ᠾᠸᠡᠭ ᠹᠠᠨ ᠯᠢ ᠶᠡᠭᠡ ᠲᠤᠭ᠎ᠠ ᠪᠠᠷᠢᠮᠳᠠ ᠶᠢᠨ ᠡᠬᠢ ᠪᠠᠶᠠᠯᠢᠭ ᠶᠢ ᠬᠠᠷᠢᠯᠴᠠᠨ ᠬᠤᠯᠪᠤᠵᠤ ᠬᠠᠷᠢᠯᠴᠠᠨ ᠨᠡᠪᠳᠡᠷᠡᠬᠦᠯᠬᠦ ᠠᠵᠢᠯ ᠢ ᠵᠢᠯᠤᠭᠤᠳᠬᠤ ᠳᠤ ᠪᠠᠨ ᠵᠢᠭᠠᠬᠰᠠᠨ ᠨᠢ᠂  ᠶᠡᠭᠡ  ᠲᠤᠭ᠎ᠠ ᠪᠠᠷᠢᠮᠳᠠ ᠶᠢᠨ ᠡᠬᠢ ᠪᠠᠶᠠᠯᠢᠭ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ᠨᠡᠩ ᠦᠨᠳᠤᠷ ᠲᠦᠪᠰᠢᠨ ᠲᠠᠢ᠂ ᠨᠡᠩ ᠠᠮᠤᠷ ᠠᠮᠤᠭᠤᠯᠠᠩ ᠦᠪᠤᠷ ᠮᠤᠩᠭᠤᠯ ᠢ ᠪᠦᠳᠦᠬᠡᠨ ᠪᠠᠶᠢᠭᠤᠯᠬᠤ ᠳᠤ ᠬᠦᠴᠤᠳᠠᠢ ᠲᠤᠯᠭᠠᠭᠷᠢᠯᠠᠯ ᠪᠤᠯᠭᠠᠬᠤ ᠬᠡᠷᠡᠭᠳᠡᠢ
ᠨᠡᠶᠢᠲᠡᠯᠡᠭᠰᠡᠨ ᠴᠠᠭ᠄
2021/8/26
 8  ᠳ᠋ᠤᠭᠠᠷ ᠰᠠᠷ᠎ᠠ ᠶᠢᠨ 25 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠾᠸᠡᠭ ᠹᠠᠨ ᠯᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ  ᠤ ᠲᠠᠩᠭᠢᠮ᠂ ᠡᠮᠨᠡᠯᠬᠡ ᠶᠢᠨ ᠲᠠᠭᠠᠳᠬᠠᠯ ᠤᠨ ᠴᠢᠮᠡᠭᠡ ᠵᠠᠩᠭᠢ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ  ᠶᠢᠨ ᠬᠡᠯᠳᠡᠰ ᠪᠤᠯᠤᠨ ᠰᠤᠷᠭᠠᠨ ᠬᠦᠮᠤᠵᠢᠯ ᠤᠨ ᠲᠢᠩᠭᠢᠮ ᠳᠤ ᠢᠷᠡᠵᠤ᠂ ︽ᠨᠢᠬᠡ ᠰᠦᠯᠵᠢᠶ᠎ᠡ ᠪᠠᠷ ᠬᠦᠢᠴᠡᠳᠬᠡᠬᠦ︾ ᠂ ᠲᠠᠪᠴᠠᠩ ᠤᠨ ᠪᠦᠳᠦᠬᠡᠨ ᠪᠠᠶᠢᠭᠤᠯᠤᠯᠳᠠ᠂ ᠰᠤᠷᠭᠠᠨ ᠬᠦᠮᠤᠵᠢᠯ ᠤᠨ ᠴᠢᠮᠡᠭᠡ ᠵᠠᠩᠭᠢᠴᠢᠯᠠᠬᠤ ᠲᠤᠬᠠᠶᠢᠯᠠᠬᠰᠠᠨ ᠠᠵᠢᠯ ᠤᠨ ᠡᠷᠬᠢᠯᠳᠡ ᠶᠢᠨ ᠪᠠᠶᠢᠳᠠᠯ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠵᠡᠷᠬᠡ ᠪᠠᠶᠢᠳᠠᠯ ᠢ ᠪᠠᠶᠢᠴᠠᠭᠠᠨ ᠰᠤᠳᠤᠯᠵᠤ᠂ ᠰᠠᠭᠤᠳᠠᠯ ᠤᠨ ᠬᠤᠷᠠᠯ ᠬᠤᠷᠠᠯᠳᠤᠭᠤᠯᠤᠬᠰᠠᠨ ᠤ ᠬᠠᠮᠳᠤ ᠰᠦᠯᠵᠢᠶᠡᠨ ᠲᠡᠬᠡᠷ᠎ᠡ ᠬᠦᠢᠴᠡᠳᠬᠡᠬᠦ᠂ ᠭᠠᠷ ᠤᠳᠠᠰᠤᠨ ᠲᠡᠬᠡᠷ᠎ᠡ ᠪᠠᠨ ᠬᠦᠢᠴᠡᠳᠬᠡᠬᠦ ᠦᠷ᠎ᠡ ᠪᠦᠳᠦᠮᠵᠢ᠂ ᠠᠷᠠᠳ ᠲᠤ ᠦᠢᠯᠡᠴᠢᠯᠡᠬᠦ ᠠᠷᠭ᠎ᠠ ᠪᠠᠷᠢᠯ ᠢᠶᠠᠨ ᠲᠡᠭᠡᠭᠰᠢᠯᠡᠬᠦᠯᠬᠦ ᠲᠤᠬᠠᠢ ᠤᠯᠠᠨ ᠲᠠᠢ ᠵᠦᠪᠳᠡᠯᠴᠡᠭᠰᠡᠨ ᠪᠠᠶᠢᠨ᠎ᠠ᠃  ᠾᠸᠡᠭ ᠹᠠᠨ ᠯᠢ  ᠴᠢᠬᠤᠯᠠᠴᠢᠯᠠᠬᠰᠠᠨ ᠨᠢ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠠᠷᠭ᠎ᠠ ᠪᠠᠷᠢᠯ ᠢ ᠰᠠᠶᠢᠳᠤᠷ ᠨᠠᠶᠢᠳᠠᠪᠤᠷᠢᠵᠢᠭᠤᠯᠤᠨ᠂  ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠪᠤᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠢᠨᠠᠷᠯᠢᠭ ᠬᠦᠭᠵᠢᠯᠳᠡ ᠶᠢ ᠠᠬᠢᠭᠤᠯᠬᠤ ᠴᠢᠬᠤᠯᠨ ᠠᠷᠭ᠎ᠠ ᠠᠪᠴᠠᠯ ᠪᠤᠯᠬᠤ ᠶᠤᠮ᠃ ᠲᠤᠳᠤᠭᠠᠳᠤ ᠶᠢ ᠬᠠᠮᠠᠭᠠᠯᠠᠬᠤ ᠶᠢᠨ ᠬᠢᠨ ᠤ ᠶᠡᠭᠡ ᠲᠤᠭ᠎ᠠ ᠪᠠᠷᠢᠮᠳᠠ ᠶᠢᠨ ᠬᠡᠮᠵᠢᠶ᠎ᠡ ᠶᠡᠭᠡ᠂ ᠬᠦᠷᠢᠶ᠎ᠡ ᠬᠡᠪᠴᠢᠶ᠎ᠡ ᠨᠢ ᠦᠷᠬᠡᠨ᠂ ᠬᠡᠷᠡᠭᠴᠡᠭᠡ ᠱᠠᠭᠠᠷᠳᠠᠯᠭ᠎ᠠ ᠤᠯᠠᠨ ᠪᠤᠯᠬᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ  ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠳᠤ ᠬᠦᠴᠤᠳᠡᠢ ᠰᠠᠭᠤᠷᠢ ᠲᠤᠭ᠎ᠠ ᠪᠠᠷᠢᠮᠳᠠ ᠶᠢ ᠬᠠᠨᠭ᠍ᠭᠠᠵᠤ ᠲᠡᠶᠢᠯᠬᠦ ᠶᠤᠮ᠃ ᠦᠪᠤᠷ ᠮᠤᠩᠭᠤᠯ ᠶᠢᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠠᠯᠬᠤ ᠲᠢᠩᠬᠢᠮ ᠨᠠᠮ ᠤᠨ ᠲᠦᠪ ᠬᠤᠷᠢᠶ᠎ᠠ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠶᠢ ᠡᠷᠡᠰ ᠨᠠᠶᠢᠳᠠᠪᠤᠷᠢᠵᠢᠭᠤᠯᠵᠤ᠂ ᠲᠤᠭ᠎ᠠ ᠪᠠᠷᠢᠮᠳᠠ ᠶᠢᠨ ᠵᠠᠯᠭᠠᠯᠳᠠ ᠶᠢ ᠲᠦᠷᠢᠮᠵᠢᠬᠦᠯᠬᠦ᠂ ᠲᠤᠭ᠎ᠠ ᠪᠠᠷᠢᠮᠳᠠ ᠶᠢ ᠬᠠᠷᠢᠯᠴᠠᠨ ᠬᠤᠯᠪᠤᠵᠤ ᠬᠠᠷᠢᠯᠴᠠᠨ ᠨᠡᠪᠳᠡᠷᠡᠬᠦᠯᠬᠦ ᠶᠢ ᠠᠬᠢᠭᠤᠯᠬᠤ᠂ ᠬᠠᠮᠳᠤ ᠪᠠᠷ ᠪᠠᠶᠢᠭᠤᠯᠵᠤ ᠬᠠᠮᠳᠤ ᠪᠠᠷ ᠬᠡᠷᠡᠭᠯᠡᠨ ᠬᠠᠮᠳᠤ ᠪᠠᠷ ᠡᠳ᠋ᠯᠡᠬᠦ ᠵᠡᠷᠬᠡ ᠲᠠᠯ᠎ᠠ ᠪᠠᠷ ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ  ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠪᠴᠢᠶ᠎ᠠ᠂ ᠶᠡᠭᠡ ᠲᠤᠭ᠎ᠠ ᠪᠠᠷᠢᠮᠳᠠ ᠶᠢᠨ ᠲᠦᠪ ᠲᠠᠢ ᠴᠢᠷᠮᠠᠶᠢᠨ ᠬᠠᠮᠵᠢᠯᠴᠠᠵᠤ ᠠᠵᠢᠯ ᠢᠶᠠᠨ ᠦᠷᠨᠢᠬᠦᠯᠤᠨ᠂ ᠬᠠᠷᠢᠯᠴᠠᠨ ᠲᠡᠮᠵᠢᠵᠤ᠂ ᠬᠠᠷᠢᠯᠴᠠᠨ ᠠᠰᠢᠬᠳᠠᠢ ᠪᠦᠬᠡᠳ ᠬᠠᠷᠢᠯᠴᠠᠨ ᠬᠡᠷᠡᠭᠯᠡᠵᠤ᠂ ᠲᠤᠭ᠎ᠠ ᠪᠠᠷᠢᠮᠳᠠ ᠶᠢᠨ ᠡᠬᠢ ᠪᠠᠶᠠᠯᠢᠭ ᠢ ᠠᠰᠢᠬᠯᠠᠬᠤ ᠨᠤᠷᠮ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠤᠨ᠂ ᠦᠨᠳᠤᠰᠤᠨ ᠱᠠᠳᠤᠨ ᠤ ᠵᠠᠰᠠᠯᠳᠠ ᠶᠢᠨ ᠰᠢᠰᠲ᠋ᠧᠮ ᠤᠨ ᠰᠢᠨ᠎ᠡ ᠲᠤᠬᠳᠠᠮᠵᠢ ᠶᠢ ᠪᠠᠶᠢᠭᠤᠯᠬᠤ᠂ ᠬᠤᠳᠠ ᠶᠢᠨ ᠵᠠᠰᠠᠯᠳᠠ ᠶᠢᠨ ᠤᠳᠤᠬᠢᠴᠢᠯᠠᠬᠰᠠᠨ ᠲᠦᠪᠰᠢᠨ ᠢ ᠲᠡᠭᠡᠭᠰᠢᠯᠡᠬᠦᠯᠬᠦ᠂ ᠨᠡᠩ ᠦᠨᠳᠤᠷ ᠲᠦᠪᠰᠢᠨ ᠲᠠᠢ ᠦᠪᠤᠷ ᠮᠤᠩᠭᠤᠯ ᠢ ᠪᠦᠳᠦᠬᠡᠨ ᠪᠠᠶᠢᠭᠤᠯᠬᠤ ᠳᠤ ᠶᠡᠭᠡ ᠲᠤᠭ᠎ᠠ ᠪᠠᠷᠢᠮᠳᠠ ᠶᠢ ᠪᠠᠳᠤ ᠪᠠᠬᠢ ᠲᠤᠯᠭᠠᠭᠤᠷᠢᠯᠠᠯ ᠢ ᠬᠠᠨᠭ᠍ᠭᠠᠬᠤ ᠬᠡᠷᠡᠭᠳᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号