ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠬᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠳᠤ  ᠶᠢᠨ ᠴᠢᠬᠤᠯᠨ ᠠᠮᠢ ᠠᠬᠤᠢ ᠶᠢᠨ ᠬᠠᠯᠬᠠᠪᠴᠢ ᠶᠢ ᠪᠠᠳᠤ ᠴᠤᠬᠴᠠᠯᠠᠬᠤ ᠬᠠᠮᠳᠤᠷᠠᠯᠴᠠᠭᠠᠨ ᠤ ᠪᠦᠳᠦᠬᠦᠪᠴᠢ ᠬᠡᠯᠡᠯᠴᠡᠬᠡᠷ︾ ᠲᠤ ᠭᠠᠷ ᠤᠨ ᠦᠰᠦᠭ ᠵᠢᠷᠤᠬᠤ ᠶᠤᠰᠤᠯᠠᠯ ᠬᠦᠬᠡᠬᠤᠳᠠ ᠳᠤ ᠶᠠᠪᠤᠬᠳᠠᠵᠤ᠂ ᠱᠢ ᠲᠠᠢ ᠹᠸᠡᠭ ᠂ ᠰᠦᠨ ᠶᠢᠨ ᠯᠢᠶᠡᠩ᠂ ᠸᠡᠩ ᠯᠢ ᠰᠢᠶ᠋ᠨ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2021/8/27
     8  ᠳ᠋ᠤᠭᠠᠷ ᠰᠠᠷ᠎ᠠ ᠶᠢᠨ 24 ᠤ ᠡᠳᠤᠷ᠂ ᠠᠮᠢ ᠠᠬᠤᠢ ᠶᠢᠨ ᠤᠷᠴᠢᠨ ᠲᠤᠭᠤᠷᠢᠨ ᠤ ᠶᠠᠮᠤᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠬᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠨ ᠠᠮᠢ ᠠᠬᠤᠢ ᠶᠢᠨ ᠬᠠᠯᠬᠠᠪᠴᠢ ᠶᠢ ᠪᠠᠳᠤ ᠴᠤᠬᠴᠠᠯᠠᠬᠤ ᠬᠠᠮᠳᠤᠷᠠᠯᠴᠠᠭᠠᠨ ᠤ ᠪᠦᠳᠦᠬᠦᠪᠴᠢ ᠬᠡᠯᠡᠯᠴᠡᠬᠡᠷ︾ ᠲᠤ ᠭᠠᠷ ᠤᠨ ᠦᠰᠦᠭ ᠵᠢᠷᠤᠬᠤ ᠶᠤᠰᠤᠯᠠᠯ ᠬᠦᠬᠡᠬᠳᠳᠠ ᠳᠤ ᠶᠠᠪᠤᠬᠳᠠᠯ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ  ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ᠂ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠰᠦᠨ ᠶᠢᠨ ᠯᠦᠡᠭ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ  ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠡᠷᠢᠬᠦᠯᠡᠭᠴᠢ ᠸᠠᠩ ᠯᠢ ᠰᠢᠶ᠋ᠨ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠬᠰᠠᠨ ᠪᠠᠶᠢᠨ᠎ᠠ᠃
ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ  ᠤ ᠡᠷᠬᠢᠯᠡᠭᠴᠢ ᠱᠢ ᠲᠠᠢ ᠹᠸᠡᠭ᠂ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠰᠦᠨ ᠶᠢᠨ ᠯᠦᠡᠭ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠡᠷᠢᠬᠦᠯᠡᠭᠴᠢ ᠸᠠᠩ ᠯᠢ ᠰᠢᠶ᠋ᠨ ᠬᠦᠬᠡᠬᠤᠳᠠ ᠳᠤ ᠠᠮᠢ ᠠᠬᠤᠢ ᠤᠷᠴᠢᠨ ᠲᠤᠭᠤᠷᠢᠨ ᠤ ᠶᠠᠮᠤᠨ ᠪᠤᠯᠤᠨ ᠦᠪᠤᠷ ᠮᠤᠩᠭᠤᠯ ᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠬᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠨ ᠠᠮᠢ ᠠᠬᠤᠢ ᠶᠢᠨ ᠬᠠᠯᠬᠠᠪᠴᠢ  ᠶᠢ ᠪᠠᠳᠤ ᠴᠤᠬᠴᠠᠯᠠᠬᠤ ᠬᠠᠮᠳᠤᠷᠠᠯᠴᠠᠭᠠᠨ ᠤ ᠪᠦᠳᠦᠬᠦᠪᠴᠢ ᠬᠡᠯᠡᠯᠴᠡᠬᠡᠷ︾ ᠲᠤ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠵᠤ ᠪᠠᠶᠢᠭ᠎ᠠ ᠨᠢ᠃       ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂  ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠵᠠᠩ ᠱᠤᠤ ᠴᠦᠨ ᠭᠠᠷ ᠤᠨ ᠦᠰᠦᠭ ᠵᠢᠷᠤᠬᠤ ᠶᠤᠰᠤᠯᠠᠯ ᠢ ᠡᠷᠬᠢᠯᠡᠵᠡᠢ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠳ᠋ᠢᠩ ᠰᠢᠤ ᠹᠸᠡᠭ ᠪᠤᠯᠤᠨ ᠠᠮᠢ ᠠᠬᠤᠢ ᠤᠷᠴᠢᠨ ᠲᠤᠭᠤᠷᠢᠨ ᠤ ᠶᠠᠮᠤᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠵᠠᠢ᠃         ᠭᠠᠷ ᠤᠨ ᠦᠰᠦᠭ ᠵᠢᠷᠤᠬᠤ ᠶᠤᠰᠤᠯᠠᠯ ᠲᠡᠬᠡᠷ᠎ᠡ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠲᠡᠳ᠋ ᠰᠠᠶᠢᠳ ᠵᠤᠤ ᠶᠢᠩ ᠮᠢᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠨᠭ᠌ ᠲᠤᠰ ᠲᠤᠰ ᠠᠮᠢ ᠠᠬᠤᠢ ᠤᠷᠴᠢᠨ ᠲᠤᠭᠤᠷᠢᠨ ᠤ ᠶᠠᠮᠤᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠬᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠨ ᠠᠮᠢ ᠠᠬᠤᠢ ᠶᠢᠨ ᠬᠠᠯᠬᠠᠪᠴᠢ ᠶᠢ ᠪᠠᠳᠤ ᠴᠤᠬᠴᠠᠯᠠᠬᠤ ᠬᠠᠮᠳᠤᠷᠠᠯᠴᠠᠭᠠᠨ ᠤ ᠪᠦᠳᠦᠬᠦᠪᠴᠢ ᠬᠡᠯᠡᠯᠴᠡᠬᠡᠷ︾ ᠲᠤ ᠭᠠᠷ ᠤᠨ ᠦᠰᠦᠭ ᠵᠢᠷᠤᠯ᠎ᠠ᠃ ᠲᠤᠰ ᠤᠳᠠᠭᠠᠨ ᠤ ᠬᠠᠮᠳᠤᠷᠠᠯᠴᠠᠭᠠᠨ ᠤ ᠪᠦᠳᠦᠬᠦᠪᠴᠢ ᠬᠡᠯᠡᠯᠴᠡᠬᠡᠷ ᠢ ᠲᠤᠬᠳᠠᠬᠰᠠᠨ ᠨᠢ ᠦᠪᠤᠷ ᠮᠤᠩᠭᠤᠯ ᠤᠨ ᠤᠯᠤᠰ  ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠲᠠᠢ ᠨᠡᠶᠢᠯᠡᠯᠴᠡᠬᠦ ᠴᠡᠭ ᠢ ᠤᠯᠠᠮ ᠤᠨᠤᠪᠴᠢᠳᠠᠢ ᠡᠷᠢᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷᠯᠢᠭ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠰᠠᠶᠢᠳᠤᠷ ᠵᠠᠮᠨᠠᠬᠤ ᠳᠤ ᠴᠢᠬᠤᠯᠨ ᠠᠬᠢᠭᠤᠯᠬᠤ ᠦᠢᠯᠡᠳᠤᠯ ᠲᠠᠢ ᠪᠠᠶᠢᠵᠤ᠂ ᠮᠠᠨ ᠤ ᠤᠷᠤᠨ ᠤ ᠠᠵᠤ ᠠᠬᠤᠢ ᠶᠢᠨ ᠴᠢᠨᠠᠷᠯᠢᠭ ᠬᠦᠭᠵᠢᠯᠳᠡ ᠳᠤ ᠬᠦᠴᠤᠷᠭᠡᠭ ᠶᠡᠭᠡ ᠬᠦᠳᠡᠯᠬᠡᠬᠦ ᠬᠦᠴᠤᠨ ᠨᠡᠮᠡᠷᠢᠯᠡᠬᠦ ᠨᠢ ᠯᠠᠪᠳᠠᠢ ᠶᠤᠮ᠃ ᠠᠮᠢ ᠠᠬᠤᠢ ᠶᠢᠨ ᠤᠷᠴᠢᠨ ᠲᠤᠭᠤᠷᠢᠨ ᠤ ᠶᠠᠮᠤᠨ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ︽ᠠᠮᠢ ᠠᠬᠤᠢ ᠶᠢᠨ ᠤᠷᠴᠢᠨ ᠲᠤᠭᠤᠷᠢᠨ ᠤ ᠲᠠᠪᠰᠢᠯᠳᠠ ᠶᠢ ᠪᠡᠶᠡᠯᠡᠬᠦᠯᠬᠦ︾ ᠪᠠᠷ ᠬᠠᠷᠠᠯᠳᠠ ᠪᠤᠯᠭᠠᠨ ᠬᠠᠮᠳᠤᠷᠠᠯᠴᠠᠭᠠᠨ ᠤ ᠪᠦᠳᠦᠬᠦᠪᠴᠢ ᠬᠡᠯᠡᠯᠴᠡᠬᠡᠷ ᠲᠤ ᠭᠠᠷ ᠤᠨ ᠦᠰᠦᠭ ᠵᠢᠷᠤᠭᠰᠠᠨ ᠨᠢ ᠬᠤᠶᠠᠷ ᠲᠠᠯ᠎ᠠ ᠪᠠᠷ ᠢᠶᠠᠨ ᠶᠠᠮᠤᠨ ᠤᠷᠤᠨ ᠤ ᠬᠤᠯᠪᠤᠭᠠᠯᠠᠨ ᠬᠦᠳᠡᠯᠤᠯᠴᠡᠬᠦ ᠶᠢ ᠴᠢᠩᠭᠠᠳᠬᠠᠨ᠂ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠬᠦ᠂ ᠠᠮᠢ ᠠᠬᠤᠢ  ᠶᠢᠨ ᠪᠤᠯᠪᠠᠰᠤᠨ ᠤ ᠪᠠᠶᠢᠭᠤᠯᠤᠯᠳᠠ ᠳᠤ ᠬᠦᠴᠤᠨ ᠨᠡᠮᠡᠷᠢᠯᠡᠬᠦ ᠴᠢᠬᠤᠯᠨ ᠶᠡᠭᠡ ᠠᠷᠭ᠎ᠠ ᠬᠡᠮᠵᠢᠶ᠎ᠡ ᠪᠤᠯᠤᠨ᠎ᠠ᠃ ᠦᠪᠤᠷ ᠮᠤᠩᠭᠤᠯ ᠶᠠᠮᠤᠨ ᠤᠷᠤᠨ ᠤ ᠬᠠᠮᠳᠤᠷᠠᠯᠴᠠᠭ᠎ᠠ ᠶᠢ ᠨᠠᠶᠢᠳᠠᠪᠤᠷᠢᠵᠢᠭᠤᠯᠬᠤ ᠪᠠᠷ ᠠᠵᠨ ᠲᠤᠬᠢᠶᠠᠯ ᠪᠤᠯᠭᠠᠨ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠤ ᠠᠮᠢ ᠠᠬᠤᠢ ᠤᠷᠴᠢᠨ ᠲᠤᠭᠤᠷᠢᠨᠨ ᠤ ᠬᠠᠮᠠᠭᠠᠯᠠᠯᠳᠠ ᠶᠢᠨ ᠬᠠᠷᠠᠯᠳᠠ ᠡᠬᠦᠷᠬᠡ ᠳᠤ ᠠᠩᠬᠠᠷᠤᠯ ᠢᠶᠠᠨ ᠲᠦᠪᠯᠡᠷᠡᠬᠦᠯᠤᠨ᠂ ᠠᠮᠢ ᠠᠬᠤᠢ ᠤᠷᠴᠢᠨ ᠲᠤᠭᠤᠷᠢᠨ  ᠤ ᠶᠠᠮᠤᠨ ᠤ ᠬᠠᠯᠠᠮᠵᠢᠯᠠᠯ ᠪᠠ ᠵᠢᠯᠤᠭᠤᠳᠤᠯᠭ᠎ᠠ ᠪᠠᠷ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠤᠳᠤᠷᠢᠳᠤᠮᠵᠢ ᠶᠢ ᠪᠠᠳᠤ ᠪᠤᠢ ᠪᠤᠯᠭᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠤᠨ ᠢᠶᠠᠨ ᠢᠮᠠᠬᠳᠠ ᠪᠠᠳᠤᠯᠠᠵᠤ᠂ ᠪᠤᠬᠢᠷᠳᠤᠯ ᠢ ᠪᠠᠭᠠᠰᠬᠠᠵᠤ ᠨᠡᠬᠦᠷᠡᠰᠤᠳᠦ᠋ᠷᠦᠭᠴᠢ ᠶᠢ ᠪᠠᠭᠠᠰᠬᠠᠬᠤ ᠦᠷ᠎ᠡ ᠠᠰᠢᠭ ᠢ ᠬᠠᠮᠵᠢᠯᠴᠠᠨ ᠨᠡᠮᠡᠭᠳᠡᠬᠦᠯᠬᠦ ᠪᠠᠷ ᠶᠡᠷᠤᠩᠭᠡᠢ ᠪᠠᠷᠢᠨ ᠪᠤᠯᠭᠠᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠤᠬᠢᠷᠳᠤᠯ ᠦᠬᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠪᠤᠳᠠᠳᠤ ᠠᠵᠢᠯᠯᠠᠭ᠎ᠠ ᠪᠠᠷ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠬᠡᠨ ᠪᠠᠶᠢᠭᠤᠯᠵᠤ᠂ ᠪᠤᠬᠢᠷᠳᠤᠯ ᠦᠬᠡᠢ ᠬᠦᠭᠵᠢᠯᠳᠡ ᠶᠢ ᠦᠨᠡᠨ ᠬᠦ ᠦᠪᠤᠷ ᠮᠤᠩᠭᠤᠯ ᠤᠨ ᠰᠠᠭᠤᠷᠢ ᠦᠡᠭᠭᠡ ᠪᠠ ᠨᠡᠷ᠎ᠡ ᠶᠢᠨ ᠬᠠᠭᠤᠳᠠᠰᠤ ᠪᠤᠯᠭᠠᠬᠤ ᠶᠤᠮ᠃      
 
ᠢᠷᠡᠯᠲᠡ᠄ ᠦᠪᠤᠷ ᠮᠤᠩᠭᠤᠯ  ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号