ᠪᠠᠶᠠᠨᠨᠠᠭᠤᠷ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠵᠤ᠂ ᠦᠢᠯᠡᠴᠢᠯᠡᠭᠡ ᠬᠦᠷᠳᠡᠭᠴᠢᠳ ᠤᠨ ᠠᠮᠤᠷ ᠲᠦᠪᠰᠢᠨ ᠢ ᠴᠢᠷᠮᠠᠶᠢᠨ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/8/30
      ᠨᠢᠬᠡ ᠳᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠤᠯᠤᠰ ᠲᠦᠷᠤ ᠶᠢᠨ ᠵᠤᠬᠰᠤᠯᠳᠠ ᠶᠢ ᠲᠡᠭᠡᠭᠰᠢᠯᠡᠬᠦᠯᠪᠡ‌‍ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠠᠳᠠᠭᠤᠵᠢᠯᠳᠠᠢ ᠪᠤᠳᠤᠯᠢᠶᠠᠨᠳᠠᠢ ᠴᠢᠨᠠᠷ ᠢ ᠬᠦᠢᠴᠡᠳ ᠤᠶᠢᠯᠠᠭᠠᠨ ᠡᠯ᠎ᠡ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢ ᠤᠳᠠᠭᠠᠨ ᠲᠠᠭᠠᠭᠠᠮᠠᠭᠠᠢ ᠲᠠᠶᠢᠨ ᠬᠢᠬᠦ᠂ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠬᠢᠬᠦ ᠪᠡᠯᠡᠳᠬᠡᠯ ᠲᠠᠢ ᠪᠠᠶᠢᠵᠤ᠂ ᠤᠬᠳᠤ ᠰᠤᠯᠠᠷᠠᠭᠤᠯᠤᠯ ᠦᠬᠡᠢ ᠠᠳᠬᠤᠪᠠ᠃    ᠬᠤᠶᠠᠷ ᠲᠤ᠂ ᠬᠢᠵᠢᠭ ᠢ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠢ ᠤᠨᠤᠴᠠᠳᠠᠢ ᠬᠡᠷᠡᠭᠵᠢᠬᠦᠯᠵᠤ᠂ ᠠᠷᠠᠳ ᠤᠨ ᠶᠠᠪᠤᠳᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠡᠮᠬᠢ ᠵᠢᠷᠤᠮ ᠲᠠᠢ ᠡᠷᠬᠢᠯᠳᠡ ᠶᠢ ᠪᠠᠳᠤᠯᠠᠵᠠᠢ᠃    ᠭᠤᠷᠪᠠ ᠳᠤ᠂ ᠬᠦᠴᠢᠷᠳᠡᠯᠳᠡᠢ ᠤᠯᠠᠨ ᠲᠦᠮᠡᠨ ᠢ ᠦᠨᠳᠤᠰᠤᠨ ᠠᠴᠠ ᠨᠢ ᠪᠠᠳᠤᠯᠠᠬᠤ ᠪᠤᠯᠤᠨ ᠬᠠᠶᠢᠷᠠᠯᠠᠵᠤ ᠬᠠᠯᠠᠮᠵᠢᠯᠠᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠭᠰᠡᠨ ᠪᠠᠶᠢᠨ᠎ᠠ᠃     ᠲᠦᠷᠪᠡ ᠷᠪᠡ ᠳᠤ᠂ ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠲᠤᠰᠬᠠᠢ ᠲᠦᠷᠤᠯ ᠢᠶᠠᠷ ᠪᠠᠶᠢᠴᠠᠭᠠᠨ ᠵᠢᠯᠤᠭᠤᠳᠬᠤ ᠠᠵᠢᠯ ᠢ ᠡᠷᠴᠢᠮᠳᠡᠢ ᠦᠷᠨᠢᠬᠦᠯᠵᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号