ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠬᠠᠮᠢᠶ᠎ᠠ ᠪᠦᠬᠦᠢ ᠠᠶᠢᠮᠠᠭ ᠬᠤᠳᠠ ᠶᠢᠨ ᠡᠨᠧᠷᠬᠢ ᠶᠢᠨ ᠬᠤᠷᠤᠬᠳᠠᠯ ᠢ ᠬᠤᠤᠰ ᠢᠶᠠᠷ ᠡᠵᠡᠮᠳᠡᠬᠦ ᠠᠰᠠᠭᠤᠳᠠᠯ ᠢ ᠪᠤᠯᠵᠤᠨ ᠶᠠᠷᠢᠯᠴᠠᠪᠠ
ᠨᠡᠶᠢᠲᠡᠯᠡᠭᠰᠡᠨ ᠴᠠᠭ᠄
2021/8/26
ᠵᠠᠩ ᠱᠤᠤ ᠴᠦᠨ ᠪᠤᠯᠵᠤᠨ ᠶᠠᠷᠢᠯᠴᠠᠯᠭ᠎ᠠ ᠶᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ   8 ᠳ᠋ᠤᠭᠠᠷ ᠰᠠᠷ᠎ᠠ ᠶᠢᠨ 24 ᠤ ᠡᠳᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠦᠡᠭᠯᠢᠶᠤᠤ ᠬᠤᠳᠠ ᠶᠢᠨ ᠵᠠᠰᠠᠭ ᠤᠨ ᠤᠷᠳᠤᠨ᠂ ᠠᠯᠠᠱᠨ ᠠᠶᠢᠮᠠᠭ ᠤᠨ ᠵᠠᠬᠢᠷᠭ᠎ᠠ ᠲᠠᠢ ᠡᠨᠧᠷᠬᠢ ᠶᠢᠨ ᠬᠤᠷᠤᠬᠳᠠᠯ ᠢ ᠬᠤᠤᠰ ᠢᠶᠠᠷ ᠡᠵᠡᠮᠳᠡᠬᠦ ᠠᠰᠠᠭᠤᠳᠠᠯ ᠢ ᠪᠤᠯᠵᠤᠨ ᠶᠠᠷᠢᠯᠴᠠᠯ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠦᠪᠤᠷ ᠮᠤᠩᠭᠤᠯ ᠤᠨ ᠦᠪᠡᠷᠳᠡᠬᠡᠨ ᠵᠠᠰᠬᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠨᠧᠷᠬᠢ ᠠᠷᠪᠢᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠵᠠᠩ ᠱᠤᠤ ᠴᠦᠨ ᠪᠤᠯᠵᠤᠨ ᠶᠠᠷᠢᠯᠴᠠᠬᠤ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃  ᠬᠤᠷᠠᠯ ᠠᠴᠠ ᠵᠢᠭᠠᠬᠰᠠᠨ ᠨᠢ᠂ ᠦᠨᠤ ᠵᠢᠯ ᠤᠨ ᠡᠬᠢᠨ ᠤ ᠬᠠᠭᠠᠰ ᠵᠢᠯ ᠳᠤ ᠪᠦᠬᠦ ᠤᠷᠤᠨ ᠤ ᠡᠨᠧᠷᠬᠢ ᠶᠢᠨ ᠬᠤᠷᠤᠬᠳᠠᠯ  ᠢ ᠬᠤᠤᠰ ᠢᠶᠠᠷ ᠡᠵᠡᠮᠳᠡᠬᠦ ᠪᠠᠶᠢᠳᠠᠯ ᠶᠡᠷᠤᠩᠭᠡᠢ ᠳᠤ ᠪᠠᠨ ᠮᠠᠰᠢ ᠰᠠᠶᠢᠨ᠂ ᠶᠡᠷᠤᠩᠭᠡᠢ ᠬᠡᠮᠵᠢᠶ᠎ᠡ ᠪᠤᠯᠤᠨ ᠬᠦᠴᠤᠯᠡᠴᠡ ᠬᠤᠶᠠᠷ ᠵᠦᠢᠯ ᠤᠨ ᠵᠢᠭᠠᠯᠳᠠ ᠲᠤᠭ᠎ᠠ ︽ᠬᠤᠤᠰ ᠨᠤᠭᠤᠭᠠᠨ︾ ᠢ ᠪᠠᠳᠤᠯᠠᠬᠰᠠᠨ ᠪᠤᠯᠪᠠᠴᠤ ᠲᠦᠡᠭᠯᠢᠶᠤᠤ ᠬᠤᠳᠠ  ᠶᠢᠨ ᠡᠨᠧᠷᠬᠢ ᠶᠢᠨ ᠬᠤᠷᠤᠬᠳᠠᠯ ᠤᠨ ᠶᠡᠷᠤᠩᠭᠡᠢ ᠬᠡᠮᠵᠢᠶ᠎ᠡ ᠪᠤᠯᠤᠨ ᠬᠦᠴᠤᠯᠡᠴᠡ ᠬᠤᠶᠠᠷ ᠵᠦᠢᠯ ᠤᠨ ᠵᠢᠭᠠᠯᠳᠠ ᠲᠤᠭ᠎ᠠ ᠨᠢ ᠠᠬᠢᠴᠨ ᠶᠢᠨ ᠬᠠᠷᠠᠯᠳᠠ ᠳᠤ ᠬᠦᠷᠴᠤ ᠴᠢᠳᠠᠬᠰᠠᠨ ᠦᠬᠡᠢ᠂ ᠠᠯᠠᠱᠨ ᠠᠶᠢᠮᠠᠭ ᠤᠨ ᠡᠨᠧᠷᠬᠢ ᠶᠢᠨ ᠬᠤᠷᠤᠬᠳᠠᠯ ᠤᠨ ᠨᠡᠮᠡᠭᠳᠡᠯ ᠨᠢ ᠡᠬᠢᠨ ᠤ ᠬᠠᠭᠠᠰ ᠵᠢᠯ ᠤᠨ ᠡᠵᠡᠮᠳᠡᠬᠦ ᠬᠠᠷᠠᠯᠳᠠ ᠠᠴᠠ ᠲᠠᠪᠠᠵᠠᠢ᠃  ᠲᠦᠡᠭᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠠᠯᠠᠱᠨ ᠠᠶᠢᠮᠠᠭ ᠤᠨ ᠵᠠᠬᠢᠷᠭ᠎ᠠ ᠲᠡᠬᠡᠳᠤ ᠬᠡᠮᠵᠢᠶ᠎ᠡ ᠪᠠᠷ ᠬᠦᠨᠳᠤᠳᠬᠡᠵᠤ᠂ ᠬᠢᠨᠠᠮᠠᠭᠠᠢ ᠪᠠᠷ ᠰᠤᠷᠭᠠᠮᠵᠢ ᠠᠪᠴᠤ᠂ ᠰᠢᠯᠳᠠᠭᠠᠨ ᠢᠶᠠᠨ ᠬᠦᠨᠵᠡᠬᠡᠢ ᠵᠠᠳᠠᠯᠤᠨ᠂ ᠪᠦᠳᠦᠮᠵᠢᠳᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠤᠰᠢᠭᠤᠬᠠᠨ ᠴᠡᠭᠴᠡᠯᠡᠨ ᠵᠠᠰᠠᠵᠤ᠂ ᠡᠨᠧᠷᠬᠢ ᠶᠢᠨ ᠬᠤᠷᠤᠬᠳᠠᠯ ᠢ ᠬᠤᠤᠰ ᠢᠶᠠᠷ ᠡᠵᠡᠮᠳᠡᠬᠦ ᠬᠠᠷᠠᠯᠳᠠ ᠡᠬᠦᠷᠬᠡ ᠶᠢ ᠡᠷᠡᠰ ᠪᠡᠶᠡᠯᠡᠬᠦᠯᠬᠦ ᠬᠡᠷᠡᠭᠳᠡᠢ᠃  ᠬᠤᠷᠠᠯ ᠠᠴᠠ ᠱᠠᠭᠠᠷᠳᠠᠬᠰᠠᠨ ᠨᠢ᠂ ᠲᠦᠡᠭᠯᠢᠶᠤᠤ ᠬᠤᠳᠠ ᠪᠤᠯᠤᠨ ᠠᠯᠠᠱᠨ ᠠᠶᠢᠮᠠᠭ ᠤᠯᠤᠰ ᠲᠦᠷᠤ ᠶᠢᠨ ᠵᠤᠬᠰᠤᠯᠳᠠ  ᠪᠠᠨ ᠤᠯᠠᠮ ᠲᠡᠭᠡᠭᠰᠢᠯᠡᠬᠦᠯᠤᠨ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠠᠶᠢᠷᠢᠯᠠᠭᠤᠯᠤᠯᠳᠠ ᠶᠢ ᠬᠢᠨᠠᠮᠠᠭᠠᠢ ᠲᠤᠭᠤᠰᠢᠯᠠᠭᠤᠯᠵᠤ᠂ ᠡᠨᠧᠷᠬᠢ ᠶᠢᠨ ᠬᠤᠷᠤᠬᠳᠠᠯ ᠢ ᠬᠤᠤᠰ ᠢᠶᠠᠷ ᠡᠵᠡᠮᠳᠡᠬᠦ ᠶᠢ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ᠂ ᠴᠢᠨᠠᠷᠯᠢᠭ ᠬᠦᠭᠵᠢᠯᠳᠡ ᠶᠢ ᠠᠬᠢᠭᠤᠯᠬᠤ᠂ ᠨᠡᠬᠦᠷᠡᠰᠤᠳᠦ᠋ᠷᠦᠭᠴᠢ ᠶᠢ ᠤᠷᠬᠢᠯ ᠬᠡᠮᠵᠢᠭᠳᠡᠯ  ᠳᠤ ᠬᠦᠷᠬᠡᠬᠦ ᠪᠤᠯᠤᠨ ᠰᠠᠭᠠᠷᠠᠮᠠᠬᠵᠢᠭᠤᠯᠬᠤ ᠳᠤ ᠬᠦᠴᠤᠨ ᠨᠡᠮᠡᠷᠢᠯᠡᠬᠦ ᠴᠢᠬᠤᠯᠨ ᠪᠠᠷᠢᠴᠨ ᠪᠤᠯᠭᠠᠨ᠂ ᠡᠯ᠎ᠡ ᠱᠠᠳᠤᠨ ᠤ ᠵᠠᠰᠠᠭ ᠤᠨ ᠤᠷᠳᠤᠨ᠂ ᠬᠠᠮᠢᠶ᠎ᠠ ᠪᠦᠬᠦᠢ ᠰᠠᠯᠠᠭ᠎ᠠ ᠮᠦᠴᠢᠷ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠲᠦᠷᠢᠮ  ᠠᠴᠠ ᠵᠦᠷᠢᠴᠡᠬᠦ ᠶᠢ ᠴᠡᠬᠡᠷᠯᠡᠨ᠂ ᠦᠨᠳᠤᠷ ᠡᠨᠧᠷᠬᠢ ᠶᠢᠨ ᠬᠤᠷᠤᠬᠳᠠᠯ ᠢ ᠬᠢᠵᠠᠭᠠᠷᠯᠠᠨ᠂  ᠬᠤᠴᠤᠷᠤᠩᠭᠤᠢ ᠶᠢ ᠡᠵᠡᠮᠳᠡᠬᠦ᠂ ᠲᠡᠷᠢᠬᠦᠨ ᠤ ᠬᠢ ᠶᠢ ᠪᠠᠳᠤᠯᠠᠬᠤ︾ ᠵᠠᠷᠴᠢᠮ ᠢ ᠴᠢᠩᠭ᠎ᠠ ᠪᠤᠳᠠᠳᠠᠶᠢᠵᠢᠭᠤᠯᠵᠤ᠂ ᠲᠤᠬᠢᠷᠠᠭᠤᠯᠤᠨ ᠡᠵᠡᠮᠳᠡᠬᠦ ᠶᠢ ᠤᠨᠤᠪᠴᠢᠳᠠᠢ ᠬᠡᠷᠡᠭᠵᠢᠬᠦᠯᠤᠨ᠂ ᠡᠨᠧᠷᠬᠢ ᠶᠢᠨ ᠬᠤᠷᠤᠬᠳᠠᠯ ᠲᠡᠩᠳᠡᠬᠦᠤ ᠲᠦᠷᠬᠡᠨ ᠨᠡᠮᠡᠭᠳᠡᠬᠦ ᠪᠠᠶᠢᠳᠠᠯ  ᠢ ᠬᠤᠷᠢᠬᠯᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠤ ᠴᠢᠨᠠᠷᠯᠢᠭ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠠᠰᠢ ᠦᠬᠡᠢ ᠵᠠᠮᠨᠠᠬᠤ ᠬᠡᠷᠡᠭᠳᠡᠢ᠃  ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ᠂ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ  ᠪᠤᠯᠵᠤᠨ ᠶᠠᠷᠢᠯᠴᠠᠬᠤ ᠳᠤ ᠬᠠᠮᠳᠤ ᠤᠷᠤᠯᠴᠠᠬᠰᠠᠨ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号