ᠱᠢ ᠲᠠᠢ ᠹᠸᠡᠭ ᠪᠠᠭᠰᠢ ᠨᠠᠷ ᠤᠨ ᠲᠦᠯᠦᠭᠡᠯᠡᠭᠴᠢ ᠶᠢ ᠪᠤᠯᠭᠤᠭᠠᠨ ᠦᠵᠡᠵᠤ ᠲᠤᠬᠤᠨᠢᠭᠤᠯᠬᠤ ᠳᠤ ᠪᠠᠨ ᠪᠦᠬᠦ ᠤᠷᠤᠨ ᠤ ᠪᠠᠭᠰᠢ ᠨᠠᠷ ᠪᠤᠯᠤᠨ ᠰᠤᠷᠭᠠᠨ ᠬᠦᠮᠤᠵᠢᠯ ᠤᠨ ᠠᠵᠢᠯᠳᠠᠳ ᠲᠤ ᠪᠠᠶᠠᠷ ᠤᠨ ᠡᠳᠤᠷ ᠤᠨ ᠮᠡᠨᠳᠤᠴᠢᠯᠡᠭᠡ ᠲᠡᠪᠰᠢᠬᠦᠯᠤᠯ᠎ᠡ
ᠨᠡᠶᠢᠲᠡᠯᠡᠭᠰᠡᠨ ᠴᠠᠭ᠄
2021/9/10
ᠱᠢ ᠲᠠᠢ ᠹᠸᠡᠭ ᠪᠠᠭᠰᠢ ᠨᠠᠷ ᠤᠨ ᠲᠦᠯᠦᠭᠡᠯᠡᠭᠴᠢ ᠶᠢ ᠪᠤᠯᠭᠤᠭᠠᠨ ᠦᠵᠡᠵᠤ ᠲᠤᠬᠤᠨᠢᠭᠤᠯᠬᠤ ᠳᠤ ᠪᠠᠨ ᠪᠦᠬᠦ ᠤᠷᠤᠨ  ᠤ ᠪᠠᠭᠰᠢ ᠨᠠᠷ ᠪᠤᠯᠤᠨ ᠰᠤᠷᠭᠠᠨ ᠬᠦᠮᠤᠵᠢᠯ ᠤᠨ ᠠᠵᠢᠯᠳᠠᠳ ᠲᠤ ᠪᠠᠶᠠᠷ ᠤᠨ ᠡᠳᠤᠷ ᠤᠨ ᠮᠡᠨᠳᠤᠴᠢᠯᠡᠭᠡ ᠲᠡᠪᠰᠢᠬᠦᠯᠤᠯ᠎ᠡ     37  ᠳ᠋ᠤᠭᠠᠷ ᠤᠳᠠᠭᠠᠨ ᠤ ᠪᠠᠭᠰᠢ ᠶᠢᠨ ᠪᠠᠶᠠᠷ ᠬᠦᠷᠴᠤ ᠢᠷᠡᠬᠦ ᠲᠠᠰᠢᠷᠠᠮ ᠢᠶᠠᠷ 9 ᠳ᠋ᠤᠬᠡᠷ ᠰᠠᠷ᠎ᠠ ᠶᠢᠨ 8 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ  ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠦᠪᠤᠷ ᠮᠤᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ  ᠶᠢᠨ ᠫᠷᠤᠹᠧᠰᠰᠤᠷ ᠬᠤᠸᠠᠩ ᠫᠢᠡᠭ ᠫᠢᠡᠭ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ ᠶᠢᠨ ᠲᠤᠭᠠᠨ ᠤ ᠤᠬᠠᠭᠠᠨ ᠤ ᠤᠨᠴᠨ ᠲᠡᠰ ᠤᠨ ᠪᠠᠭᠰᠢ ᠡᠷᠳᠡᠨᠢᠪᠠᠶᠠᠷ ᠪᠤᠯᠤᠨ ᠬᠦᠬᠡᠬᠤᠳᠠ  ᠶᠢᠨ ᠶᠢᠨ ᠴᠢᠶᠤᠤ ᠪᠠᠭ᠎ᠠ ᠰᠤᠷᠭᠠᠭᠤᠯᠢ ᠶᠢᠨ ᠶᠤᠰᠤ ᠮᠤᠷᠠᠯ ᠪᠤᠯᠤᠨ ᠬᠠᠤᠯᠢ ᠴᠠᠭᠠᠵᠨ ᠶᠢᠨ ᠬᠢᠴᠢᠶᠡᠯ ᠤᠨ ᠪᠠᠭᠰᠢ ᠶᠦᠨ ᠨᠠ ᠨᠠᠷ ᠢ ᠬᠠᠯᠠᠭᠤᠮᠰᠤᠭ ᠢᠶᠠᠷ ᠪᠤᠯᠭᠤᠭᠠᠨ ᠦᠵᠡᠵᠤ᠂ ᠦᠪᠤᠷ ᠮᠤᠩᠭᠤᠯ ᠤᠨ ᠨᠠᠮ ᠤᠨ ᠬᠤᠷᠢᠶ᠎ᠠ ᠶᠢ ᠲᠦᠯᠦᠬᠡᠯᠡᠨ ᠪᠦᠬᠦ ᠤᠷᠤᠨ ᠤ ᠪᠠᠭᠰᠢ ᠨᠠᠷ ᠪᠤᠯᠤᠨ ᠰᠤᠷᠭᠠᠨ ᠬᠦᠮᠤᠵᠢᠯ ᠤᠨ ᠠᠵᠢᠯᠳᠠᠳ ᠲᠤ ᠪᠠᠶᠠᠷ ᠤᠨ ᠡᠳᠤᠷ  ᠤᠨ ᠲᠤᠳᠤᠨᠤ ᠮᠡᠨᠳᠤᠴᠢᠯᠡᠯ ᠲᠡᠪᠰᠢᠬᠦᠯᠦᠭᠰᠡᠨ ᠪᠠᠶᠢᠨ᠎ᠠ᠃
9 ᠳ᠋ᠤᠬᠡᠷ ᠰᠠᠷ᠎ᠠ ᠶᠢᠨ 8 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠦᠪᠤᠷ ᠮᠤᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠷᠠᠳᠠᠷ ᠤᠨ ᠮᠡᠷᠬᠡᠵᠢᠯ ᠪᠤᠯᠤᠨ ᠬᠡᠷᠡᠭᠯᠡᠬᠡᠨ ᠤ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠤᠨ ᠬᠠᠷᠢᠭᠤᠴᠠᠯᠭᠠᠳᠠᠨ ᠬᠤᠸᠠᠩ ᠫᠢᠡᠭ ᠫᠢᠡᠭ ᠪᠤᠯᠤᠨ ᠲᠤᠷᠰᠢᠯᠳᠠ  ᠶᠢᠨ ᠲᠠᠰᠤᠭ ᠤᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠪᠦᠯᠬᠦᠮ ᠤᠨ ᠪᠠᠭᠰᠢ ᠨᠠᠷ ᠢ ᠲᠤᠬᠤᠨᠢᠭᠤᠯᠬᠤ ᠳᠤ ᠪᠠᠨ ᠲᠤᠷᠰᠢᠯᠳᠠ ᠶᠢᠨ ᠲᠠᠰᠤᠭ ᠤᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠪᠤᠯᠤᠨ ᠦᠷ᠎ᠡ ᠪᠦᠳᠦᠮᠵᠢ ᠶᠢ ᠤᠯᠠᠷᠢᠭᠤᠯᠵᠤ ᠪᠠᠶᠢᠭ᠎ᠠ ᠪᠠᠶᠢᠳᠠᠯ ᠢ ᠤᠶᠢᠯᠠᠭᠠᠯ᠎ᠠ᠃   ᠫᠷᠤᠹᠧᠰᠰᠤᠷ ᠬᠤᠸᠠᠩ ᠫᠢᠡᠭ ᠫᠢᠡᠭ ᠪᠤᠯ ᠤᠯᠤᠰ ᠤᠨ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠵᠠᠯᠠᠭᠤ ᠲᠤᠰᠬᠠᠢ ᠮᠡᠷᠬᠡᠵᠢᠯᠳᠡᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠲᠠᠯ᠎ᠠ ᠨᠤᠳᠤᠭ ᠤᠨ ᠭᠠᠷᠮᠠᠭᠠᠢ ᠴᠢᠳᠠᠪᠤᠷᠢᠳᠠᠨ︾ ᠤ ᠲᠡᠷᠢᠬᠦᠯᠡᠬᠦ ᠴᠢᠳᠠᠪᠤᠷᠢᠳᠠᠨ᠂ ᠪᠦᠬᠦ ᠤᠷᠤᠨ ᠤ ᠷᠠᠳᠠᠷ ᠤᠨ ᠲᠤᠬᠢᠶ᠎ᠠ ᠶᠢ ᠰᠢᠢᠳᠪᠤᠷᠢᠯᠡᠬᠦ ᠪᠤᠯᠤᠨ ᠪᠢᠴᠢᠯ ᠲᠤᠯᠬᠢᠶᠠᠨ ᠤ ᠠᠯᠤᠰ  ᠰᠡᠷᠡᠯ ᠤᠨ ᠬᠡᠷᠡᠭᠯᠡᠬᠡᠨ ᠤ ᠰᠤᠳᠤᠯᠭᠠᠨ ᠤ ᠪᠦᠯᠬᠦᠮ ᠢ ᠬᠠᠮᠤᠭ ᠤᠨ ᠠᠩᠬ᠎ᠠ ᠪᠠᠶᠢᠭᠤᠯᠵᠤ᠂ ᠡᠬᠦᠳᠤᠨ ᠪᠦᠳᠦᠭᠡᠯᠴᠢ ᠴᠢᠨᠠᠷᠳᠠᠢ ᠤᠯᠠᠨ ᠲᠦᠷᠤᠯ ᠤᠨ ᠦᠷ᠎ᠡ ᠪᠦᠳᠦᠮᠵᠢ ᠶᠢ ᠤᠯᠤᠬᠰᠠᠨ ᠪᠠᠶᠢᠨ᠎ᠠ᠃ ᠦᠪᠤᠷ ᠮᠤᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠶᠢᠨ ᠷᠠᠳᠠᠷ ᠤᠨ ᠮᠡᠷᠬᠡᠵᠢᠯ ᠪᠤᠯᠤᠨ ᠬᠡᠷᠡᠭᠯᠡᠬᠡᠨ  ᠤ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠲᠤ ᠱᠢ ᠲᠠᠢ ᠹᠸᠡᠭ᠂ ᠫᠷᠤᠹᠧᠰᠰᠤᠷ ᠬᠤᠸᠠᠩ ᠫᠢᠡᠭ ᠫᠢᠡᠭ ᠪᠤᠯᠤᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠪᠦᠯᠬᠦᠮ ᠤᠨ ᠬᠢᠨ ᠲᠠᠢ ᠬᠦᠨᠵᠡᠬᠡᠢ ᠶᠠᠷᠢᠯᠴᠠᠵᠤ᠂ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠪᠤᠯᠤᠨ ᠦᠷ᠎ᠡ ᠪᠦᠳᠦᠮᠵᠢ ᠶᠢ ᠤᠯᠠᠷᠢᠭᠤᠯᠬᠤ ᠵᠡᠷᠬᠡ ᠪᠠᠶᠢᠳᠠᠯ ᠢ ᠨᠠᠷᠢᠯᠢᠭ ᠤᠶᠢᠯᠠᠭᠠᠬᠤ ᠶᠢᠨ ᠬᠠᠮᠳᠤ ᠷᠠᠳᠠᠷ ᠤᠨ ᠮᠡᠷᠬᠡᠵᠢᠯ ᠪᠤᠯᠤᠨ ᠬᠡᠷᠡᠭᠯᠡᠬᠡᠨ ᠤ ᠲᠤᠬᠠᠢ ᠶᠢᠨ ᠲᠠᠯᠠᠪᠠᠢ ᠶᠢᠨ ᠦᠵᠡᠬᠦᠯᠤᠯᠬᠡ ᠶᠢ ᠬᠢᠨᠠᠮᠠᠭᠠᠢ ᠦᠵᠡᠭᠰᠡᠨ ᠪᠠᠶᠢᠨ᠎ᠠ᠃ ᠱᠢ ᠲᠠᠢ ᠹᠸᠡᠭ ᠬᠡᠯᠡᠭᠰᠡᠨ ᠨᠢ᠂ ᠮᠠᠨ ᠤ ᠵᠠᠯᠠᠭᠤ ᠪᠦᠯᠬᠦᠮ ᠮᠠᠰᠢ ᠰᠢᠯᠢᠳᠡᠭ ᠪᠠᠶᠢᠨ᠎ᠠ᠂ ᠡᠳᠡᠬᠡᠷ ᠵᠢᠯ ᠤᠳ ᠲᠤ ᠷᠠᠳᠠᠷ ᠤᠨ ᠮᠡᠷᠬᠡᠵᠢᠯ ᠶᠢᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠠᠵᠢᠯ ᠳᠤ ᠪᠦᠬᠦ ᠰᠡᠳᠬᠢᠯ ᠪᠦᠬᠦ ᠵᠤᠷᠢᠭ ᠢᠶᠠᠷ ᠤᠷᠤᠯᠴᠠᠵᠠᠭᠠᠵᠠᠢ᠂ ᠪᠢ ᠲᠠ ᠨᠠᠷ  ᠤᠨ ᠤᠯᠤᠬᠰᠠᠨ ᠦᠷ᠎ᠡ ᠪᠦᠳᠦᠮᠵᠢ ᠶᠢᠨ ᠲᠦᠯᠦᠬᠡ ᠪᠠᠶᠠᠷᠯᠠᠵᠤ ᠪᠠᠶᠢᠨ᠎ᠠ᠂ ᠮᠡᠷᠬᠡᠵᠢᠯ ᠤᠨ ᠰᠤᠳᠤᠯᠤᠨ ᠨᠡᠬᠡᠬᠡᠯᠳᠡ ᠪᠤᠯᠤᠨ ᠰᠤᠷᠭᠠᠭᠤᠯᠢ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠤᠯᠠᠮ ᠴᠢᠩᠭᠠᠳᠬᠠᠵᠤ᠂ ᠰᠢᠨ᠎ᠡ ᠦᠷ᠎ᠡ ᠪᠦᠳᠦᠮᠵᠢ ᠶᠢ ᠠᠵᠤ ᠦᠢᠯᠡᠰᠵᠢᠬᠦᠯᠬᠦ ᠳᠤ ᠲᠠᠰᠤᠷᠠᠯᠳᠠ ᠦᠬᠡᠢ ᠰᠢᠨ᠎ᠡ ᠠᠯᠬᠤᠮ ᠢ ᠠᠯᠬᠤᠬᠤ ᠶᠢ ᠬᠦᠰᠡᠵᠤ ᠪᠠᠶᠢᠨ᠎ᠠ ᠃ ᠪᠠᠭᠰᠢ ᠶᠢᠨ ᠪᠠᠶᠠᠷ ᠲᠦᠬᠦᠵᠤ ᠪᠠᠶᠢᠨ᠎ᠠ᠂ ᠪᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢ ᠲᠦᠯᠦᠬᠡᠯᠡᠨ ᠲᠠᠨᠤᠰ ᠢ ᠪᠤᠯᠭᠤᠭᠠᠨ ᠦᠵᠡᠵᠤ ᠪᠠᠶᠢᠨ᠎ᠠ᠂ ᠪᠠᠶᠠᠷ ᠤᠨ ᠡᠳᠤᠷ ᠢᠶᠠᠨ ᠪᠠᠶᠠᠷ ᠬᠦᠷᠳᠡᠢ ᠦᠡᠭᠭᠡᠷᠡᠬᠦᠯᠬᠦ ᠶᠢ ᠪᠡᠯᠬᠡᠳᠡᠬᠦ ᠶᠢᠨ ᠬᠠᠮᠳᠤ ᠦᠪᠤᠷ ᠮᠤᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷ ᠬᠦᠷᠬᠡᠵᠤ ᠪᠠᠶᠢᠨ᠎ᠠ᠃ ᠱᠢ ᠲᠠᠢ ᠹᠸᠡᠭ ᠴᠢᠬᠤᠯᠠᠴᠢᠯᠠᠬᠰᠠᠨ ᠨᠢ᠂ ᠦᠪᠤᠷ ᠮᠤᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠦᠡᠭᠭᠡ ᠬᠡᠷᠡᠯᠳᠤ ᠤᠳᠤᠮᠰᠢᠯ ᠢᠶᠠᠨ ᠦᠷᠬᠦᠯᠵᠢᠯᠡᠨ ᠪᠠᠳᠠᠷᠠᠭᠤᠯᠵᠤ᠂ ᠰᠤᠷᠭᠠᠭᠤᠯᠢ ᠡᠷᠬᠢᠯᠡᠬᠦ ᠵᠦᠪ ᠴᠢᠭᠯᠡᠯ ᠢ ᠡᠵᠡᠮᠳᠡᠨ᠂ ᠵᠢᠭᠠᠨ ᠰᠤᠷᠭᠠᠯᠳᠠ ᠪᠤᠯᠤᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠢ ᠤᠯᠠᠮ ᠲᠡᠭᠡᠭᠰᠢᠯᠡᠬᠦᠯᠵᠤ᠂ ᠦᠪᠡᠷ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠬᠦᠴᠤᠨ ᠴᠢᠳᠠᠯ ᠢᠶᠠᠨ ᠨᠡᠮᠡᠷᠢᠯᠡᠬᠦ ᠬᠡᠷᠡᠭᠳᠡᠢ᠃ ᠴᠢᠳᠠᠪᠤᠷᠢᠳᠠᠨ ᠢ ᠤᠷᠢᠵᠤ ᠠᠪᠴᠢᠷᠠᠬᠤ ᠡᠯ᠎ᠡ ᠵᠦᠢᠯ ᠬᠡᠪ ᠮᠠᠶ᠋ᠢᠭ ᠢ ᠢᠳᠡᠪᠬᠢᠳᠡᠢ ᠰᠦᠪᠡᠭᠴᠢᠯᠡᠨ  ᠬᠡᠷᠡᠭᠴᠡᠭᠡ ᠲᠠᠢ ᠴᠢᠳᠠᠪᠤᠷᠢᠳᠠᠨ ᠢ ᠬᠠᠶᠢᠬᠤ ᠬᠡᠷᠡᠭᠳᠡᠢ᠃
9 ᠳ᠋ᠤᠬᠡᠷ ᠰᠠᠷ᠎ᠠ ᠶᠢᠨ 8 ᠤ ᠡᠳᠤᠷ ᠤᠨ ᠦᠳᠡ ᠶᠢᠨ ᠡᠮᠦᠨ᠎ᠡ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ ᠶᠢᠨ ᠲᠤᠭᠠᠨ ᠤ ᠤᠬᠠᠭᠠᠨ  ᠤ ᠤᠨᠴᠨ ᠲᠡᠰ ᠤᠨ ᠪᠠᠭᠰᠢ᠂ ︽ᠰᠤ᠋ ᠪᠦ᠋ ᠴᠢᠩ ᠲᠤᠭᠠᠨ ᠤ ᠤᠬᠠᠭᠠᠨ ᠤ ᠵᠢᠭᠠᠨ ᠰᠤᠷᠭᠠᠯᠳᠠ ᠶᠢᠨ ᠱᠠᠩᠨᠠᠯᠳᠤ︾ ᠡᠷᠳᠡᠨᠢᠪᠠᠶᠠᠷ ᠪᠠᠭᠰᠢ ᠶᠢ ᠪᠤᠯᠭᠤᠭᠠᠨ ᠦᠵᠡᠪᠡ᠃
9 ᠳ᠋ᠤᠬᠡᠷ ᠰᠠᠷ᠎ᠠ ᠶᠢᠨ 8 ᠤ ᠡᠳᠤᠷ ᠤᠨ ᠦᠳᠡ ᠶᠢᠨ ᠡᠮᠦᠨ᠎ᠡ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ︽ᠰᠤ᠋ ᠪᠦ᠋ ᠴᠢᠩ ᠲᠤᠭᠠᠨ ᠤ ᠤᠬᠠᠭᠠᠨ ᠤ ᠵᠢᠭᠠᠨ ᠰᠤᠷᠭᠠᠯᠳᠠ ᠶᠢᠨ ᠱᠠᠩᠨᠠᠯ︾ ᠬᠦᠷᠳᠡᠭᠰᠨᠨ ᠡᠷᠳᠡᠨᠢᠪᠠᠶᠠᠷ ᠪᠠᠭᠰᠢ ᠶᠢ ᠪᠤᠯᠭᠤᠭᠠᠨ ᠦᠵᠡᠬᠦ ᠶᠢᠨ ᠬᠠᠮᠳᠤ ᠡᠷᠳᠡᠨᠢᠪᠠᠶᠠᠷ ᠪᠠᠭᠰᠢ ᠶᠢᠨ ᠲᠤᠷᠰᠢᠯᠳᠠ ᠶᠢᠨ ᠵᠢᠭᠠᠨ ᠰᠤᠷᠭᠠᠯᠳᠠ ᠶᠢᠨ ᠲᠤᠬᠠᠢ ᠲᠠᠨᠢᠯᠴᠠᠭᠤᠯᠭ᠎ᠠ ᠶᠢ ᠰᠤᠨᠤᠰᠤᠬᠰᠠᠨ ᠪᠠᠶᠢᠨ᠎ᠠ᠃   ᠡᠷᠳᠡᠨᠢᠪᠠᠶᠠᠷ ᠪᠤᠯ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢ ᠬᠠᠷᠢᠶᠠᠳᠤ ᠲᠤᠮᠳᠠᠳᠤ ᠰᠤᠷᠭᠠᠭᠤᠯᠢ ᠶᠢᠨ ᠲᠤᠭᠠᠨ ᠤ ᠤᠬᠠᠭᠠᠨ ᠤ ᠤᠨᠴᠨ ᠲᠡᠰ ᠤᠨ ᠪᠠᠭᠰᠢ᠂ ︽ᠰᠤ᠋ ᠪᠦ᠋ ᠴᠢᠩ ᠲᠤᠭᠠᠨ ᠤ ᠤᠬᠠᠭᠠᠨ ᠤ ᠵᠢᠭᠠᠨ ᠰᠣᠷᠭᠠᠯᠳᠠ ᠶᠢᠨ ᠱᠠᠩᠨᠠᠯ︾ ᠢ ᠬᠦᠷᠳᠡᠭᠴᠢ ᠶᠤᠮ᠃ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ  ᠶᠢᠨ ᠬᠠᠷᠢᠶᠠᠳᠤ ᠲᠤᠮᠳᠠᠳᠤ ᠰᠤᠷᠭᠠᠭᠤᠯᠢ ᠳᠤ ᠡᠷᠳᠡᠨᠢᠪᠠᠶᠠᠷ ᠪᠠᠭᠰᠢ ᠸᠢᠳᠢᠤ᠋ ᠹᠢᠯᠢᠮ᠂ ᠵᠢᠭᠠᠨ ᠰᠤᠷᠭᠠᠯᠳᠠ ᠶᠢᠨ ᠪᠠᠭᠠᠵᠢ ᠶᠢᠨ ᠦᠵᠡᠬᠦᠯᠤᠯᠬᠡ ᠵᠡᠷᠬᠡ ᠬᠡᠯᠪᠡᠷᠢ ᠪᠠᠷ ᠲᠤᠭᠠᠨ ᠤ ᠤᠬᠠᠭᠠᠨ ᠤ ᠲᠤᠷᠰᠢᠯᠳᠠ ᠶᠢᠨ ᠲᠠᠰᠤᠭ ᠲᠤ ᠵᠢᠭᠠᠨ ᠰᠤᠷᠭᠠᠯᠳᠠ ᠦᠷᠨᠢᠬᠦᠯᠵᠤ ᠪᠠᠶᠢᠭ᠎ᠠ ᠪᠠᠶᠢᠳᠠᠯ ᠢ ᠨᠠᠷᠢᠯᠢᠭ ᠲᠠᠨᠢᠯᠴᠠᠭᠤᠯᠤᠯ᠎ᠠ᠃ ᠱᠢ ᠲᠠᠢ ᠹᠸᠡᠭ ᠬᠡᠯᠡᠭᠰᠡᠨ ᠨᠢ᠂ ᠲᠠ ᠲᠤᠭᠠᠨ ᠤ ᠤᠬᠠᠭᠠᠨ ᠤ ᠲᠤᠷᠰᠢᠯᠳᠠ ᠶᠢᠨ ᠲᠠᠰᠤᠭ ᠤᠨ ᠵᠢᠭᠠᠨ ᠰᠤᠷᠭᠠᠯᠳᠠ ᠶᠢᠨ ᠠᠷᠭ᠎ᠠ ᠪᠠᠷ ᠬᠡᠶᠢᠰᠪᠤᠷᠢ ᠲᠤᠭᠠᠨ  ᠤ ᠤᠬᠠᠭᠠᠨ ᠢ  ᠰᠢᠭᠤᠳ ᠤᠯᠵᠤ ᠦᠵᠡᠬᠦ ᠪᠦᠬᠡᠳ ᠰᠤᠨᠢᠷᠬᠠᠯᠳᠠᠢ ᠪᠤᠯᠭᠠᠵᠤ᠂ ᠰᠤᠷᠤᠬᠴᠢᠳ ᠤᠨ ᠰᠤᠷᠤᠯᠴᠠᠬᠤ ᠤᠷᠮ᠎ᠠ ᠶᠢ ᠪᠦᠳᠦᠮᠵᠢᠳᠡᠢ ᠬᠦᠭᠵᠢᠬᠡᠵᠡᠢ᠂ ᠡᠨᠡ ᠪᠤᠯ ᠲᠤᠩ ᠰᠠᠶᠢᠨ ᠠᠷᠭ᠎ᠠ ᠶᠤᠮ᠃ ᠱᠢ ᠲᠠᠢ ᠹᠸᠡᠭ ᠴᠢᠬᠤᠯᠠᠴᠢᠯᠠᠬᠰᠠᠨ ᠨᠢ᠂ ᠪᠠᠭᠰᠢ ᠨᠠᠷ ᠦᠢᠯᠡᠳᠤᠯᠬᠡ ᠶᠢ ᠢᠳᠡᠪᠬᠢᠳᠡᠢ ᠰᠦᠪᠡᠭᠴᠢᠯᠡᠨ᠂ ᠵᠢᠭᠠᠨ ᠰᠤᠷᠭᠠᠯᠳᠠ ᠶᠢᠨ ᠠᠷᠭ᠎ᠠ ᠪᠠᠷᠢᠯ ᠢᠶᠠᠨ ᠲᠠᠰᠤᠷᠠᠯᠳᠠ ᠦᠬᠡᠢ ᠰᠢᠨᠡᠴᠢᠯᠡᠵᠤ  ᠂ ᠡᠷᠳᠡᠮ ᠮᠡᠳᠡᠯᠬᠡ ᠶᠢ ᠨᠡᠩ ᠰᠠᠶᠢᠨ ᠤᠯᠠᠮᠵᠢᠯᠠᠨ ᠪᠢᠴᠢᠭ ᠵᠢᠭᠠᠵᠤ ᠬᠦᠮᠦᠨ ᠢ ᠬᠦᠮᠤᠵᠢᠬᠦᠯᠬᠦ ᠬᠡᠷᠡᠭᠳᠡᠢ᠃
9 ᠳ᠋ᠤᠬᠡᠷ ᠰᠠᠷ᠎ᠠ ᠶᠢᠨ 8 ᠤ ᠡᠳᠤᠷ ᠤᠨ ᠦᠳᠡ ᠶᠢᠨ ᠡᠮᠦᠨ᠎ᠡ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ  ᠬᠦᠬᠡᠬᠤᠳᠠ  ᠶᠢᠨ ᠰᠠᠶᠢᠬᠠᠨ ᠲᠤᠭᠤᠷᠢᠭ ᠤᠨ ᠶᠢᠨ ᠴᠢᠶᠤᠤ ᠪᠠᠭ᠎ᠠ ᠰᠤᠷᠭᠠᠭᠤᠯᠢ ᠶᠢᠨ ᠶᠤᠰᠤ ᠮᠤᠷᠠᠯ ᠪᠤᠯᠤᠨ ᠬᠠᠤᠯᠢ ᠴᠠᠭᠠᠵᠨ  ᠶᠢᠨ ᠬᠢᠴᠢᠶᠡᠯ ᠤᠨ ᠪᠠᠭᠰᠢ᠂ ᠪᠦᠬᠦ ᠤᠯᠤᠰ ᠤᠨ ᠰᠢᠯᠢᠳᠡᠭ ᠬᠤᠰᠢᠭᠤᠴᠢ ᠠᠩᠭᠢ ᠶᠢᠨ ᠵᠢᠯᠤᠭᠤᠳᠤᠬᠴᠢ ᠶᠦᠨ ᠨᠨ  ᠶᠢ ᠲᠤᠬᠤᠨᠢᠭᠤᠯᠵᠤ᠂ ᠶᠦᠨ ᠨᠨ ᠪᠠᠭᠰᠢ ᠶᠢᠨ ᠵᠢᠭᠠᠨ ᠰᠤᠷᠭᠠᠯᠳᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠤᠯ᠎ᠠ᠃
9  ᠳ᠋ᠤᠬᠡᠷ  ᠰᠠᠷ᠎ᠠ ᠶᠢᠨ 8 ᠤ ᠡᠳᠤᠷ ᠤᠨ ᠦᠳᠡ ᠶᠢᠨ ᠡᠮᠦᠨ᠎ᠡ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ  ᠬᠦᠬᠡᠬᠤᠳᠠ  ᠶᠢᠨ ᠰᠠᠶᠢᠬᠠᠨ ᠲᠤᠭᠤᠷᠢᠭ ᠤᠨ ᠶᠢᠨ ᠴᠢᠶᠤᠤ ᠪᠠᠭ᠎ᠠ ᠰᠤᠷᠭᠠᠭᠤᠯᠢ ᠶᠢᠨ ᠶᠤᠰᠤ ᠮᠤᠷᠠᠯ ᠪᠤᠯᠤᠨ ᠬᠠᠤᠯᠢ ᠴᠠᠭᠠᠵᠨ  ᠶᠢᠨ ᠬᠢᠴᠢᠶᠡᠯ ᠤᠨ ᠪᠠᠭᠰᠢ᠂ ᠪᠦᠬᠦ ᠤᠯᠤᠰ ᠤᠨ ᠰᠢᠯᠢᠳᠡᠭ ᠬᠤᠰᠢᠭᠤᠴᠢ ᠠᠩᠭᠢ ᠶᠢᠨ ᠵᠢᠯᠤᠭᠤᠳᠤᠬᠴᠢ ᠶᠦᠨ ᠨᠨ  ᠶᠢ  ᠪᠤᠯᠭᠤᠭᠠᠨ ᠲᠤᠬᠤᠨᠢᠭᠤᠯᠤᠯ᠎ᠠ᠃
 ᠱᠢ ᠲᠠᠢ ᠹᠸᠡᠭ ᠶᠢᠨ ᠴᠢᠶᠤᠤ ᠪᠠᠭ᠎ᠠ ᠰᠤᠷᠭᠠᠭᠤᠯᠢ ᠶᠢᠨ ᠠᠵᠢᠯ ᠤᠨ ᠲᠠᠰᠤᠭ ᠲᠤ ᠬᠦᠷᠴᠤ ᠶᠤᠰᠤ ᠮᠤᠷᠠᠯ ᠪᠤᠯᠤᠨ ᠬᠠᠤᠯᠢ ᠴᠠᠭᠠᠵᠨ ᠶᠢᠨ ᠬᠢᠴᠢᠶᠡᠯ ᠤᠨ ᠪᠠᠭᠰᠢ᠂ ᠪᠦᠬᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠵᠢᠭᠠᠨ ᠵᠢᠯᠤᠭᠤᠳᠤᠬᠴᠢ ᠶᠦᠨ ᠨᠨ ᠪᠠᠭᠰᠢ ᠲᠠᠢ ᠲᠤᠳᠤᠨᠤ ᠪᠠᠷ ᠶᠠᠷᠢᠯᠴᠠᠨ᠂ ᠵᠢᠭᠠᠨ ᠰᠤᠷᠭᠠᠯᠳᠠ ᠦᠷᠨᠢᠬᠦᠯᠵᠤ ᠪᠠᠶᠢᠭ᠎ᠠ ᠪᠠᠶᠢᠳᠠᠯ ᠢ ᠨᠢ ᠬᠦᠨᠵᠡᠬᠡᠢ ᠤᠶᠢᠯᠠᠭᠠᠪᠠ᠃ ᠱᠢ ᠲᠠᠢ ᠹᠸᠡᠭ ᠵᠢᠭᠠᠬᠰᠠᠨ ᠨᠢ᠂ ᠬᠡᠤᠬᠡᠳ ᠤᠨ ᠦᠨᠳᠤᠰᠤᠨ ᠦᠢᠯᠨ ᠠᠵᠢᠯᠯᠠᠭᠠᠨ ᠤ ᠲᠦᠷᠢᠮᠵᠢᠯ ᠨᠢ ᠦᠢᠯᠨ ᠬᠦᠳᠡᠯᠤᠯ᠂ ᠦᠬᠡ ᠶᠠᠷᠢᠶ᠎ᠠ ᠪᠤᠯᠭᠠᠨ ᠲᠡᠬᠡᠷ᠎ᠡ ᠨᠢ ᠢᠯᠡᠷᠡᠵᠤ ᠪᠠᠶᠢᠳᠠᠭ ᠪᠦᠬᠡᠳ ᠭᠤᠤᠯᠳᠠᠭᠤ ᠪᠠᠭ᠎ᠠ ᠰᠤᠷᠭᠠᠭᠤᠯᠢ ᠶᠢᠨ ᠱᠠᠳᠤᠨ ᠳᠤ ᠢᠳᠡᠭ ᠢᠳᠡᠭ ᠢᠶᠠᠷ ᠬᠦᠮᠤᠵᠢᠭ᠍ᠳᠡᠳᠡᠭ ᠪᠤᠯᠬᠤᠷ ᠲᠡᠳᠡᠨ ᠳᠤ ᠶᠤᠰᠤ ᠮᠤᠷᠠᠯ ᠪᠤᠯᠤᠨ ᠬᠠᠤᠯᠢ ᠴᠠᠭᠠᠵᠨ ᠶᠢᠨ ᠬᠦᠮᠤᠵᠢᠯ ᠬᠦᠷᠳᠡᠬᠡᠬᠦ ᠪᠤᠯ ᠲᠤᠶᠢᠯ ᠤᠨ ᠴᠢᠬᠤᠯᠨ ᠶᠤᠮ᠃ ᠰᠤᠷᠭᠠᠭᠤᠯᠢ ᠨᠢ ᠶᠤᠰᠤ ᠮᠤᠷᠠᠯ ᠪᠤᠯᠤᠨ ᠬᠠᠤᠯᠢ ᠴᠠᠭᠠᠵᠨ ᠶᠢᠨ ᠵᠢᠭᠠᠨ ᠰᠤᠷᠭᠠᠯᠳᠠ  ᠶᠢ ᠦᠨᠡᠨ ᠬᠦ ᠰᠠᠶᠢᠳᠤᠷ ᠠᠳᠬᠤᠵᠤ᠂ ᠬᠡᠤᠬᠡᠳ ᠤᠨ ᠤᠯᠤᠰ ᠢᠶᠠᠨ ᠬᠠᠶᠢᠷᠠᠯᠠᠬᠤ ᠤᠬᠠᠮᠰᠠᠷ᠂ ᠡᠷᠬᠡᠳᠤ ᠠᠷᠠᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠬᠠᠷᠠᠬᠠᠨ ᠪᠠᠭ᠎ᠠ ᠠᠴᠠ ᠨᠢ ᠪᠠᠳᠤᠳᠬᠠᠵᠤ᠂ ᠡᠷᠬᠢᠮ ᠲᠡᠬᠡᠳᠤ ᠶᠤᠰᠤ ᠮᠤᠷᠠᠯ ᠤᠨ ᠰᠡᠳᠬᠢᠯᠬᠡ ᠶᠢ ᠬᠦᠮᠤᠵᠢᠬᠦᠯᠤᠨ  ᠂ ᠰᠠᠶᠢᠨ ᠰᠠᠶᠢᠬᠠᠨ ᠦᠢᠯᠨ ᠠᠵᠢᠯᠯᠠᠭ᠎ᠠ ᠶᠢᠨ ᠲᠠᠳᠬᠠᠯ ᠲᠠᠢ ᠪᠤᠯᠭᠠᠵᠤ ᠂ ᠲᠡᠳᠡᠨ ᠳᠤ ᠨᠠᠰᠤ ᠪᠠᠷ ᠨᠢ ᠠᠰᠢᠭ ᠬᠦᠷᠳᠡᠬᠡᠬᠦ ᠬᠡᠷᠡᠭᠳᠡᠢ᠃   ᠱᠢ   ᠲᠠᠢ ᠹᠸᠡᠭ ᠵᠢᠭᠠᠬᠰᠠᠨ ᠨᠢ᠂ ᠪᠠᠭᠰᠢ ᠪᠤᠯ ᠰᠤᠷᠭᠠᠨ ᠬᠦᠮᠤᠵᠢᠯ ᠤᠨ ᠦᠨᠳᠤᠰᠤ᠂ ᠰᠤᠷᠭᠠᠨ ᠬᠦᠮᠤᠵᠢᠯ ᠢ‌ᠮᠠᠨᠳᠤᠭᠤᠯᠬᠤ ᠶᠢᠨ ᠡᠬᠢ ᠪᠤᠯᠠᠭ ᠪᠤᠯᠬᠤᠷ ᠬᠠᠷᠢᠭᠤᠴᠠᠯᠭ᠎ᠠ ᠬᠦᠨᠳᠤ᠂ ᠡᠬᠦᠷᠬᠡᠯᠡᠯ ᠦᠡᠭᠭᠡ ᠬᠡᠷᠡᠯᠳᠡᠢ ᠶᠤᠮ᠃ ᠪᠦᠬᠦ ᠤᠷᠤᠨ ᠤ ᠪᠠᠭᠰᠢ ᠨᠠᠷ ᠨᠠᠮ ᠤᠨ ᠰᠤᠷᠭᠠᠨ ᠬᠦᠮᠤᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠪᠢᠴᠢᠭ ᠵᠢᠭᠠᠵᠤ ᠬᠦᠮᠦᠨ ᠢ ᠬᠦᠮᠤᠵᠢᠬᠦᠯᠬᠦ ᠠᠷᠢᠭᠤᠨ ᠲᠠᠷᠬᠠᠨ ᠡᠬᠦᠷᠬᠡ ᠬᠠᠷᠢᠭᠤᠴᠠᠯᠭ᠎ᠠ ᠪᠠᠨ ᠴᠠᠭ ᠢᠮᠠᠬᠳᠠ ᠪᠠᠳᠤ ᠴᠡᠬᠡᠵᠢᠯᠡᠨ᠂ ᠯᠠᠪᠳᠠᠭᠤᠨ ᠪᠠᠳᠤᠳᠠᠢ ᠮᠡᠳᠡᠯᠬᠡ ᠪᠠᠷ ᠢᠶᠠᠨ ᠰᠤᠷᠤᠬᠴᠢᠳ ᠤᠨ ᠤᠶᠤᠨ ᠤ ᠬᠠᠭᠠᠯᠭ᠎ᠠ ᠶᠢ ᠰᠡᠬᠦᠵᠤ᠂ ᠡᠷᠬᠢᠮ ᠲᠡᠬᠡᠳᠤ ᠬᠡᠪ ᠰᠤᠷᠳᠠᠯ ᠢᠶᠠᠷ ᠰᠤᠷᠤᠬᠴᠢᠳ ᠤᠨ ᠡᠷᠡᠬᠦᠯ ᠰᠠᠷᠠᠭᠤᠯ ᠦᠰᠤᠨ ᠪᠤᠶᠢᠵᠢᠯᠳᠠ ᠶᠢ ᠬᠦᠳᠤᠯᠬᠦ ᠬᠡᠷᠡᠭᠳᠡᠢ᠃ ᠡᠯ᠎ᠡ ᠱᠠᠳᠤ ᠡᠯ᠎ᠡ ᠭᠠᠵᠠᠷ ᠤᠷᠤᠨ ᠪᠠᠭᠰᠢ ᠶᠢ ᠬᠦᠨᠳᠤᠯᠡᠵᠤ ᠰᠤᠷᠭᠠᠨ ᠬᠦᠮᠤᠵᠢᠯ ᠢ ᠴᠢᠬᠤᠯᠠᠴᠢᠯᠠᠬᠤ ᠰᠢᠯᠢᠳᠡᠭ ᠤᠯᠠᠮᠵᠢᠯᠠᠯ ᠢ ᠪᠦᠬᠦ ᠲᠠᠯ᠎ᠠ ᠪᠠᠷ ᠪᠠᠳᠠᠷᠠᠭᠤᠯᠤᠨ᠂ ᠪᠠᠭᠰᠢ ᠨᠠᠷ ᠤᠨ ᠬᠠᠷᠠᠭᠠᠯᠵᠠᠯ ᠢ ᠦᠨᠡᠨ ᠬᠦ ᠪᠠᠳᠤᠯᠠᠬᠤ ᠪᠠ ᠰᠠᠶᠢᠵᠢᠷᠠᠭᠤᠯᠵᠤ᠂ ᠪᠠᠭᠰᠢ ᠨᠠᠷ ᠪᠤᠯᠤᠨ ᠰᠤᠷᠭᠠᠨ ᠬᠦᠮᠤᠵᠢᠯ ᠤᠨ ᠠᠵᠢᠯᠳᠠᠳ ᠲᠤ ᠬᠦᠮᠦᠨ ᠢ ᠬᠦᠮᠤᠵᠢᠬᠦᠯᠬᠦ ᠨᠡᠩ ᠰᠠᠶᠢᠨ ᠤᠷᠴᠢᠨ ᠲᠤᠭᠤᠷᠢᠨ᠂ ᠨᠡᠩ ᠶᠡᠭᠡ ᠬᠦᠭᠵᠢᠯᠳᠡ ᠶᠢᠨ ᠤᠷᠤᠨ ᠵᠠᠢ ᠶᠢ ᠪᠤᠢ ᠪᠤᠯᠭᠠᠵᠤ᠂ ᠪᠦᠬᠦ ᠨᠡᠶᠢᠬᠡᠮ  ᠢᠶᠠᠷ ᠢᠶᠠᠨ ᠮᠡᠳᠡᠯᠬᠡ ᠶᠢ ᠴᠢᠬᠤᠯᠠᠴᠢᠯᠠᠬᠤ᠂ ᠴᠢᠳᠠᠪᠤᠷᠢᠳᠠᠨ ᠢ ᠬᠦᠨᠳᠤᠳᠬᠡᠬᠦ ᠪᠤᠯᠤᠨ ᠪᠠᠭᠰᠢ ᠶᠢ ᠬᠦᠨᠳᠤᠯᠡᠬᠦ ᠦᠨᠢᠷ ᠦᠳᠬᠡᠨ ᠠᠭᠤᠷ ᠠᠮᠢᠰᠬᠤᠯ ᠢ ᠪᠦᠷᠢᠯᠳᠤᠬᠦᠯᠬᠦ ᠬᠡᠷᠡᠭᠳᠡᠢ᠃   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠳ᠋ᠢᠩ ᠰᠢᠤ ᠹᠸᠡᠭ᠂ ᠬᠦᠬᠡᠬᠤᠳᠠ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭᠠᠨ ᠳᠤ ᠤᠷᠤᠯᠴᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号