ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠤ ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ ᠶᠢᠨ ᠠᠮᠵᠢᠯᠳᠠ ᠲᠠᠢ ᠲᠤᠷᠰᠢᠯᠭ᠎ᠠ ᠶᠢ ᠳ᠋ᠦᠡᠭᠨᠡᠨ ᠲᠡᠯᠬᠡᠷᠡᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2021/8/27
              ᠤᠶᠢᠷ᠎ᠠ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠲᠤᠰᠬᠠᠶᠢᠯᠠᠨ ᠮᠠᠲ᠋ᠧᠷᠢᠶᠠᠯ ᠪᠠᠭᠤᠯᠭᠠᠵᠤ᠂ ᠡᠯ᠎ᠡ ᠭᠠᠵᠠᠷ ᠤᠷᠤᠨ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ᠂ ᠲᠦᠷᠤ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠠᠴᠠ ᠲᠠᠷᠤᠮᠠᠯᠯᠠᠨ ᠲᠠᠷᠬᠠᠭᠠᠬᠰᠠᠨ ︽ᠬᠦᠳᠡᠭᠡ ᠲᠤᠰᠬᠤᠨ ᠤ ᠵᠠᠰᠠᠭ ᠤᠨ ᠤᠷᠳᠤᠨ ᠤ ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ ᠶᠢᠨ ᠲᠤᠬᠠᠢ ᠰᠠᠨᠠᠯ︾ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠭᠢᠮ ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ  ᠠᠴᠠ ᠲᠠᠷᠤᠮᠠᠯᠯᠠᠨ ᠲᠠᠷᠬᠠᠭᠠᠬᠰᠠᠨ ︽ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠤ ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ ᠶᠢᠨ ᠲᠤᠬᠠᠢ ᠬᠡᠷᠡᠭᠵᠢᠬᠦᠯᠬᠦ ᠲᠦᠰᠤᠯ︾ ᠤᠨ ᠵᠤᠷᠢᠭ ᠰᠠᠨᠠᠭ᠎ᠠ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠳᠤ ᠪᠠᠨ ᠴᠢᠭᠯᠡᠬᠦᠯᠤᠨ᠂ ᠬᠠᠷᠢᠶᠠᠳᠤ ᠤᠷᠤᠨ ᠤ ᠪᠠᠨ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠤ ᠦᠢᠯᠡᠴᠢᠯᠡᠬᠡᠨ ᠤ ᠴᠢᠳᠠᠪᠤᠷᠷᠢ  ᠶᠢᠨ ᠪᠠᠶᠢᠭᠤᠯᠤᠯᠳᠠ ᠶᠢᠨ ᠪᠠᠶᠢᠳᠠᠯ ᠢ ᠦᠨᠡᠯᠡᠨ᠂ ᠡᠯ᠎ᠡ ᠭᠠᠵᠠᠷ ᠤᠷᠤᠨ ᠤ ᠠᠮᠵᠢᠯᠳᠠ ᠲᠤᠷᠰᠢᠯᠭ᠎ᠠ ᠶᠢ ᠳ᠋ᠦᠡᠭᠨᠡᠵᠤ᠂ ᠨᠢᠬᠡ ᠪᠦᠯᠦᠭ ᠨᠡᠶᠢᠳᠡᠯᠢᠭ ᠵᠢᠱᠢᠶ᠎ᠡ ᠶᠢ ᠰᠤᠩᠭᠤᠨ ᠲᠡᠯᠬᠡᠷᠡᠬᠦᠯᠵᠤ᠂ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ ᠤ ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ ᠤᠯᠠᠨ ᠲᠦᠮᠡᠨ ᠤ ᠦᠢᠯᠡᠴᠢᠯᠡᠬᠡᠨ ᠤ ᠬᠡᠷᠡᠭᠴᠡᠭᠡ ᠶᠢ ᠨᠡᠩ ᠰᠠᠶᠢᠨ ᠬᠠᠨᠭ᠍ᠭᠠᠬᠤ ᠪᠠᠷ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号