ᠮᠠᠨ ᠤ ᠤᠷᠤᠨ ᠤ 10 ᠬᠤᠰᠢᠭᠤ ᠰᠢᠶᠠᠨ ᠤᠯᠤᠰ ᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠤᠯᠤᠯ᠎ᠠ
ᠨᠡᠶᠢᠲᠡᠯᠡᠭᠰᠡᠨ ᠴᠠᠭ᠄
2021/8/27
     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠪᠴᠢᠶᠠᠨ ᠠᠴᠠ ᠤᠶᠢᠯᠠᠭᠠᠬᠰᠠᠨ ᠢᠶᠠᠷ᠂ ᠮᠠᠨ ᠤ ᠤᠷᠤᠨ ᠤ 10 ᠬᠤᠰᠢᠭᠤ ᠰᠢᠶᠠᠨ ᠤᠯᠤᠰ ᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠤᠯᠤᠬᠰᠠᠨ ᠪᠠᠶᠢᠨ᠎ᠠ᠃        ᠡᠳᠡᠬᠡᠷ10 ᠬᠤᠰᠢᠭᠤ ᠰᠢᠶᠠᠨ ᠪᠤᠯ᠄ ᠬᠦᠯᠤᠨ ᠪᠤᠶᠢᠷ ᠬᠤᠳᠠ ᠶᠢᠨ ᠤᠷᠴᠤᠨ ᠦᠨᠳᠤᠰᠤᠳᠡᠨ ᠤ ᠦᠪᠡᠷᠳᠡᠬᠡᠨ ᠵᠠᠰᠠᠬᠤ ᠬᠤᠰᠢᠭᠤ᠂ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤ᠂ ᠤᠯᠠᠭᠠᠨᠬᠠᠳᠠ ᠬᠤᠳᠠ ᠶᠢᠨ ᠪᠠᠭᠠᠷᠢᠨ ᠵᠡᠬᠦᠨ ᠬᠤᠰᠢᠭᠤ᠂ ᠲᠦᠡᠭᠯᠢᠶᠤᠤ ᠬᠤᠳᠠ ᠶᠢᠨ ᠬᠦᠷᠢᠶ᠎ᠡ ᠬᠤᠰᠢᠭᠤ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠴᠠᠭᠠᠨ ᠬᠤᠰᠢᠭᠤ᠂ ᠤᠯᠠᠭᠠᠨᠴᠠᠪ ᠬᠤᠳᠠ ᠶᠢᠨ ᠱᠠᠩᠳᠤ ᠰᠢᠶᠠᠨ᠂ ᠬᠤᠸ᠋ᠨ ᠳ᠋ᠧ ᠰᠢᠶᠠᠨ᠂ ᠲᠦᠷᠪᠡᠳ ᠬᠤᠰᠢᠭᠤ ᠪᠤᠯᠤᠨ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠪᠴᠢᠶᠠᠨ ᠤ ᠲᠡᠳ᠋ ᠲᠠᠷᠤᠭ᠎ᠠ ᠬᠠᠨ ᠵᠢᠶᠠᠨ ᠭᠠᠨᠭ᠌ ᠤᠨ ᠲᠠᠨᠢᠯᠴᠠᠭᠤᠯᠬᠤ ᠪᠠᠷ᠄ ︽ᠡᠨᠡ ᠠᠷᠪᠠᠨ ᠬᠤᠰᠢᠭᠤ ᠰᠢᠶᠠᠨ ᠨᠢ ᠬᠦᠮᠦᠨ ᠪᠦᠷᠢ ᠶᠢᠨ ᠲᠡᠭᠰᠢᠳᠬᠡᠭᠰᠡᠨ ᠭᠠᠵᠠᠷ ᠤᠷᠤᠨ ᠤ ᠦᠢᠯᠡᠳᠪᠤᠷᠢᠯᠡᠯ ᠤᠨ ᠶᠡᠷᠤᠩᠭᠡᠢ ᠦᠷᠳᠡᠭ᠂ ᠬᠦᠮᠦᠨ ᠪᠦᠷᠢ ᠶᠢᠨ ᠲᠡᠭᠰᠢᠳᠬᠡᠭᠰᠡᠨ ᠶᠡᠷᠤᠳᠡ ᠶᠢᠨ ᠤᠯᠠᠨ ᠨᠡᠶᠢᠳᠡ ᠶᠢᠨ ᠲᠦᠰᠤᠪ ᠤᠨ ᠤᠷᠤᠯᠭ᠎ᠠ᠂ ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠡᠵᠡᠮᠳᠡᠵᠤ ᠪᠤᠯᠬᠤ ᠤᠷᠤᠯᠭ᠎ᠠ ᠵᠡᠷᠬᠡ ᠵᠢᠭᠠᠯᠳᠠ ᠲᠤᠭ᠎ᠠ ᠶᠢ ᠦᠨᠳᠤᠰᠤᠯᠡᠨ᠂ ᠶᠠᠳᠠᠭᠤ ᠠᠴᠠ ᠠᠩᠭᠢᠵᠢᠷᠠᠬᠰᠠᠨ ᠴᠠᠭ ᠤᠨ ᠲᠠᠷᠠᠭᠠᠯᠠᠯ᠂ ᠲᠠᠬᠢᠨ ᠶᠠᠳᠠᠭᠤᠷᠠᠬᠤ ᠲᠦᠭᠰᠢᠬᠦᠷᠢ ᠵᠡᠷᠬᠡ ᠡᠯᠧᠮᠧᠨ᠋ᠲ ᠢ ᠶᠡᠷᠤᠩᠭᠡᠢ ᠳᠤ ᠨᠢ ᠪᠤᠳᠤᠯᠬᠢᠯᠠᠬᠰᠠᠨ ᠤ ᠰᠠᠭᠤᠷᠢᠨ ᠲᠡᠬᠡᠷ᠎ᠡ ᠡᠯ᠎ᠡ ᠭᠠᠵᠠᠷ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠬᠠᠮᠤᠭ ᠤᠨ ᠰᠡᠬᠦᠯ ᠳᠤ ᠲᠤᠬᠳᠠᠭᠠᠬᠰᠠᠨ ᠶᠤᠮ︾ ᠬᠡᠵᠡᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号