ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ  ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠪᠡᠯᠡᠳᠭᠡᠯ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/10
ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠪᠡᠯᠡᠳᠭᠡᠯ ᠬᠤᠷᠠᠯ ᠢ ᠬᠤᠷᠠᠯᠳᠤᠭᠤᠯᠪᠠ     ᠱᠢ ᠲᠠᠢ ᠹᠸᠡᠭ ᠬᠤᠷᠠᠯ ᠢ ᠡᠷᠬᠢᠯᠡᠵᠡᠢ     9 ᠳ᠋ᠤᠬᠡᠷ ᠰᠠᠷ᠎ᠠ ᠶᠢᠨ 9 ᠤ ᠡᠳᠤᠷ ᠤᠨ ᠦᠳᠡ ᠶᠢᠨ ᠡᠮᠦᠨ᠎ᠡ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠪᠡᠯᠡᠳᠬᠡᠯ ᠬᠤᠷᠠᠯ ᠢ ᠬᠤᠷᠠᠯᠳᠤᠭᠤᠯᠤᠬᠰᠠᠨ ᠪᠠᠶᠢᠨ᠎ᠠ᠃       ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠪᠡ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠨᠠᠷ ᠲᠡᠷᠢᠬᠦᠯᠡᠭᠴᠢ ᠶᠢᠨ ᠲᠠᠶᠢᠰᠠᠨ᠎ᠠ ᠰᠠᠭᠤᠯᠴᠠᠪᠠ᠃  ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠤᠳᠤ ᠪᠠᠶᠢᠭ᠎ᠠ ᠲᠦᠯᠤᠭᠡᠯᠡᠭᠴᠢ 534 ᠬᠦᠮᠦᠨ᠂ ᠪᠡᠯᠡᠳᠬᠡᠯ ᠬᠤᠷᠠᠯ ᠳᠤ 511 ᠬᠦᠮᠦᠨ ᠤᠷᠤᠯᠴᠠᠵᠤ᠂ ᠤᠷᠤᠯᠴᠠᠬᠰᠠᠳ ᠤᠨ ᠲᠤᠭ᠎ᠠ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠲᠠᠢ ᠨᠡᠶᠢᠴᠡᠨ᠎ᠡ᠃   ᠬᠤᠷᠠᠯ ᠲᠡᠬᠡᠷ᠎ᠡ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ  ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠠᠯᠬᠤᠮ ᠲᠠᠷᠠᠭ᠎ᠠ ᠶᠢ ᠪᠠᠳᠤᠯᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠲᠡᠷᠢᠬᠦᠯᠡᠭᠴᠢ ᠶᠢᠨ ᠪᠦᠯᠬᠦᠮ ᠪᠤᠯᠤᠨ ᠨᠠᠷᠢᠨ ᠪᠢᠴᠢᠭ ᠤᠨ ᠲᠠᠷᠤᠭ᠎ᠠ ᠶᠢ ᠰᠤᠩᠭᠤᠨ ᠭᠠᠷᠭᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号