠᠬᠤ ᠪᠠ ᠲᠡᠷᠢᠬᠦᠨ ᠤ ᠪᠡᠯᠡᠳᠬᠡᠯ ᠲᠦᠬᠦᠬᠡᠷᠤᠮᠵᠢ ᠶᠢ ᠦᠢᠯᠡᠳᠬᠦ ᠵᠡᠷᠬᠡ ᠬᠦᠷᠢᠶ᠎ᠡ ᠴᠠᠷᠠᠭ᠎ᠠ ᠳᠤ ᠬᠢ ᠪᠡᠯᠨ ᠤᠷᠤᠭᠤᠯᠤᠯᠳᠠ ᠶᠢ ᠨᠡᠮᠡᠭᠳᠡᠬᠦᠯᠬᠦ ᠬᠡᠷᠡᠭᠳᠡᠢ᠃ ᠰᠢᠨ᠎ᠡ ᠶᠢ ᠡᠬᠦᠳᠬᠦ ᠶᠢ ᠬᠦᠨᠵᠡᠬᠡᠢ ᠬᠡᠷᠡᠭᠵᠢᠬᠦᠯᠵᠤ᠂ ᠠᠵᠤ ᠠᠬᠤᠶᠢᠯᠠᠯ ᠢ ᠬᠦᠳᠤᠯᠤᠨ ᠲᠠᠭᠠᠭᠤᠯᠵᠤ ᠪᠠᠶᠢᠭᠠᠳ ᠰᠢᠨᠵᠢᠯᠡᠬᠦ ᠮᠡᠷᠬᠡᠵᠢᠯ ᠤᠨ ᠪᠡᠯᠨ ᠤᠷᠤᠭᠤᠯᠤᠯᠳᠠ ᠶᠢ ᠨᠢ ᠨᠡᠮᠡᠭᠳᠡᠬᠦᠯᠵᠤ᠂ ᠡᠯ᠎ᠡ ᠵᠦᠢᠯ ᠤᠨ ᠰᠢᠨ᠎ᠡ ᠶᠢ ᠡᠬᠦᠳᠬᠦ ᠡᠯᠧᠮᠧᠨ᠋ᠲ ᠢ ᠰᠢᠨ᠎ᠡ ᠠᠵᠤ ᠦᠢᠯᠡᠰ ᠪᠠ ᠲᠠᠪᠠᠭᠤᠯᠢᠭ ᠠᠵᠤ ᠦᠢᠯᠡᠰ ᠲᠡᠬᠡᠷ᠎ᠡ ᠲᠦᠪᠯᠡᠷᠡᠬᠦᠯᠤᠨ ᠂ ᠵᠠᠩᠭᠢᠯᠠᠭ᠎ᠠ ᠶᠢᠨ ᠮᠡᠷᠬᠡᠵᠢᠯ ᠢ ᠪᠤᠭᠤᠮᠳᠠ ᠰᠢᠪᠳᠤᠯᠬᠤ ᠪᠠ ᠦᠷ᠎ᠡ ᠪᠦᠳᠦᠮᠵᠢ ᠶᠢ ᠤᠯᠠᠷᠢᠭᠤᠯᠬᠤ ᠠᠵᠢᠯ ᠢ ᠦᠷᠬᠦᠯᠵᠢᠯᠡᠨ ᠦᠷᠨᠢᠬᠦᠯᠵᠤ᠂ ᠠᠵᠤ ᠦᠢᠯᠡᠰ ᠤᠨ ᠬᠡᠯᠬᠢᠶ᠎ᠡ ᠶᠢᠨ ᠰᠢᠨᠵᠢᠯᠡᠬᠦ ᠮᠡᠷᠬᠡᠵᠢᠯ ᠶᠢᠨ ᠲᠤᠯᠭᠠᠭᠤᠷᠢᠯᠠᠬᠤ ᠴᠢᠳᠠᠪᠤᠷᠢ ᠶᠢ ᠲᠡᠭᠡᠭᠰᠢᠯᠡᠬᠦᠯᠤᠨ᠂ ᠠᠵᠤ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠡᠷᠡᠭᠳᠡᠢ᠃ ᠦᠬᠡᠷᠡᠴᠢᠯᠡᠯᠳᠡ ᠪᠤᠭᠤᠮᠳᠠ ᠰᠢᠪᠳᠤᠯᠤᠯᠳᠠ ᠶᠢᠨ ᠡᠷᠴᠢᠮ ᠪᠠᠨ ᠤᠯᠠᠮ ᠴᠠᠭᠠᠰᠢᠳᠠ ᠴᠢᠩᠭᠠᠳᠬᠠᠨ᠂ ᠦᠬᠡᠷᠡᠴᠢᠯᠡᠯᠳᠡ  ᠶᠢᠨ ᠠᠷᠠᠭ᠎ᠠ᠂ ᠬᠦᠭᠵᠢᠯᠳᠡ ᠶᠢᠨ ᠠᠷᠭ᠎ᠠ ᠪᠠᠷ ᠬᠦᠨ ᠲᠠᠪᠬᠤᠷᠭ᠎ᠠ ᠶᠢᠨ ᠵᠦᠷᠢᠴᠡᠯ ᠠᠰᠠᠭᠤᠳᠠᠯ ᠢ ᠰᠢᠢᠳᠪᠤᠷᠢᠯᠡᠬᠦ ᠶᠢ ᠪᠠᠷᠢᠮᠳᠠᠯᠠᠨ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠢ ᠴᠢᠷᠮᠠᠶᠢᠨ ᠬᠢᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠨᠳᠤᠰᠤᠨ ᠠᠴᠠ ᠨᠢ ᠰᠢᠢᠳᠪᠤᠷᠢᠯᠡᠬᠦ ᠬᠡᠷᠡᠭᠳᠡᠢ᠃  ᠨᠡᠬᠦᠷᠡᠰᠤᠳᠦ᠋ᠷᠦᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠬᠡᠬᠦ ᠂ ᠨᠡᠬᠦᠷᠡᠰᠤᠳᠦ᠋ᠷᠦᠭᠴᠢ ᠶᠢ ᠰᠠᠭᠠᠷᠮᠠᠬᠵᠢᠭᠤᠯᠬᠤ ᠬᠠᠷᠠᠯᠳᠠ ᠶᠢᠨ ᠲᠤᠭᠤᠷᠢᠨ ᠳᠤ ᠡᠨᠧᠷᠬᠢ ᠶᠢᠨ ᠠᠮᠤᠷ ᠲᠦᠪᠰᠢᠨ ᠪᠠ ᠭᠠᠳᠠᠬᠰᠢᠯᠠᠭᠤᠯᠤᠯᠳᠠ ᠶᠢ ᠪᠠᠭᠠᠰᠬᠠᠬᠤ ᠬᠡᠷᠡᠭᠴᠡᠭᠡ ᠱᠠᠭᠠᠷᠳᠠᠯᠭ᠎ᠠ ᠶᠢ ᠨᠢᠬᠡᠳᠤᠯᠳᠡᠢ ᠲᠦᠯᠦᠪᠵᠢᠬᠦᠯᠵᠤ᠂ ᠪᠤᠬᠢᠷᠳᠤᠯ ᠦᠬᠡᠢ ᠬᠦᠭᠵᠢᠯᠳᠡ ᠶᠢ ᠪᠡᠶᠡᠯᠡᠬᠦᠯᠬᠦ ᠬᠡᠷᠡᠭᠳᠡᠢ᠃ ᠠᠮᠤᠷ ᠲᠦᠪᠰᠢᠨ ᠤ ᠬᠦᠪᠴᠢ ᠪᠠᠨ ᠴᠠᠭ ᠢᠮᠠᠬᠳᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢᠨ ᠬᠠᠮᠳᠤ ᠠᠶᠤᠯ ᠦᠬᠡᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠠᠮᠤᠷ ᠲᠦᠪᠰᠢᠨ ᠤ ᠲᠦᠭᠰᠢᠬᠦᠷᠢ ᠶᠢ ᠬᠡᠮ ᠰᠤᠭᠤᠭ ᠢ ᠰᠢᠭᠰᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠲᠤᠮᠤ ᠶᠡᠭᠡ ᠠᠳᠡᠯ ᠡᠬᠦᠰᠬᠦ ᠶᠢ ᠡᠷᠡᠰ ᠬᠤᠷᠢᠬᠯᠠᠬᠤ ᠬᠡᠷᠡᠭᠳᠡᠢ᠃   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠸᠡᠭ ᠹᠠᠨ ᠯᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸ᠋ᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠠᠮᠳᠤ ᠪᠠᠶᠢᠴᠠᠭᠠᠨ ᠰᠤᠳᠤᠯᠤᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号