ᠮᠠᠨ ᠤ ᠤᠷᠤᠨ ᠤ ︽ᠬᠠᠳᠤᠨ ᠭᠤᠤᠯ ᠢ ᠬᠠᠮᠠᠭᠠᠠᠯᠬᠤ 2021︾ ᠲᠤᠰᠬᠠᠢ ᠠᠵᠢᠯᠯᠠᠭᠠᠨ ᠤᠷᠴᠢᠨ ᠲᠤᠭᠤᠷᠢᠨ ᠢ ᠡᠪᠳᠡᠭᠰᠡᠨ ᠶᠠᠯᠠᠳᠤ ᠠᠵᠢᠯᠯᠠᠭ᠎ᠠ ᠳᠤ ᠬᠦᠨᠳᠤ ᠴᠤᠬᠢᠯᠳᠠ ᠦᠭᠴᠤ ᠪᠠᠶᠢᠨ᠎ᠠ
ᠨᠡᠶᠢᠲᠡᠯᠡᠭᠰᠡᠨ ᠴᠠᠭ᠄
2021/8/31
 8 ᠳ᠋ᠤᠭᠠᠷ ᠰᠠᠷ᠎ᠠ ᠶᠢᠨ 27 ᠤ ᠡᠳᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ᠠᠴᠠ ᠤᠶᠢᠯᠠᠭᠠᠬᠰᠠᠨ ᠢᠶᠠᠷ᠂ 2021 ᠤᠨ ᠤ 8 ᠳ᠋ᠤᠭᠠᠷ ᠰᠠᠷ᠎ᠠ ᠠᠴᠠ ᠨᠠᠭᠠᠰᠢ ᠮᠠᠨ ᠤ ᠤᠷᠤᠨ ᠤ ᠲᠤᠳᠤᠭᠠᠳᠤ ᠶᠢ ᠬᠠᠮᠠᠭᠠᠠᠯᠠᠬᠤ ᠪᠠᠶᠢᠭᠤᠯᠭ᠎ᠠ ᠬᠠᠳᠤᠨ ᠭᠤᠤᠯ ᠤᠷᠤᠨ ᠳᠤ ︽ᠬᠠᠳᠤᠨ ᠭᠤᠤᠯ ᠢ ᠬᠠᠮᠠᠭᠠᠯᠠᠬᠤ 2021︾ ᠲᠤᠰᠬᠠᠢ ᠴᠤᠬᠢᠯᠳᠠ ᠦᠭᠭᠦ ᠠᠵᠢᠯᠯᠠᠭᠠᠨ ᠢ ᠨᠢᠬᠡ ᠵᠢᠯ ᠤᠨ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠤᠨ ᠦᠷᠨᠢᠬᠦᠯᠬᠦ ᠪᠠᠷ ᠪᠤᠯᠵᠤ᠂ ᠤᠷᠴᠢᠨ ᠲᠤᠭᠤᠷᠢᠨ ᠤ ᠡᠬᠢ ᠪᠠᠶᠠᠯᠢᠭ ᠤᠨ ᠬᠠᠮᠠᠭᠠᠯᠠᠯᠳᠠ ᠶᠢ ᠡᠪᠳᠡᠭᠰᠡᠨ᠂ ᠤᠷᠴᠢᠨ ᠲᠤᠭᠤᠷᠢᠨ ᠢ ᠪᠤᠬᠢᠷᠳᠤᠭᠤᠯᠤᠬᠰᠠᠨ᠂ ᠴᠢᠨᠠᠷᠯᠢᠭ ᠬᠦᠭᠵᠢᠯᠳᠡ ᠶᠢ ᠬᠤᠬᠢᠷᠠᠭᠤᠯᠤᠬᠰᠠᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠬᠦᠨᠳᠤ ᠴᠤᠬᠢᠯᠳᠠ ᠦᠭᠴᠤ ᠡᠬᠢᠯᠡᠭᠰᠡᠨ ᠪᠠᠶᠢᠨ᠎ᠠ᠃      ᠴᠤᠬᠢᠯᠳᠠ‌ᠦᠭᠭᠦ ᠲᠤᠰᠬᠠᠢ ᠠᠵᠢᠯᠯᠠᠭᠠᠨ ᠨᠢ ᠭᠤᠤᠯᠳᠠᠭᠤ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ ᠲᠤᠭᠤᠷᠢᠭ᠂ ᠡᠯᠡᠰᠤᠷᠭᠡᠭᠵᠢᠭᠰᠡᠨ ᠭᠠᠵᠠᠷ ᠰᠢᠷᠤᠢ ᠵᠡᠷᠬᠡ ᠪᠠᠷ ᠭᠤᠤᠯᠳᠠᠯᠭ᠎ᠠ ᠪᠤᠯᠭᠠᠨ᠂ ᠬᠠᠳᠤᠨ ᠭᠤᠤᠯ ᠤᠨ ᠤᠷᠤᠰᠬᠠᠯ ᠲᠠᠭᠠᠤ ᠤᠷᠤᠨ ᠳᠤ ᠬᠠᠤᠯᠢ ᠪᠤᠰᠤ ᠪᠠᠷ ᠴᠢᠯᠠᠭᠤ ᠭᠠᠷᠭᠠᠬᠤ᠂ ᠬᠠᠶᠢᠷ ᠮᠠᠯᠳᠠᠬᠤ᠂ ᠠᠭᠤᠷᠬᠠᠢ ᠮᠠᠯᠳᠠᠬᠤ ᠪᠤᠯᠤᠨ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠵᠡᠷᠬᠡ ᠬᠠᠤᠯᠢ ᠪᠤᠰᠤ ᠠᠵᠢᠯᠯᠠᠭ᠎ᠠ ᠳᠤ ᠬᠠᠤᠯᠢ ᠶᠤᠰᠤᠭᠠᠷ ᠬᠦᠨᠳᠤ ᠴᠤᠬᠢᠯᠳᠠ ᠦᠭᠴᠤ᠂ ᠮᠠᠨ ᠤ ᠤᠯᠤᠰ ᠤᠨ ᠤᠮᠠᠷᠠᠳᠤ ᠤᠷᠤᠨ ᠤ ᠴᠢᠬᠤᠯᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠪᠤᠯᠤᠨ᠎ᠠ᠃ᠴᠤᠬᠢᠯᠳᠠ ᠦᠭᠭᠦ ᠲᠤᠰᠬᠠᠢ ᠠᠵᠢᠯᠯᠠᠭᠠᠨ ᠨᠢ ᠤᠰᠤ ᠶᠢ ᠪᠤᠬᠢᠷᠳᠤᠭᠤᠯᠬᠤ᠂ ᠬᠦᠷᠤᠰᠤ ᠰᠢᠷᠤᠢ ᠤᠷᠴᠢᠨ ᠲᠤᠭᠤᠷᠢᠨ  ᠤ ᠬᠠᠤᠯᠢ ᠪᠤᠰᠤ ᠶᠠᠯᠠᠳᠤ ᠠᠵᠢᠯᠯᠠᠭ᠎ᠠ ᠶᠢ ᠬᠦᠨᠳᠤ ᠴᠤᠬᠢᠯᠳᠠ ᠦᠭᠭᠦ ᠪᠠᠷ ᠭᠤᠤᠯᠳᠠᠯᠭ᠎ᠠ ᠪᠤᠯᠭᠠᠨ ᠬᠠᠳᠤᠨ ᠭᠤᠤᠯ ᠤᠨ ᠭᠤᠤᠯ ᠤᠷᠤᠰᠬᠠᠯ ᠪᠠ ᠰᠠᠯᠪᠤᠷᠢ ᠤᠷᠤᠰᠬᠠᠯ᠂ ᠤᠯᠠᠭᠠᠨᠰᠤᠬᠠᠢ ᠵᠡᠷᠬᠡ ᠭᠤᠤᠯᠳᠠᠯᠭ᠎ᠠ ᠲᠠᠢ ᠬᠡᠰᠡᠭ ᠲᠤ ᠬᠠᠤᠯᠢ ᠪᠤᠰᠤ ᠪᠠᠷ ᠬᠤᠭ ᠨᠤᠪᠰᠢ ᠬᠠᠶᠠᠬᠤ᠂ ᠪᠤᠬᠢᠷ ᠤᠰᠤ ᠪᠤᠬᠢᠷ ᠪᠤᠳᠠᠰ ᠢ ᠭᠠᠳᠠᠬᠰᠢᠯᠠᠭᠤᠯᠬᠤ᠂ ᠬᠠᠤᠯᠢ ᠪᠤᠰᠤ ᠪᠠᠷ ᠰᠢᠯᠵᠢᠬᠦᠯᠬᠦ᠂ ᠠᠶᠤᠯᠳᠠᠢ ᠬᠠᠶᠠᠭᠳᠠᠮᠠᠯ ᠪᠤᠳᠠᠰ ᠢ ᠬᠠᠶᠠᠬᠤ ᠪᠤᠯᠤᠨ ᠬᠠᠳᠠᠭᠤ ᠪᠡᠶᠡᠳᠤ ᠬᠠᠶᠠᠬᠳᠠᠮᠠᠯ ᠪᠤᠳᠠᠰ ᠢ ᠬᠠᠶᠠᠬᠤ ᠵᠡᠷᠬᠡ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠬᠦᠨ᠎ᠡ᠃ ᠪᠤᠷᠤ ᠲᠤᠬᠤᠢ ᠶᠢᠨ ᠲᠠᠯ᠎ᠠ ᠭᠠᠵᠠᠷ ᠵᠡᠷᠬᠡ ᠬᠠᠳᠤᠨ ᠭᠤᠤᠯ  ᠤᠨ ᠭᠤᠤᠯᠳᠠᠯᠭ᠎ᠠ ᠲᠠᠢ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠤᠷᠢᠯᠡᠯ ᠤᠨ ᠲᠤᠭᠤᠷᠢᠭ ᠲᠤ ᠴᠢᠭᠯᠡᠬᠦᠯᠤᠨ᠂  ᠪᠤᠬᠢᠷᠳᠤᠯ ᠪᠤᠳᠠᠰ ᠢ ᠬᠠᠤᠯᠢ ᠪᠤᠰᠤ ᠪᠠᠷ ᠭᠠᠳᠠᠬᠰᠢᠯᠠᠭᠤᠯᠬᠤ ᠪᠠ ᠠᠶᠤᠯᠳᠠᠢ ᠬᠠᠶᠠᠬᠳᠠᠮᠠᠯ ᠪᠤᠳᠠᠰ ᠢ ᠬᠠᠤᠯᠢ ᠪᠤᠰᠤ  ᠪᠠᠷ ᠰᠢᠢᠳᠪᠤᠷᠢᠯᠡᠬᠦ ᠠᠵᠢᠯᠯᠠᠭᠠᠨ ᠳᠤ ᠬᠦᠨᠳᠤ ᠴᠤᠬᠢᠯᠳᠠ ᠦᠭᠴᠤ᠂ ᠲᠠᠷᠢᠶᠠᠯᠠᠩ ᠤᠨ ᠡᠬᠢ ᠰᠤᠷᠪᠤᠯᠵᠢ ᠶᠢᠨ ᠪᠤᠬᠢᠷᠳᠤᠯ ᠢ ᠪᠠᠭᠠᠰᠬᠠᠨ᠎ᠠ᠃   ᠴᠤᠬᠢᠯᠳᠠ  ᠦᠭᠭᠦ ᠲᠤᠰᠬᠠᠢ ᠠᠵᠢᠯᠯᠠᠭᠠᠨ ᠨᠢ ᠪᠠᠰᠨ ᠬᠠᠳᠤᠨ ᠭᠤᠤᠯ ᠤᠨ ᠤᠷᠤᠰᠬᠠᠯ ᠲᠠᠠᠭᠤ ᠤᠷᠤᠨ ᠤ ᠴᠢᠨᠠᠷᠯᠢᠭ ᠬᠦᠭᠵᠢᠯᠳᠡ ᠶᠢ ᠲᠤᠭᠤᠷᠢᠨ ᠳᠤ ᠲᠠᠸᠠᠷ ᠤᠨ ᠲᠡᠮᠳᠡᠭ  ᠂ ᠲᠤᠰᠬᠠᠢ ᠠᠰᠢᠭ᠂ ᠬᠤᠳᠠᠯᠳᠤᠭᠠᠨ ᠤ ᠨᠢᠭᠤᠴᠨ ᠳᠤ ᠬᠠᠯᠳᠠᠬᠤ ᠵᠡᠷᠬᠡ ᠮᠡᠳᠡᠯᠬᠡ ᠶᠢᠨ ᠦᠮᠴᠢᠯᠡᠬᠦ ᠡᠷᠬᠡ ᠪᠤᠯᠤᠨ ᠬᠤᠳᠠᠯ ᠬᠠᠭᠤᠷᠮᠠᠭ ᠪᠠᠷ᠎ᠠ ᠲᠠᠸᠠᠷ ᠦᠢᠯᠡᠳᠪᠤᠷᠢᠯᠡᠬᠦ ᠪᠠ ᠪᠤᠷᠤᠯᠠᠭᠤᠯᠬᠤ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠭᠦ ᠡᠷᠴᠢᠮ ᠢᠶᠠᠨ ᠴᠢᠩᠭᠠᠡᠷᠠᠭᠤᠯᠵᠤ᠂ ᠬᠠᠳᠤᠨ ᠭᠤᠤᠯ ᠲᠠᠭᠠᠤ ᠳᠤ ᠬᠢ ᠭᠠᠵᠠᠷ ᠤᠷᠤᠨ ᠤ ᠠᠵᠤ ᠠᠬᠤᠶᠢᠯᠠᠯ ᠤᠨ ᠡᠷᠡᠬᠦᠯ ᠬᠦᠭᠵᠢᠯᠳᠡ ᠶᠢ ᠡᠷᠬᠡ ᠲᠡᠭᠰᠢ ᠭᠤᠤᠯᠴᠢ ᠬᠠᠤᠯᠢ ᠶᠢᠨ ᠤᠷᠴᠢᠨ ᠲᠤᠭᠤᠷᠢᠨ ᠬᠠᠨᠭ᠍ᠭᠠᠬᠤ ᠪᠤᠯᠤᠨ᠎ᠠ᠃ ᠬᠠᠭᠤᠷᠮᠠᠭ ᠲᠠᠷᠢᠶᠠᠯᠠᠩ ᠤᠨ ᠡᠳ᠋ ᠪᠠᠷᠠᠭ᠎ᠠ ᠪᠤᠯᠤᠨ ᠦᠬᠦᠳᠡᠯ ᠤᠨ ᠮᠢᠬ᠎ᠠ ᠶᠢ ᠵᠠᠷᠤᠬᠤ ᠪᠤᠶᠤ ᠪᠤᠷᠤᠯᠠᠭᠤᠯᠬᠤ ᠵᠡᠷᠬᠡ ᠲᠤᠪᠤᠶᠢᠮ᠎ᠠ ᠪᠠᠶᠢᠭ᠎ᠠ ᠬᠠᠤᠯᠢ ᠪᠤᠰᠤ ᠶᠠᠯᠠᠳᠤ ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠠᠷᠠᠳ ᠤᠯᠠᠨ ᠤ ᠢᠳᠡᠬᠡᠨ ᠤᠮᠳᠠᠭᠠᠨ ᠤ ᠠᠮᠤᠷ ᠲᠦᠪᠰᠢᠨ ᠢ ᠪᠠᠳᠤᠯᠠᠵᠤ ᠪᠠᠶᠢᠨ᠎ᠠ᠃ ᠡᠬᠦᠨ ᠤ ᠬᠠᠮᠳᠤ ᠬᠠᠳᠤᠨ ᠭᠤᠤᠯ ᠤᠨ ᠰᠤᠶᠤᠯ ᠢ ᠬᠠᠮᠠᠭᠠᠯᠠᠬᠤ ᠪᠠᠷ ᠭᠤᠤᠯ ᠪᠤᠯᠭᠠᠨ ᠬᠤᠯᠠᠭᠠᠶᠢᠯᠠᠨ ᠠᠭᠤᠳᠠᠯᠬᠤ᠂ ᠬᠤᠯᠠᠭᠠᠢ ᠬᠢᠬᠦ᠂ ᠲᠡᠤᠬᠡᠨ ᠲᠤᠷᠠᠰᠬᠠᠯᠳᠤ ᠵᠦᠢᠯᠡᠰ ᠢ ᠬᠠᠤᠯᠢ ᠪᠤᠰᠤ ᠠᠷᠠᠯᠵᠢᠶᠠᠯᠠᠬᠤ ᠵᠡᠷᠬᠡ ᠶᠠᠯᠠᠳᠤ ᠠᠵᠢᠯᠯᠠᠭ᠎ᠠ ᠳᠤ ᠴᠤᠬᠢᠯᠳᠠ ᠦᠭᠴᠤ ᠪᠠᠶᠢᠨ᠎ᠠ᠃      ᠤᠶᠢᠯᠠᠭᠠᠬᠰᠠᠨ ᠢᠶᠠᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ  ᠤᠨ ︽ᠬᠠᠳᠤᠨ ᠭᠤᠤᠯ ᠢ ᠬᠠᠮᠠᠭᠠᠯᠠᠬᠤ ᠠᠯᠪᠠᠨ ᠬᠡᠷ︾ 565 ᠬᠠᠮᠢᠶ᠎ᠠ ᠪᠦᠬᠦᠢ ᠰᠦᠪᠡᠭᠴᠢ ᠶᠢ ᠢᠯᠡᠷᠡᠬᠦᠯᠵᠤ᠂ ᠬᠠᠮᠢᠶ᠎ᠠ ᠪᠦᠬᠦᠢ ᠠᠶᠢᠮᠠᠭ ᠬᠤᠳᠠ ᠶᠢᠨ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠠᠢ ᠬᠤᠯᠪᠤᠭᠠᠯᠠᠨ ᠪᠠᠶᠢᠴᠠᠭᠠᠨ ᠬᠠᠷᠭᠤᠭᠤᠯᠵᠤ ᠪᠠᠶᠢᠨ᠎ᠠ᠃ ᠡᠷᠡᠬᠦᠤ ᠶᠢᠨ ᠬᠡᠷᠡᠭ ᠤᠨ ᠬᠡᠮᠵᠢᠶᠡᠨ ᠳᠤ ᠬᠦᠷᠦᠭᠰᠡᠨ ᠢ ᠬᠠᠤᠯᠢ ᠶᠤᠰᠤᠭᠠᠷ ᠴᠢᠩᠭ᠎ᠠ ᠰᠢᠢᠳᠬᠡᠬᠦ ᠪᠤᠯᠤᠨ᠎ᠠ᠃ ᠵᠠᠰᠠᠭ ᠵᠠᠬᠢᠷᠭᠠᠨ ᠤ ᠲᠤᠷᠭᠠᠭᠠᠯᠢ ᠦᠭᠭᠦ ᠴᠢᠬᠤᠯᠠᠳᠠᠢ ᠶᠢ ᠨᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠬᠦᠯᠤᠨ ᠰᠢᠢᠳᠪᠤᠷᠢᠯᠡᠬᠦᠯᠵᠤ᠂ ᠬᠢᠯᠢᠰᠳᠡᠬᠦᠯᠬᠦ ᠦᠬᠡᠢ᠂ ᠲᠤᠷ᠎ᠠ  ᠪᠠᠷ ᠨᠢ ᠲᠠᠯᠪᠢᠬᠤ ᠦᠬᠡᠢ᠂ ᠤᠷᠬᠢᠬᠤ ᠦᠬᠡᠢ᠂ ᠭᠤᠭᠤᠵᠢᠬᠳᠠᠭᠤᠯᠬᠤ ᠦᠬᠡᠢ ᠶᠢ ᠪᠠᠳᠤᠯᠠᠬᠤ ᠪᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号