ᠱᠢ ᠲᠠᠢ ᠹᠸᠡᠭ ᠵᠢᠩ ᠢᠤᠢ ᠯᠢᠤᠢ ᠮᠨ ᠮᠨ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠬᠤᠨᠭ᠌ ᠴᠢᠩ ᠬᠤᠸ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2021/9/10
ᠱᠢ ᠲᠠᠢ ᠹᠸᠡᠭ ᠵᠢᠩ ᠢᠤᠢ ᠯᠢᠤᠢ ᠮᠨ ᠮᠨ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠬᠤᠨᠭ᠌ ᠴᠢᠩ ᠬᠤᠸ᠋ᠨ ᠲᠠᠢ ᠠᠭᠤᠯᠵᠠᠪᠠ     9 ᠳ᠋ᠤᠬᠡᠷ ᠰᠠᠷ᠎ᠠ ᠶᠢᠨ 8 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ᠂ ᠵᠢᠩ ᠢᠤᠢ ᠯᠢᠤᠢ ᠮᠨ ᠮᠨ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠬᠤᠨᠭ᠌ ᠴᠢᠩ ᠬᠤᠸ᠋ᠨ ᠨᠠᠷ ᠲᠠᠢ ᠠᠭᠤᠯᠵᠠᠯ᠎ᠠ᠃
    9  ᠳ᠋ᠤᠭᠡᠷ ᠰᠠᠷ᠎ᠠ ᠶᠢᠨ 8 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ᠂ ᠵᠢᠩ ᠢᠤᠢ ᠯᠢᠤᠢ ᠮᠨ ᠮᠨ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠬᠤᠨᠭ᠌ ᠴᠢᠩ ᠬᠤᠸ᠋ᠨ ᠨᠠᠷ ᠲᠠᠢ ᠠᠭᠤᠯᠵᠠᠵᠤ ᠪᠠᠶᠢᠭ᠎ᠠ ᠨᠢ᠃   ᠱᠢ ᠲᠠᠢ ᠹᠸᠡᠭ ᠬᠤᠨᠭ᠌ ᠴᠢᠩ ᠬᠤᠸ᠋ᠨ ᠨᠠᠷ ᠤᠨ ᠮᠠᠨ ᠤ ᠤᠷᠤᠨ ᠳᠤ ᠲᠤᠭᠤᠷᠢᠨ ᠪᠠᠶᠢᠴᠠᠭᠠᠵᠤ ᠬᠡᠯᠡᠯᠴᠡᠬᠡᠷ ᠬᠢᠬᠦ  ᠪᠠᠷ ᠢᠷᠡᠭᠰᠡᠨ ᠳᠤ ᠪᠠᠶᠠᠷᠯᠠᠨ ᠤᠬᠳᠤᠵᠤ ᠪᠠᠶᠢᠭ᠎ᠠ ᠪᠠᠨ ᠢᠯᠡᠳᠬᠡᠬᠦ ᠶᠢᠨ ᠬᠠᠮᠳᠤ ᠦᠪᠤᠷ ᠮᠤᠩᠭᠤᠯ ᠤᠨ ᠪᠠᠶᠢᠳᠠᠯ ᠪᠤᠯᠤᠨ ᠰᠤᠶᠤᠯ ᠤᠨ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠢ ᠲᠦᠬᠦᠮ ᠲᠠᠨᠢᠯᠴᠠᠭᠤᠯᠤᠯ᠎ᠠ᠃ ᠱᠢ ᠲᠠᠢ ᠹᠸᠡᠭ ᠬᠡᠯᠡᠭᠰᠡᠨ ᠨᠢ᠂ ᠦᠪᠤᠷ ᠮᠤᠩᠭᠤᠯ ᠤᠨ ᠰᠤᠶᠤᠯ ᠤᠨ ᠵᠢᠭᠤᠯᠴᠢᠯᠠᠯ ᠤᠨ ᠡᠬᠢ ᠪᠠᠶᠠᠯᠢᠭ ᠲᠤᠶᠢᠯ ᠤᠨ ᠡᠯᠪᠡᠭ ᠪᠠᠶᠠᠯᠢᠭ᠂ ᠵᠢᠭᠤᠯᠴᠢᠯᠠᠯ   ᠤᠨ ᠦᠢᠯᠡᠰ ᠢ ᠬᠦᠭᠵᠢᠬᠦᠯᠬᠦ ᠢᠷᠡᠬᠡᠳᠤᠢ ᠦᠷᠬᠡᠨ ᠲᠡᠯᠬᠡᠷ᠂ ᠨᠦᠬᠡᠴᠨ ᠬᠦᠴᠤᠨ ᠬᠢᠵᠠᠭᠠᠯᠠᠰᠢ ᠦᠬᠡᠢ ᠶᠤᠮ᠃ ︽ᠠᠷᠪᠠᠨ ᠲᠦᠷᠪᠡᠳᠤᠬᠡᠷ ᠲᠠᠪᠤᠨ ᠵᠢᠯ ᠤᠨ ᠲᠦᠯᠦᠪᠵᠢᠬᠦᠯᠬᠡ︾ ᠶᠢᠨ ᠬᠤᠭᠤᠴᠠᠭᠠᠨ ᠳᠤ ᠪᠢᠳᠡ ᠰᠤᠶᠤᠯ ᠤᠨ ᠵᠢᠭᠤᠯᠴᠢᠯᠠᠯ ᠤᠨ ᠠᠵᠤ ᠦᠢᠯᠡᠰ ᠢ ᠲᠡᠰ ᠲᠡᠪᠰᠢᠬᠦᠯᠬᠦ ᠶᠢ ᠲᠦᠷᠬᠡᠨ ᠠᠬᠢᠭᠤᠯᠵᠤ᠂ ᠲᠤᠳᠠᠭᠤᠳᠠᠯ ᠢᠶᠠᠨ ᠨᠦᠬᠦᠪᠤᠷᠢᠯᠡᠨ᠂  ᠠᠵᠢᠯ ᠤᠨ ᠪᠠᠶᠢᠳᠠᠯ ᠢ ᠪᠠᠶᠠᠯᠢᠬᠵᠢᠭᠤᠯᠵᠤ᠂ ᠲᠡᠰ ᠲᠡᠪᠬᠤᠷᠭ᠎ᠠ  ᠶᠢ ᠲᠡᠭᠡᠭᠰᠢᠯᠡᠬᠦᠯᠵᠤ᠂ ᠰᠢᠨ᠎ᠡ ᠬᠦᠭᠵᠢᠯᠳᠡ ᠶᠢᠨ ᠱᠠᠳᠤᠨ ᠤ ᠵᠢᠭᠤᠯᠴᠢᠯᠠᠯ   ᠤᠨ ᠵᠠᠬ᠎ᠠ ᠲᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠨᠡᠩ ᠤᠯᠠᠨ ᠰᠢᠯᠢᠳᠡᠭ ᠪᠦᠳᠦᠭᠳᠡᠬᠦᠨ ᠪᠤᠯᠤᠨ ᠦᠢᠯᠡᠴᠢᠯᠡᠭᠡ ᠶᠢ ᠴᠢᠷᠮᠠᠶᠢᠨ ᠡᠬᠦᠳᠴᠤ᠂ ᠰᠤᠶᠤᠯ ᠤᠨ ᠵᠢᠭᠤᠯᠴᠢᠯᠠᠯ ᠤᠨ ᠠᠵᠵᠤ ᠦᠢᠯᠡᠰ   ᠤᠨ ᠴᠢᠨᠠᠷᠯᠢᠭ ᠬᠦᠭᠵᠢᠯᠳᠡ ᠶᠢ ᠠᠬᠢᠭᠤᠯᠤᠨ᠂ ᠵᠢᠭᠤᠯᠴᠢᠯᠠᠯ ᠤᠨ ᠡᠬᠢ ᠪᠠᠶᠠᠯᠢᠭ ᠤᠨ ᠲᠠᠪᠠᠭᠤᠯᠢᠭ ᠢ ᠦᠨᠡᠨ ᠬᠦ ᠠᠵᠤ ᠦᠢᠯᠡᠰ ᠤᠨ ᠲᠠᠪᠠᠭᠤᠯᠢᠭ ᠪᠤᠯᠭᠠᠨ᠎ᠠ᠃ ᠪᠢᠳᠡ ᠵᠢᠩ ᠢᠤᠢ ᠯᠢᠤᠢ ᠮᠨ ᠮᠨ ᠪᠦᠯᠦᠭᠯᠡᠯ ᠪᠤᠯᠤᠨ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠶᠢᠨ ᠪᠤᠳᠠᠳᠠᠢ ᠬᠠᠮᠳᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠪᠡᠯᠨ ᠤᠷᠤᠭᠤᠯᠤᠨ ᠬᠦᠭᠵᠢᠬᠦ ᠳᠤ ᠰᠠᠶᠢᠨ ᠰᠠᠶᠢᠬᠠᠨ ᠨᠦᠬᠦᠴᠡᠯ ᠢ ᠵᠠᠪᠠᠯ ᠪᠦᠷᠢᠯᠳᠤᠬᠦᠯᠵᠤ᠂ ᠰᠢᠯᠢᠳᠡᠭ ᠦᠢᠯᠡᠴᠢᠯᠡᠭᠡ ᠬᠠᠨᠭ᠍ᠭᠠᠬᠤ ᠪᠤᠯᠤᠨ᠎ᠠ᠃   ᠬᠤᠨᠭ᠌ ᠴᠢᠩ ᠬᠤᠸ᠋ᠨ ᠢᠯᠡᠷᠬᠡᠶᠢᠯᠡᠭᠰᠡᠨ ᠨᠢ᠂ ᠵᠢᠩ ᠢᠤᠢ ᠯᠢᠤᠢ ᠮᠠ ᠮᠨ ᠪᠦᠯᠦᠭᠯᠡᠯ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠴᠢᠯᠡᠭᠡ ᠶᠢᠨ ᠲᠠᠪᠠᠭᠤᠯᠢᠭ ᠢᠶᠠᠨ ᠪᠠᠳᠠᠷᠠᠭᠤᠯᠤᠨ ᠪᠠᠶᠢᠯᠳᠤᠬᠤ ᠪᠤᠳᠤᠯᠭ᠎ᠠ ᠶᠢᠨ ᠠᠰᠠᠭᠤᠨ ᠯᠠᠪᠯᠠᠯᠭ᠎ᠠ ᠶᠢᠨ ᠲᠦᠯᠦᠪᠵᠢᠬᠦᠯᠬᠡ᠂ ᠠᠷᠭ᠎ᠠ ᠵᠠᠮ ᠢᠶᠠᠷ ᠵᠤᠴᠢᠨ ᠬᠦᠷᠬᠡᠬᠦ᠂ ᠦᠵᠡᠮᠵᠢ ᠶᠢᠨ ᠤᠷᠤᠨ ᠳᠤ ᠪᠡᠯᠨ ᠤᠷᠤᠭᠤᠯᠵᠤ ᠡᠵᠡᠩᠨᠡᠬᠦ᠂ ᠰᠦᠯᠵᠢᠶᠡᠨ ᠤ ᠤᠳᠤ ᠶᠢᠨ ᠲᠦᠷᠤᠯ ᠵᠦᠢᠯ ᠢ ᠡᠬᠦᠳᠬᠦ᠂ ᠤᠶᠤᠨᠯᠢᠭ ᠵᠢᠭᠤᠯᠴᠢᠯᠠᠯ ᠢ ᠬᠦᠭᠵᠢᠬᠦᠯᠬᠦ ᠵᠡᠷᠬᠡ ᠲᠠᠯ᠎ᠠ ᠪᠠᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠲᠠᠢ ᠬᠠᠮᠳᠤᠷᠠᠯᠴᠠᠭ᠎ᠠ ᠪᠠᠨ ᠴᠢᠩᠭᠠᠳᠬᠠᠨ᠂ ᠦᠪᠡᠷᠮᠢᠴᠨ ᠤᠨᠴᠠᠯᠢᠭ ᠲᠠᠢ ᠵᠢᠭᠤᠯᠴᠢᠯᠠᠯ ᠤᠨ ᠲᠠᠭᠤᠷᠢᠶᠠᠯ ᠲᠦᠷᠤᠯ ᠵᠦᠢᠯ ᠪᠤᠯᠤᠨ ᠬᠦᠮᠦᠰ ᠢ ᠰᠡᠳᠬᠢᠯ ᠲᠠᠳᠠᠬᠰᠠᠨ ᠵᠢᠭᠤᠯᠴᠢᠯᠠᠯ ᠤᠨ ᠤᠷᠤᠨ ᠢ ᠪᠠᠶᠢᠭᠤᠯᠵᠤ᠂ ᠦᠪᠤᠷ ᠮᠤᠩᠭᠤᠯ ᠤᠨ ᠵᠢᠭᠤᠯᠴᠢᠯᠠᠯ ᠤᠨ ᠦᠢᠯᠡᠰ  ᠤᠨ ᠴᠢᠨᠠᠷᠯᠢᠭ ᠬᠦᠭᠵᠢᠯᠳᠡ ᠳᠤ ᠬᠦᠴᠤᠨ ᠨᠡᠮᠡᠷᠢᠯᠡᠨ᠎ᠡ᠃    ᠦᠪᠤᠷ  ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠳ᠋ᠢᠩ ᠰᠢᠤ ᠹᠸᠡᠭ᠂ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号