ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ 2021 ᠤᠨ ᠤ ᠠᠷᠪᠠᠨ ᠨᠢᠬᠡᠳᠤᠬᠡᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠦᠷᠨᠢᠬᠦᠯᠵᠤ᠂ ᠰᠢ ᠶᠢᠨ ᠫᠢᠡᠭ ᠶᠡᠷᠤᠩᠭᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ  ᠤᠨ ᠲᠤᠬᠠᠢ ᠴᠢᠬᠤᠯᠨ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/8/27
ᠱᠢ ᠲᠠᠢ ᠹᠸᠡᠭ ᠬᠤᠷᠠᠯ ᠡᠷᠬᠢᠯᠡᠵᠤ᠂ ᠸᠠᠩ ᠯᠢ ᠰᠢᠶ᠋ᠨ᠂ ᠯᠢ ᠰᠢᠤ ᠯᠢᠩ ᠨᠠᠷ ᠬᠤᠷᠠᠯ ᠳᠤ ᠤᠷᠤᠯᠴᠠᠵᠠᠢ       8 ᠳ᠋ᠤᠭᠠᠷ ᠰᠠᠷ᠎ᠠ ᠶᠢᠨ 24 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ 2021 ᠤᠨ ᠤ ᠠᠷᠪᠠᠨ ᠨᠢᠬᠡᠳᠤᠬᠡᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠦᠷᠨᠢᠬᠦᠯᠵᠤ᠂ ᠰᠢ ᠶᠢᠨ ᠫᠢᠡᠭ ᠶᠡᠷᠤᠩᠭᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠨ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠰᠤᠳᠤᠯᠤᠨ ᠶᠠᠷᠢᠯᠴᠠᠵᠤ ᠰᠤᠯᠢᠯᠴᠠᠬᠰᠠᠨ ᠪᠠᠶᠢᠨ᠎ᠠ  ᠃ ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠠᠮᠳᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠯ᠎ᠠ᠃      ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠲᠡᠬᠡᠷ᠎ᠡ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠪᠦᠷᠢᠯᠳᠤᠬᠦᠨ ᠸᠠᠩ ᠯᠢ ᠰᠢᠶ᠋ᠨ᠂ ᠯᠢ ᠰᠢᠤ ᠯᠢᠩ᠂ ᠯᠢᠨ ᠱᠤᠤ ᠴᠦᠨ᠂ ᠯᠢᠤ ᠴᠢ ᠹᠠᠨ᠂ ᠮᠸᠡᠭ ᠹᠠᠨ ᠯᠢ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠵᠸᠡᠭ ᠬᠤᠨᠭ᠌ ᠹᠠᠨ᠂ ᠳ᠋ᠢᠩ ᠰᠢᠤ ᠹᠸᠡᠭ᠂ ᠮᠠ ᠴᠢᠩ ᠯᠸᠢ᠂ ᠨᠠᠰᠤᠨᠮᠦ᠋ᠡᠭᠭᠡ ᠨᠠᠷ ᠦᠬᠡ ᠬᠡᠯᠡᠵᠤ᠂ ᠪᠤᠰᠤᠳ ᠨᠦᠬᠦᠳ ᠶᠠᠷᠢᠶ᠎ᠠ ᠲᠠᠯᠪᠢᠬᠤ ᠮᠠᠲ᠋ᠧᠷᠢᠶᠠᠯ ᠢᠶᠠᠨ ᠪᠢᠴᠢᠭ ᠢᠶᠠᠷ ᠲᠡᠪᠰᠢᠬᠦᠯᠵᠡᠢ᠃ ᠤᠯᠠᠨ ᠢᠶᠠᠷ ᠢᠶᠠᠨ ᠭᠤᠤᠯ ᠰᠡᠳᠤᠪ ᠤᠨ ᠲᠤᠭᠤᠷᠢᠨ ᠳᠤ ᠬᠦᠨᠵᠡᠬᠡᠢ ᠰᠤᠯᠢᠯᠴᠠᠵᠤ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ ᠲᠤᠷᠰᠢᠯᠭ᠎ᠠ ᠰᠤᠷᠭᠠᠮᠵᠢ ᠪᠠᠨ ᠳ᠋ᠦᠡᠭᠨᠡᠵᠤ᠂ ᠠᠰᠠᠭᠤᠳᠠᠯ ᠢ ᠪᠠᠶᠢᠴᠠᠭᠠᠨ ᠵᠠᠳᠠᠯᠵᠤ᠂ ᠠᠷᠭᠠᠴᠠᠭᠠᠬᠤ ᠪᠤᠳᠤᠯᠭ᠎ᠠ ᠰᠠᠨᠠᠭᠤᠯᠭ᠎ᠠ ᠲᠤᠷᠠᠳᠤᠨ᠂ ᠰᠢ ᠶᠢᠨ ᠫᠢᠡᠭ ᠶᠡᠷᠤᠩᠭᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠨ ᠦᠬᠦᠯᠡᠯᠳᠡ ᠶᠢ ᠤᠶᠢᠯᠠᠭᠠᠨ ᠡᠵᠡᠮᠰᠢᠬᠦ ᠪᠠᠨ ᠤᠯᠠᠮ ᠬᠦᠨᠵᠡᠬᠡᠶᠢᠷᠡᠬᠦᠯᠦᠭᠰᠡᠨ ᠪᠠᠶᠢᠨ᠎ᠠ᠃      ᠱᠢ   ᠲᠠᠢ ᠹᠸᠡᠭ ᠵᠢᠭᠠᠬᠰᠠᠨ ᠨᠢ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠤᠯ ᠲᠤᠶᠢᠯ ᠤᠨ ᠴᠢᠬᠤᠯᠨ ᠠᠵᠢᠯ ᠤᠨ ᠨᠢᠬᠡ ᠪᠤᠯᠤᠨ᠎ᠠ᠂ ᠦᠵᠡᠯ ᠤᠬᠠᠮᠰᠠᠷ ᠤᠨ ᠬᠡᠯᠪᠡᠷᠢ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠬᠤ ᠪᠤᠯ ᠮᠠᠨ ᠤ ᠨᠠᠮ ᠤᠨ ᠰᠢᠯᠢᠳᠡᠭ ᠤᠯᠠᠮᠵᠢᠯᠠᠯ ᠪᠠ ᠢᠯᠡᠷᠬᠡᠢ ᠤᠯᠤᠰ ᠲᠦᠷᠤ ᠶᠢᠨ ᠲᠠᠪᠠᠭᠤᠯᠢᠭ ᠮᠥᠨ᠃ ᠪᠢᠳᠡ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠬᠠᠬᠤ ᠴᠢᠳᠠᠪᠤᠷᠢ᠂ ᠤᠯᠤᠰ ᠲᠦᠷᠤ ᠶᠢᠨ ᠬᠦᠢᠴᠡᠳᠬᠡᠬᠦ ᠴᠢᠳᠠᠪᠤᠷᠢ ᠪᠠᠨ ᠦᠨᠡᠨ ᠬᠦ ᠲᠡᠭᠡᠭᠰᠢᠯᠡᠬᠦᠯᠤᠨ᠂ ᠰᠢ ᠶᠢᠨ ᠫᠢᠡᠭ ᠶᠡᠷᠤᠩᠭᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ   ᠤᠨ ᠲᠤᠬᠠᠢ ᠦᠬᠦᠯᠡᠯᠳᠡ ᠶᠢ ᠴᠦᠬᠦᠷᠡᠰᠢ ᠦᠬᠡᠢ ᠰᠤᠷᠤᠯᠴᠠᠨ ᠲᠤᠭᠤᠰᠢᠯᠠᠭᠤᠯᠵᠤ᠂ ᠲᠡᠬᠦᠨ ᠳᠤ ᠲᠤᠭᠤᠰᠢᠯᠠᠬᠳᠠᠵᠤ ᠪᠠᠶᠢᠭ᠎ᠠ ᠮᠠᠷᠺᠰ ᠤᠨ ᠦᠵᠡᠯ ᠤᠨ ᠵᠤᠬᠰᠤᠯᠳᠠ ᠦᠵᠡᠯᠳᠡ ᠠᠷᠭ᠎ᠠ ᠶᠢ ᠴᠢᠷᠮᠠᠶᠢᠨ ᠡᠵᠡᠮᠰᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠶᠢᠯ ᠤᠨ ᠴᠢᠬᠤᠯᠨ ᠴᠢᠨᠠᠷ ᠂ ᠪᠠᠶᠢᠳᠠᠯ ᠤᠨ ᠪᠤᠳᠤᠯᠢᠶᠠᠨᠳᠤ ᠴᠢᠨᠠᠷ᠂ ᠡᠬᠦᠷᠬᠡ ᠶᠢᠨ ᠬᠠᠳᠠᠭᠤᠵᠢᠯᠳᠤ ᠴᠢᠨᠠᠷ ᠤᠨ ᠲᠤᠬᠠᠢ ᠲᠠᠨᠢᠯᠳᠠ ᠪᠠᠨ ᠲᠠᠰᠤᠷᠠᠯᠳᠠ ᠦᠬᠡᠢ ᠬᠦᠨᠵᠡᠬᠡᠶᠢᠷᠡᠬᠦᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠬᠢ ᠪᠠᠶᠢᠳᠠᠯ ᠤᠨ ᠬᠤᠪᠢᠷᠠᠯᠳᠠ ᠶᠢ ᠤᠨᠤᠪᠴᠢᠳᠠᠢ ᠡᠵᠡᠮᠳᠡᠵᠤ᠂ ᠦᠵᠡᠯ ᠤᠬᠠᠮᠰᠠᠷ ᠤᠨ ᠬᠡᠯᠪᠡᠷᠢ ᠶᠢᠨ ᠲᠠᠯ᠎ᠠ ᠠᠴᠠ ᠠᠰᠠᠭᠤᠳᠠᠯ ᠢ ᠰᠤᠳᠤᠯᠬᠤ᠂ ᠲᠦᠭᠰᠢᠬᠦᠷᠢ ᠶᠢ ᠰᠤᠳᠤᠯᠤᠨ ᠮᠠᠭᠠᠳᠯᠠᠬᠤ ᠳᠤ ᠪᠠᠨ ᠴᠢᠳᠠᠮᠠᠭᠠᠢ ᠪᠠᠶᠢᠬᠤ ᠬᠡᠷᠡᠭᠳᠡᠢ᠂ ᠲᠤᠶᠢᠯ ᠢᠶᠠᠷ ᠪᠤᠯᠭᠤᠮᠵᠢᠯᠠᠨ ᠬᠢᠴᠢᠶᠡᠬᠦ ᠪᠠ ᠤᠴᠢᠷ ᠶᠠᠪᠤᠳᠠᠯ ᠡᠬᠦᠰᠬᠦ ᠠᠴᠠ ᠡᠮᠦᠨ᠎ᠡ ᠤᠷᠢᠳᠴᠢᠯᠠᠨ ᠰᠡᠷᠬᠡᠶᠢᠯᠡᠬᠦ ᠶᠢ ᠢᠮᠠᠬᠳᠠ ᠪᠠᠷᠢᠮᠳᠠᠯᠠᠵᠤ᠂ ᠤᠯᠤᠰ ᠲᠦᠷᠤ ᠶᠢᠨ ᠦᠨᠳᠤᠷᠴᠨ ᠠᠴᠠ᠂ ᠴᠢᠩᠭ᠎ᠠ ᠬᠠᠷᠢᠭᠤᠴᠠᠯᠭᠠᠳᠤ ᠰᠡᠳᠬᠢᠯᠬᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠤᠷ ᠠᠳᠬᠤᠬᠤ ᠬᠡᠷᠡᠭᠳᠡᠢ᠃      ᠱᠢ ᠲᠠᠢ ᠹᠸᠡᠭ ᠴᠢᠬᠤᠯᠠᠴᠢᠯᠠᠬᠰᠠᠨ ᠨᠢ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠭᠤᠤᠯᠳᠠᠯᠭ᠎ᠠ ᠪᠤᠯᠭᠠᠵᠤ᠂ ᠰᠢᠨ᠎ᠡ ᠪᠠᠶᠢᠳᠠᠯ ᠲᠤᠤᠷᠠᠬᠢ ᠦᠵᠡᠯ ᠤᠬᠠᠮᠰᠠᠷ ᠤᠨ ᠬᠡᠯᠪᠡᠷᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠂ ᠦᠵᠡᠯ ᠤᠬᠠᠮᠰᠠᠷ ᠤᠨ ᠬᠦᠷᠢᠶᠡᠨ  ᠳᠤ ᠬᠢ ᠲᠡᠮᠡᠴᠡᠯ ᠤᠨ ᠰᠠᠨᠠᠭᠠᠴᠢᠯᠭᠠᠳᠤ ᠲᠠᠶᠢᠯᠠᠯᠳᠤᠭᠠᠨ ᠢ ᠡᠷᠡᠰ ᠰᠠᠶᠢᠳᠤᠷ ᠬᠢᠬᠦ ᠬᠡᠷᠡᠭᠳᠡᠢ᠃ ᠭᠤᠤᠯ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠤ ᠦᠬᠡ ᠶᠠᠷᠢᠶ᠎ᠠ ᠶᠢ ᠬᠦᠳᠤᠯᠤᠨ ᠲᠠᠭᠠᠭᠤᠯᠬᠤ ᠬᠦᠴᠤᠨ ᠢ ᠬᠦᠴᠤᠯᠡᠨ ᠴᠢᠩᠭᠠᠳᠬᠠᠵᠤ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠬᠡᠳᠬᠡᠨ ᠰᠦᠭ ᠰᠦᠨᠡᠰᠤ ᠶᠢ ᠱᠤᠭᠤᠬᠤ ᠶᠢ ᠪᠠᠷᠢᠮᠳᠠᠯᠠᠵᠤ᠂ ᠤᠨᠤᠯ ᠤᠨ ᠰᠦᠯᠵᠢᠶᠡᠨ ᠲᠡᠬᠡᠷᠡᠬᠢ ︽ᠬᠠᠨᠭ᠍ᠭᠠᠯᠭ᠎ᠠ ᠶᠢᠨ ᠬᠦᠴᠤᠨ︾ ᠪᠤᠯᠤᠨ ︽ᠲᠠᠶᠢᠯᠪᠤᠷᠢᠯᠠᠬᠤ ᠬᠦᠴᠤᠨ︾ ᠢ ᠲᠠᠰᠤᠷᠠᠯᠳᠠ ᠦᠬᠡᠢ ᠲᠡᠭᠡᠭᠰᠢᠯᠡᠬᠦᠯᠤᠨ᠂ ᠡᠯ᠎ᠡ ᠲᠦᠷᠤᠯ ᠤᠨ ᠤᠬᠠᠭᠤᠯᠭ᠎ᠠ ᠦᠨᠡᠨ ᠬᠦ ᠨᠦᠯᠦᠬᠡ ᠭᠠᠷᠭᠠᠵᠤ᠂ ᠬᠦᠷᠢᠶᠡᠯᠡᠯ ᠤᠯᠵᠤ᠂ ᠬᠠᠮᠳᠤ ᠶᠢᠨ ᠲᠤᠰᠬᠠᠯ ᠭᠠᠷᠭᠠᠬᠤ ᠶᠢ ᠪᠠᠳᠤᠯᠠᠨ᠂ ᠮᠠᠷᠺᠰ ᠤᠨ ᠦᠵᠡᠯ ᠤᠨ ᠦᠵᠡᠯ ᠤᠬᠠᠮᠰᠠᠷ  ᠤᠨ ᠬᠦᠷᠢᠶᠡᠨ ᠳᠤ ᠬᠢ ᠵᠢᠯᠤᠭᠤᠳᠬᠤ ᠪᠠᠶᠢᠷᠢ ᠰᠠᠭᠤᠷᠢ ᠶᠢ ᠲᠠᠰᠤᠷᠠᠯᠳᠠ ᠦᠬᠡᠢ ᠪᠠᠬᠢᠵᠢᠬᠦᠯᠬᠦ ᠬᠡᠷᠡᠭᠳᠡᠢ᠃ ᠭᠤᠤᠯ ᠵᠠᠭᠤᠴᠢᠯᠠᠭᠤᠷ ᠤᠨ ᠰᠦᠯᠵᠢᠶᠡᠨ ᠤ ᠶᠠᠷᠢᠶ᠎ᠠ ᠬᠡᠯᠡᠯᠴᠡᠭᠡ ᠶᠢ ᠬᠦᠳᠤᠯᠤᠨ ᠵᠢᠯᠤᠭᠤᠳᠬᠤ ᠬᠦᠴᠤᠨ ᠢ ᠴᠢᠷᠮᠠᠶᠢᠨ ᠴᠢᠩᠭᠠᠳᠬᠠᠵᠤ᠂ ᠵᠦᠪ ᠤᠯᠤᠰ ᠲᠦᠷᠤ ᠶᠢᠨ ᠴᠢᠭᠯᠡᠯ᠂ ᠶᠠᠷᠢᠶ᠎ᠠ ᠬᠡᠯᠡᠯᠴᠡᠬᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠡᠷᠡᠰ ᠪᠠᠷᠢᠮᠳᠠᠯᠠᠨ᠂ ᠲᠠᠮᠵᠢᠭᠤᠯᠭ᠎ᠠ ᠶᠢᠨ ᠠᠷᠭ᠎ᠠ ᠪᠠᠷᠢᠯ ᠪᠤᠯᠤᠨ ᠦᠬᠡ ᠬᠡᠯᠡᠬᠦ ᠬᠡᠯᠪᠡᠷᠢ ᠶᠢᠨ ᠰᠢᠨ᠎ᠡ  ᠶᠢ ᠡᠬᠦᠳᠬᠦ ᠶᠢ ᠴᠢᠩᠭᠠᠳᠬᠠᠨ᠂ ᠰᠦᠯᠵᠢᠶᠡᠨ ᠤ ᠤᠷᠤᠨ ᠵᠠᠢ ᠳᠤ ᠢᠳᠡᠪᠬᠢᠳᠡᠢ᠂ ᠡᠷᠡᠬᠦᠯ ᠭᠤᠤᠯ ᠶᠠᠷᠢᠶ᠎ᠠ ᠬᠡᠯᠡᠯᠴᠡᠭᠡ ᠶᠢ ᠪᠦᠷᠢᠯᠳᠤᠬᠦᠯᠤᠨ ᠬᠦᠭᠵᠢᠬᠦᠯᠬᠦ ᠬᠡᠷᠡᠭᠳᠡᠢ᠃ ᠭᠤᠤᠯᠯᠠᠨ ᠬᠠᠮᠢᠶᠠᠷᠴᠤ ᠭᠤᠤᠯᠯᠠᠨ ᠡᠷᠬᠢᠯᠡᠬᠦ ᠪᠠ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠵᠢᠬᠰᠠᠭᠠᠯ  ᠤᠨ ᠭᠠᠵᠠᠷ ᠤᠨ ᠬᠠᠮᠢᠶᠠᠷᠤᠯᠳᠠ ᠶᠢᠨ ᠲᠤᠳᠠᠭᠤᠳᠠᠯ ᠢ ᠭᠤᠤᠯᠳᠠᠯᠭ᠎ᠠ ᠲᠠᠢ ᠨᠦᠬᠦᠪᠤᠷᠢᠯᠡᠨ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ︽ᠬᠠᠮᠠᠭᠠᠯᠠᠯᠳᠠ ᠶᠢᠨ ᠲᠤᠤᠷ︾ ᠢ ᠨᠢᠬᠳᠠ ᠪᠦᠬᠡᠳ ᠪᠠᠳᠤ ᠰᠦᠯᠵᠢᠵᠤ᠂ ︽ᠱᠠᠯᠢᠭ ᠵᠠᠪᠠᠭ᠋ᠠᠢ ᠵᠦᠢᠯ ᠢ ᠠᠷᠢᠯᠭᠠᠵᠤ᠂ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠭᠦ︾ ᠲᠡᠮᠡᠴᠡᠯ ᠢ ᠬᠦᠨᠵᠡᠬᠡᠢ ᠠᠬᠢᠭᠤᠯᠤᠨ᠂ ᠨᠡᠶᠢᠬᠡᠮ ᠤᠨ ᠰᠤᠶᠤᠯ ᠤᠨ ᠤᠷᠴᠢᠨ ᠲᠤᠭᠤᠷᠢᠨ ᠢ ᠦᠷᠬᠦᠯᠵᠢᠯᠡᠨ ᠴᠡᠪᠡᠷᠰᠢᠬᠦᠯᠬᠦ ᠬᠡᠷᠡᠭᠳᠡᠢ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠬᠦᠷᠢ ᠶᠢ ᠰᠡᠷᠬᠡᠶᠢᠯᠡᠬᠦ ᠴᠢᠳᠠᠪᠤᠷᠢ ᠶᠢ ᠬᠦᠴᠤᠯᠡᠨ ᠴᠢᠩᠭᠠᠳᠬᠠᠵᠤ᠂ ᠺᠠᠳ᠋ᠷ ᠤᠨ ᠰᠦᠯᠵᠢᠶᠡᠨ ᠤ ᠠᠮᠤᠷ ᠲᠦᠪᠰᠢᠨ ᠤ ᠬᠦᠮᠤᠵᠢᠯ ᠂ ᠪᠤᠯᠪᠠᠰᠤᠷᠠᠯ᠂ ᠰᠤᠷᠢᠯᠳᠠ ᠵᠡᠷᠬᠡ ᠠᠵᠢᠯ ᠤᠨ ᠰᠢᠰᠲ᠋ᠧᠮᠳᠤ ᠴᠢᠨᠠᠷ ᠢ ᠪᠠᠶᠢᠡᠭᠭᠤ ᠠᠳᠬᠤᠵᠤ᠂ ᠡᠯ᠎ᠡ ᠱᠠᠳᠤᠨ ᠤ ᠤᠳᠤᠷᠢᠳᠬᠤ ᠺᠠᠳ᠋ᠷ ᠤᠨ ᠢᠳᠡᠪᠬᠢ ᠬᠦᠴᠤᠨ ᠢ ᠡᠵᠡᠮᠳᠡᠬᠦ ᠪᠤᠯ ᠶᠡᠷᠤᠩᠭᠡᠢ ᠱᠠᠭᠠᠷᠳᠠᠯᠭ᠎ᠠ᠂ ᠬᠠᠮᠢᠶᠡᠷᠴᠤ ᠲᠡᠶᠢᠯᠬᠦ ᠪᠤᠯ ᠬᠠᠳᠠᠭᠤ ᠶᠤᠰᠤ᠂ ᠰᠠᠶᠢᠳᠤᠷ ᠬᠡᠷᠡᠭᠯᠡᠬᠦ ᠪᠤᠯ ᠵᠢᠩᠭᠢᠨᠢ ᠴᠢᠳᠠᠪᠤᠷᠢ ᠪᠤᠯᠬᠤ ᠶᠢ ᠲᠤᠳᠤᠭᠠᠳᠤ ᠰᠠᠨᠠᠭᠠᠴᠢᠯᠭᠠᠳᠤ ᠴᠢᠨᠠᠷ ᠪᠠ ᠶᠡᠷᠤᠩᠭᠡᠶᠢᠯᠡᠭᠰᠡᠨ ᠴᠢᠳᠠᠪᠤᠷᠢ ᠪᠤᠯᠭᠠᠨ ᠬᠤᠪᠢᠷᠠᠭᠤᠯᠬᠤ ᠶᠢ ᠬᠦᠮᠤᠵᠢᠬᠦᠯᠵᠤ ᠬᠦᠳᠤᠯᠤᠨ ᠵᠢᠯᠤᠭᠤᠳᠬᠤ ᠬᠡᠷᠡᠭᠳᠡᠢ᠃               ᠱᠢ ᠲᠠᠢ ᠹᠸᠡᠭ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤ ᠴᠤᠬᠴᠠᠯᠠᠬᠤ ᠶᠢᠨ ᠲᠤᠭᠤᠷᠢᠨ ᠳᠤ᠂ ᠦᠨᠳᠤᠰᠤᠳᠡᠨ ᠤ ᠬᠦᠷᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠨᠳᠤᠯᠭᠠᠳᠤ ᠴᠢᠨᠠᠷᠳᠠᠢ ᠪᠠᠷ ᠴᠢᠩᠭᠠᠳᠬᠠᠨ ᠰᠠᠶᠢᠵᠢᠷᠠᠭᠤᠯᠵᠤ᠂ ᠦᠨᠳᠤᠰᠤᠳᠡᠨ ᠤ ᠪᠦᠯᠬᠦᠮᠮᠳᠡᠯ ᠲᠠᠪᠰᠢᠯᠳᠠ ᠶᠢᠨ ᠦᠵᠡᠯ ᠰᠠᠨᠠᠭ᠎ᠠ᠂ ᠤᠯᠤᠰ ᠲᠦᠷᠤ ᠶᠢᠨ ᠪᠠᠶᠢᠷᠢ ᠰᠠᠭᠤᠷᠢ ᠶᠢ ᠲᠠᠰᠤᠷᠠᠯᠳᠠ ᠦᠬᠡᠢ ᠪᠠᠬᠢᠵᠢᠬᠦᠯᠬᠦ ᠬᠡᠷᠡᠭᠳᠡᠢ᠃ ᠮᠠᠨ ᠤ ᠤᠷᠤᠨ ᠤ ᠦᠨᠳᠤᠰᠤᠳᠡᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠶᠢᠨ ᠬᠡᠯᠪᠡᠷᠢᠯ ᠵᠦᠷᠢᠶ᠎ᠡ ᠶᠢ ᠡᠷᠡᠰ ᠲᠤᠶᠢᠯᠪᠤᠷᠢᠳᠠᠢ ᠵᠠᠯᠠᠷᠠᠭᠤᠯᠵᠤ᠂ ᠲᠦᠪ ᠤᠨ ᠵᠤᠷᠢᠭ ᠰᠠᠨᠠᠭ᠎ᠠ ᠪᠠᠷ ᠪᠠᠷᠢᠮᠵᠢᠶᠠᠯᠠᠨ ᠬᠠᠷᠭᠤᠭᠤᠯᠵᠤ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠬᠦᠨᠵᠡᠬᠡᠢ ᠴᠡᠭᠴᠡᠯᠡᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ᠦᠨᠳᠤᠰᠤᠳᠡᠨ  ᠤ ᠠᠵᠢᠯ ᠢ ᠰᠠᠶᠢᠳᠤᠷ ᠬᠢᠬᠦ ᠲᠤᠬᠠᠢ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ  ᠶᠢ ᠰᠠᠶᠢᠳᠤᠷ ᠤᠬᠠᠭᠤᠯᠤᠨ ᠲᠤᠭᠤᠰᠢᠯᠠᠭᠤᠯᠵᠤ᠂ ᠺᠠᠳ᠋ᠷ ᠤᠯᠠᠨ ᠲᠦᠮᠡᠨ ᠤ ᠪᠤᠷᠤᠭᠤ ᠲᠠᠨᠢᠯᠳᠠ ᠪᠠᠨ ᠴᠠᠭᠠᠰᠢᠳᠠ ᠵᠠᠯᠠᠷᠠᠭᠤᠯᠤᠨ᠂ ᠪᠠᠯᠠᠷᠬᠠᠢ ᠲᠠᠨᠢᠯᠳᠠ ᠪᠠᠨ ᠲᠤᠩᠭᠠᠵᠤ᠂ ᠦᠵᠡᠯ ᠰᠠᠨᠠᠭ᠎ᠠ ᠲᠠᠨᠢᠯᠳᠠ ᠪᠠᠨ ᠨᠢᠬᠡᠳᠬᠡᠬᠦ ᠶᠢ ᠬᠦᠮᠤᠵᠢᠬᠦᠯᠤᠨ ᠵᠢᠯᠤᠭᠤᠳᠬᠤ ᠬᠡᠷᠡᠭᠳᠡᠢ᠃ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠤᠨ ᠬᠦᠮᠤᠵᠢᠯ ᠢ ᠦᠷᠬᠦᠯᠵᠢᠯᠡᠨ ᠬᠦᠨᠵᠡᠬᠡᠶᠢᠷᠡᠬᠦᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠲᠤᠬᠠᠢ ᠤᠬᠠᠭᠤᠯᠤᠨ ᠲᠠᠶᠢᠯᠪᠤᠷᠢᠯᠠᠬᠤ ᠶᠢ ᠲᠤᠪᠤᠶᠢᠮ᠎ᠠ ᠰᠠᠶᠢᠳᠤᠷ ᠠᠳᠬᠤᠨ᠂ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ   ᠪᠠᠷ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠶᠢ ᠪᠠᠷᠢᠮᠳᠠᠯᠠᠨ᠂ ᠤᠯᠤᠰ  ᠤᠨ ᠨᠢᠬᠡᠳᠤᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠪᠤᠯᠤᠨ ᠬᠤᠯᠪᠤᠬᠳᠠᠯ ᠪᠦᠬᠦᠢ ᠢᠵᠢ ᠪᠦᠷᠢᠯᠳᠤᠬᠦᠯᠬᠦ ᠦᠬᠡᠷᠡᠴᠢᠯᠡᠯᠳᠡ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ᠃ ᠦᠨᠳᠤᠰᠤᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠦᠪᠤᠷ ᠮᠤᠩᠭᠤᠯ ᠤᠨ ᠪᠤᠳᠠᠳᠤ ᠪᠠᠶᠢᠳᠠᠯ ᠲᠠᠢ ᠨᠢᠬᠳᠠ ᠤᠶᠠᠯᠳᠤᠭᠤᠯᠵᠤ ᠪᠠᠶᠢᠭᠠᠳ ᠲᠤᠮᠳᠠᠳᠤ ᠶᠢᠨ ᠦᠨᠳᠤᠰᠤᠳᠡᠨ ᠤ ᠤᠯᠠᠨ ᠡᠰᠢᠳᠤ ᠨᠢᠬᠡ ᠴᠤᠬᠴᠠᠵᠢᠬᠰᠠᠨ ᠪᠠᠶᠢᠷᠢᠰᠢᠯ ᠢ ᠲᠤᠳᠤᠷᠬᠠᠶᠢᠯᠠᠨ ᠲᠠᠶᠢᠯᠪᠤᠷᠢᠯᠠᠬᠤ ᠪᠠᠨ ᠴᠢᠩᠭᠠᠳᠬᠠᠨ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠡᠬᠦᠳᠤᠨ ᠪᠠᠶᠢᠭᠤᠯᠬᠤ ᠠᠵᠢᠯ ᠢ ᠪᠤᠳᠠᠳᠠᠢ ᠨᠠᠷᠢᠯᠢᠭ ᠬᠢᠵᠤ᠂ ᠨᠠᠮ  ᠤᠨ ᠪᠠᠶᠢᠭᠤᠯᠤᠯᠳᠠ ᠶᠢ ᠠᠳᠬᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠬᠤ᠂ ᠦᠨᠳᠤᠰᠤᠨ ᠱᠠᠳᠤᠨ ᠤ ᠵᠠᠰᠠᠯᠳᠠ ᠶᠢ ᠠᠬᠢᠭᠤᠯᠬᠤ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠰᠡᠳᠬᠢᠮᠵᠢ᠂ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠤᠨ᠂ ᠪᠦᠬᠦ ᠤᠯᠤᠰ ᠲᠤ ︽ᠲᠤᠮᠳᠠᠳᠤ ᠶᠢᠨ ᠦᠨᠳᠤᠰᠤᠳᠡᠨ ᠨᠢᠬᠡ ᠬᠡᠷ ᠪᠦᠯᠢ ᠮᠡᠳᠤ᠂ ᠨᠢᠬᠡ ᠰᠡᠳᠬᠢᠯ ᠢᠶᠠᠷ ᠲᠤᠮᠳᠠᠳᠤ ᠶᠢᠨ ᠵᠡᠬᠦᠳᠤ ᠶᠢ ᠬᠠᠮᠳᠤ ᠪᠠᠷ ᠲᠡᠷᠭᠡᠯᠰᠢᠬᠦᠯᠬᠦ︾ ᠭᠤᠤᠯ ᠬᠦᠭ ᠠᠶᠠᠰ ᠢ ᠴᠢᠪᠬᠠᠳᠠᠬᠤ ᠬᠡᠷᠡᠭᠳᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠢᠳᠡᠪᠬᠢᠳᠡᠢ ᠪᠠᠷ ᠦᠬᠡᠷᠡᠴᠢᠯᠡᠯᠳᠡ ᠬᠢᠵᠤ ᠰᠢᠨ᠎ᠡ ᠶᠢ ᠡᠬᠦᠳᠤᠨ᠂ ᠡᠩᠨᠡᠬᠡᠨ ᠤ ᠪᠠᠶᠢᠭᠤᠯᠤᠯᠳᠠ ᠶᠢ ᠰᠠᠶᠢᠳᠤᠷ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠬᠦ ᠬᠡᠷᠡᠭᠳᠡᠢ ᠭᠡᠵᠤ ᠴᠢᠬᠤᠯᠠᠴᠢᠯᠠᠯ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号