ᠮᠠᠨ ᠤ ᠤᠷᠤᠨ ᠲᠠᠷᠢᠶᠠᠨ ᠭᠠᠵᠠᠷ ᠢ ᠬᠠᠮᠠᠭᠠᠯᠠᠬᠤ ᠰᠢᠨ᠎ᠡ ᠲᠤᠬᠳᠠᠮᠵᠢ ᠶᠢ ᠲᠦᠷᠪᠡᠨ ᠲᠠᠯ᠎ᠠ ᠪᠠᠷ ᠴᠢᠷᠮᠠᠶᠢᠨ ᠪᠦᠷᠢᠯᠳᠤᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2021/8/26
8 ᠳ᠋ᠤᠭᠠᠷ ᠰᠠᠷ᠎ᠠ ᠶᠢᠨ 25 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ  ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠲᠠᠷᠢᠶᠠᠨ ᠭᠠᠵᠠᠷ ᠢ ᠬᠠᠮᠠᠭᠠᠯᠠᠬᠤ ᠶᠢ ᠴᠠᠭᠠᠰᠢᠳᠠ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ ᠮᠡᠳᠡᠭᠳᠡᠬᠦ ᠬᠤᠷᠠᠯ ᠬᠢᠪᠡ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠲᠠᠷᠢᠶᠠᠨ ᠭᠠᠵᠠᠷ ᠢ ᠬᠠᠮᠠᠭᠠᠯᠠᠬᠤ ᠶᠢ ᠴᠠᠭᠠᠰᠢᠳᠠ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠤᠨ ᠪᠤᠢ ᠪᠤᠯᠤᠬᠰᠠᠨ ᠠᠬᠤᠢ ᠪᠠᠶᠢᠳᠠᠯ᠂ ᠲᠤᠬᠳᠠᠭᠠᠬᠰᠠᠨ ᠶᠠᠪᠤᠴᠨ ᠪᠤᠯᠤᠨ ᠭᠤᠤᠯ ᠠᠭᠤᠯᠭ᠎ᠠ ᠶᠢ ᠲᠠᠶᠢᠯᠪᠤᠷᠢᠯᠠᠬᠰᠠᠨ ᠪᠦᠬᠡᠳ ᠬᠠᠮᠢᠶ᠎ᠠ ᠪᠦᠬᠦᠢ ᠪᠠᠶᠢᠳᠠᠯ ᠤᠨ ᠲᠠᠯ᠎ᠠ ᠪᠠᠷ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃ ᠤᠶᠢᠯᠠᠭᠠᠬᠰᠠᠨ ᠢᠶᠠᠷ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ᠂ ᠠᠮᠢ ᠠᠬᠤᠢ ᠶᠢ ︽ᠭᠤᠷᠪᠠ  ᠶᠢ ᠨᠢᠬᠡ ᠴᠤᠬᠴᠠᠵᠢᠭᠤᠯᠤᠨ ᠬᠠᠮᠠᠭᠠᠯᠠᠵᠤ︾᠂ ᠤᠯᠤᠰ ᠠᠴᠠ ᠪᠠᠭᠤᠯᠭᠠᠬᠰᠠᠨ ᠮᠠᠨ ᠤ ᠤᠷᠤᠨ ᠤ ᠲᠠᠷᠢᠶᠠᠨ ᠭᠠᠵᠠᠷ ᠤᠨ ᠬᠠᠳᠠᠭᠠᠯᠠᠯᠳᠠ ᠶᠢᠨ ᠪᠠᠳᠤᠯᠠᠬᠤ ᠬᠡᠮᠵᠢᠶ᠎ᠡ ᠪᠤᠯᠤᠨ ᠦᠨᠳᠤᠰᠤᠨ ᠲᠠᠷᠢᠶᠠᠨ ᠭᠠᠵᠠᠷ ᠢ ᠦᠨᠢᠳᠡ ᠪᠠᠳᠤᠯᠠᠬᠤ ᠲᠠᠯᠠᠪᠠᠢ ᠶᠢ ᠪᠠᠳᠤᠯᠠᠨ᠂ ᠲᠠᠷᠢᠶᠠᠨ ᠭᠠᠵᠠᠷ ᠢ ︽ ᠲᠠᠷᠢᠶᠠᠯᠠᠩ ᠤᠨ ᠪᠤᠰᠤ ᠪᠤᠯᠭᠠᠬᠤ︾ ᠶᠢ ᠡᠷᠡᠰ ᠬᠤᠷᠢᠬᠯᠠᠨ᠂ ᠲᠠᠷᠢᠶᠠᠨ ᠭᠠᠵᠠᠷ  ᠢ ︽ᠠᠮᠤ ᠪᠤᠳᠠᠭᠠᠨ ᠤ ᠪᠤᠰᠤ ᠪᠤᠯᠭᠠᠬᠤ︾ ᠶᠢ ᠡᠷᠡᠰ ᠴᠠᠭᠠᠵᠠᠯᠠᠵᠤ᠂ ᠬᠠᠮᠠᠭᠠᠯᠠᠯᠳᠠ ᠨᠢ ᠨᠡᠩ ᠠᠰᠢᠬᠳᠠᠢ᠂ ᠬᠡᠷᠡᠭᠵᠢᠬᠦᠯᠬᠦ ᠶᠢ ᠨᠡᠩ ᠢᠯᠭᠤᠮ᠂ ᠬᠠᠮᠢᠶᠠᠷᠬᠤ ᠳᠤ ᠨᠡᠩ ᠦᠷ᠎ᠡ ᠪᠦᠳᠦᠮᠵᠢᠳᠡᠢ ᠲᠠᠷᠢᠶᠠᠨ ᠭᠠᠵᠠᠷ ᠢ ᠬᠠᠮᠠᠭᠠᠯᠠᠬᠤ ᠰᠢᠨ᠎ᠡ ᠲᠤᠬᠳᠠᠮᠵᠢ ᠶᠢ ᠪᠠᠶᠢᠭᠤᠯᠬᠤ ᠶᠢᠨ ᠲᠦᠯᠦᠬᠡ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ︽ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠴᠠᠭᠠᠰᠢᠳᠠ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠢ ᠨᠤᠤᠷᠬᠯᠠᠬᠰᠠᠨ ᠶᠤᠮ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠠᠯᠪᠠᠨ ᠲᠢᠩᠭᠢᠮ ᠬᠡᠪᠯᠡᠬᠦᠯᠤᠨ ᠲᠠᠷᠬᠠᠭᠠᠵᠤ ᠬᠡᠷᠡᠭᠵᠢᠬᠦᠯᠬᠦ ᠶᠤᠮ ᠪᠠᠶᠢᠨ᠎ᠠ᠃ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ  ᠤᠨ ᠲᠠᠷᠢᠶᠠᠨ ᠭᠠᠵᠠᠷ ᠢ ᠬᠠᠮᠠᠭᠠᠯᠠᠬᠤ ᠶᠢ ᠴᠠᠭᠠᠰᠢᠳᠠ ᠴᠢᠩᠭᠠᠳᠬᠠᠬᠤ ᠲᠤᠬᠠᠢ ᠬᠡᠷᠡᠭᠵᠢᠬᠦᠯᠬᠦ ᠰᠠᠨᠠᠯ︾ ᠳᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠬᠤ  ᠪᠦᠳᠦᠬᠡᠨ ᠪᠠᠶᠢᠭᠤᠯᠤᠯᠳᠠ ᠪᠠᠷ ᠲᠠᠷᠢᠶᠠᠨ ᠭᠠᠵᠠᠷ ᠢ ᠡᠵᠡᠯᠡᠬᠦ ᠶᠢ ᠴᠢᠩᠭ᠎ᠠ ᠬᠤᠷᠢᠬᠯᠠᠬᠤ᠂ ᠲᠠᠷᠢᠶᠠᠨ ᠭᠠᠵᠠᠷ ᠢ ᠡᠵᠡᠯᠡᠬᠦ ᠨᠦᠬᠦᠪᠤᠷᠢ ᠶᠢ ᠲᠡᠩᠴᠡᠬᠦᠷᠢᠰᠢᠬᠦᠯᠬᠦ ᠬᠠᠮᠢᠶᠠᠷᠤᠯᠳᠠ ᠶᠢ ᠴᠢᠩᠭᠠᠳᠬᠠᠬᠤ᠂  ᠲᠦᠬᠦᠬᠡᠷᠤᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠴᠢᠩᠭ᠎ᠠ ᠬᠢᠨᠠᠨ ᠬᠠᠮᠢᠶᠠᠷᠬᠤ ᠵᠡᠷᠬᠡ ᠲᠦᠷᠪᠡᠨ ᠲᠠᠯ᠎ᠠ ᠶᠢ ᠪᠠᠭᠳᠠᠭᠠᠨ᠎ᠠ᠃ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠬᠤ ᠲᠠᠯ᠎ᠠ ᠪᠠᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ  ᠤ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠨ ᠲᠠᠷᠢᠶᠠᠨ ᠭᠠᠵᠠᠷ ᠢ ᠬᠠᠮᠠᠭᠠᠯᠠᠬᠤ ᠨᠢᠬᠡᠳᠤᠬᠡᠷ ᠬᠠᠷᠢᠭᠤᠴᠠᠯᠭᠠᠳᠠᠨ ᠪᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠠᠵᠤ ᠠᠬᠤᠢ  ᠶᠢᠨ ᠵᠤᠬᠢᠶᠠᠨ ᠪᠠᠶᠢᠭᠤᠯᠤᠯᠳᠠ᠂ ᠮᠠᠯᠴᠢᠨ ᠲᠠᠷᠢᠶᠠᠴᠢᠨ ᠪᠤᠯᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ  ᠶᠢᠨ ᠭᠤᠤᠯ ᠴᠤᠬᠴᠨ ᠶᠢᠨ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠬᠦᠢᠴᠡᠳ ᠲᠠᠶᠢᠴᠢᠯᠠᠵᠤ ᠲᠠᠷᠢᠶᠠᠨ ᠭᠠᠵᠠᠷ ᠢ ᠬᠠᠮᠠᠭᠠᠯᠠᠬᠤ ᠬᠠᠮᠳᠤᠷᠠᠯ ᠬᠦᠴᠤᠨ ᠢ ᠪᠤᠢ ᠪᠤᠯᠭᠠᠨ᠎ᠠ᠃ ᠡᠬᠦᠨ ᠤ ᠬᠠᠮᠳᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠬᠠᠷᠠᠯᠳᠠ ᠦᠨᠡᠯᠡᠨ ᠰᠢᠯᠭᠠᠬᠤ ᠲᠦᠷᠢᠮ ᠢ ᠤᠯᠠᠮ  ᠲᠡᠬᠦᠯᠳᠡᠷᠵᠢᠬᠦᠯᠬᠦ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号