ᠸᠠᠩ ᠯᠢ ᠰᠢᠶ᠋ᠨ ᠰᠤᠷᠭᠠᠭᠤᠯᠢ ᠳᠤ ᠬᠦᠷᠴᠤ ᠪᠤᠯᠭᠤᠭᠠᠨ ᠲᠤᠬᠤᠨᠢᠭᠤᠯᠬᠤ ᠳᠤ ᠪᠠᠨ ᠪᠦᠬᠦ ᠤᠷᠤᠨ ᠤ ᠰᠤᠷᠭᠠᠨ ᠬᠦᠮᠤᠵᠢᠯ ᠤᠨ ᠠᠵᠢᠯᠳᠠᠳ ᠲᠤ ᠪᠠᠶᠠᠷ ᠤᠨ ᠡᠳᠤᠷ ᠤᠨ ᠮᠡᠨᠳᠤᠴᠢᠯᠡᠯ ᠪᠠ ᠴᠢᠩ ᠰᠡᠳᠬᠢᠯ ᠤᠨ ᠬᠦᠨᠳᠤᠳᠬᠡᠯ ᠲᠡᠪᠰᠢᠬᠦᠯᠤᠯ᠎ᠡ
ᠨᠡᠶᠢᠲᠡᠯᠡᠭᠰᠡᠨ ᠴᠠᠭ᠄
2021/9/10
ᠸᠠᠩ ᠯᠢ ᠰᠢᠶ᠋ᠨ ᠰᠤᠷᠭᠠᠭᠤᠯᠢ ᠳᠤ ᠬᠦᠷᠴᠤ ᠪᠤᠯᠭᠤᠭᠠᠨ ᠲᠤᠬᠤᠨᠢᠭᠤᠯᠬᠤ ᠳᠤ ᠪᠠᠨ ᠪᠦᠬᠦ ᠤᠷᠤᠨ ᠤ ᠰᠤᠷᠭᠠᠨ ᠬᠦᠮᠤᠵᠢᠯ ᠤᠨ ᠠᠵᠢᠯᠳᠠᠳ ᠲᠤ ᠪᠠᠶᠠᠷ ᠤᠨ ᠡᠳᠤᠷ ᠤᠨ ᠮᠡᠨᠳᠤᠴᠢᠯᠡᠯ ᠪᠠ ᠴᠢᠩ ᠰᠡᠳᠬᠢᠯ ᠤᠨ ᠬᠦᠨᠳᠤᠳᠬᠡᠯ ᠲᠡᠪᠰᠢᠬᠦᠯᠤᠯ᠎ᠡ  37  ᠳ᠋ᠤᠭᠠᠷ ᠤᠳᠠᠭᠠᠨ ᠤ ᠪᠠᠭᠰᠢ ᠶᠢᠨ ᠪᠠᠶᠠᠷ ᠬᠦᠷᠴᠤ ᠢᠷᠡᠬᠦ ᠲᠠᠰᠢᠷᠠᠮ ᠢᠶᠠᠷ 9 ᠳ᠋ᠤᠬᠡᠷ ᠰᠠᠷ᠎ᠠ ᠶᠢᠨ 8 ᠤ ᠡᠳᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠠᠷᠤᠭ᠎ᠠ ᠸᠠᠩ ᠯᠢ ᠰᠢᠶ᠋ᠨ ᠬᠦᠬᠡᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ᠂ ᠦᠪᠤᠷ ᠮᠤᠩᠭᠤᠯ ᠤᠨ ᠶᠡᠭᠡ ᠰᠤᠷᠭᠠᠭᠤᠯᠢ ᠳᠤ ᠬᠦᠷᠴᠤ᠂ ᠰᠤᠷᠭᠠᠨ ᠬᠦᠮᠤᠵᠢᠯ ᠵᠢᠭᠠᠨ ᠰᠤᠷᠭᠠᠯᠳᠠ ᠵᠡᠷᠬᠡ ᠪᠠᠶᠢᠳᠠᠯ ᠢ ᠤᠶᠢᠯᠠᠭᠠᠬᠤ ᠶᠢᠨ ᠬᠠᠮᠳᠤ ᠪᠠᠭᠰᠢ ᠨᠠᠷ ᠤᠨ ᠲᠦᠯᠦᠬᠡᠯᠡᠭᠴᠢ ᠶᠢ ᠲᠤᠳᠤᠨᠤ ᠪᠠᠷ ᠪᠤᠯᠭᠤᠭᠠᠨ ᠲᠤᠬᠤᠨᠢᠭᠤᠯᠵᠤ᠂ ᠲᠡᠳᠡᠨ ᠤ ᠦᠪᠤᠷ ᠮᠤᠩᠭᠤᠯ   ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠤᠵᠢᠯ ᠤᠨ ᠦᠢᠯᠡᠰ ᠤᠨ ᠬᠦᠭᠵᠢᠯᠳᠡ ᠳᠤ ᠦᠵᠡᠬᠦᠯᠦᠭᠰᠡᠨ ᠬᠤᠪᠢ ᠨᠡᠮᠡᠷᠢ ᠳᠤ ᠲᠠᠯᠠᠷᠬᠠᠯ ᠲᠡᠪᠰᠢᠬᠦᠯᠦᠭᠰᠡᠨ ᠤ ᠬᠠᠮᠳᠤ ᠪᠦᠬᠦ ᠤᠷᠤᠨ ᠤ ᠰᠤᠷᠭᠠᠨ ᠬᠦᠮᠤᠵᠢᠯ ᠤᠨ ᠠᠵᠢᠯᠳᠠᠳ ᠲᠤ ᠪᠠᠶᠠᠷ ᠤᠨ ᠡᠳᠤᠷ ᠤᠨ ᠮᠡᠨᠳᠤᠴᠢᠯᠡᠯ ᠪᠠ ᠴᠢᠩ ᠰᠡᠳᠬᠢᠯ ᠤᠨ ᠬᠦᠨᠳᠤᠳᠬᠡᠯ ᠲᠡᠪᠰᠢᠬᠦᠯᠵᠡᠢ᠃
   9 ᠳ᠋ᠤᠬᠡᠷ ᠰᠠᠷ᠎ᠠ ᠶᠢᠨ 8 ᠤ ᠡᠳᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠠᠷᠤᠭ᠎ᠠ ᠸᠠᠩ ᠯᠢ ᠰᠢᠶ᠋ᠨ ᠬᠦᠬᠡᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ ᠳᠤ ᠬᠦᠷᠴᠤ᠂ ᠲᠤᠰ ᠰᠤᠷᠭᠠᠭᠤᠯᠢ ᠶᠢᠨ ᠪᠠᠭᠰᠢ ᠨᠠᠷ ᠤᠨ ᠲᠦᠯᠦᠭᠡᠯᠡᠭᠴᠢ ᠬᠦᠸᠧ ᠷᠦᠢ ᠪᠢᠨ ᠢ ᠪᠤᠯᠭᠤᠭᠠᠨ ᠦᠵᠡᠭᠰᠡᠨ ᠪᠦᠬᠡᠳ ᠪᠠᠶᠠᠷ ᠤᠨ ᠡᠳᠤᠷ ᠤᠨ ᠵᠦᠡᠭᠨᠡᠯ ᠲᠡᠪᠰᠦᠬᠦᠯᠪᠡ᠃   ᠬᠦᠬᠡᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ ᠪᠤᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ᠂ ᠬᠦᠬᠡᠬᠤᠳᠠ ᠬᠤᠶᠠᠷ ᠲᠡᠰ ᠤᠨ ᠭᠤᠤᠯᠳᠠᠯᠭ᠎ᠠ ᠲᠠᠢ ᠲᠤᠮᠳᠠᠳᠤ ᠰᠤᠷᠭᠠᠭᠤᠯᠢ ᠪᠤᠯᠬᠤ ᠶᠤᠮ᠃ ᠸᠠᠩ ᠯᠢ ᠰᠢᠶ᠋ᠨ ᠲᠤᠰ ᠰᠤᠷᠭᠠᠭᠤᠯᠢ ᠳᠤ ᠢᠷᠡᠵᠤ᠂ ᠰᠠᠭᠤᠷᠢ ᠲᠦᠬᠦᠬᠡᠷᠤᠮᠵᠢ ᠵᠡᠷᠬᠡ ᠪᠠᠶᠢᠳᠠᠯ ᠢ ᠨᠠᠷᠢᠯᠢᠭ ᠪᠠᠶᠢᠴᠠᠭᠠᠨ ᠦᠵᠡᠭᠰᠡᠨ ᠪᠦᠬᠡᠳ ᠰᠤᠷᠭᠠᠭᠤᠯᠢ ᠶᠢᠨ ᠤᠯᠠᠨ ᠶᠠᠩᠵᠤᠳᠤ ᠴᠢᠨᠠᠷᠳᠠᠢ ᠲᠤᠷᠰᠢᠯᠳᠠ ᠶᠢᠨ ᠰᠠᠭᠤᠷᠢᠨ ᠭᠠᠵᠠᠷ ᠪᠤᠯᠤᠨ ᠵᠤᠬᠢᠶᠠᠮᠠᠯ ᠤᠶᠤᠨ ᠤ ᠰᠢᠨ᠎ᠡ ᠶᠢ ᠡᠬᠦᠳᠬᠦ ᠦᠢᠯᠡᠳᠤᠯᠬᠡ ᠶᠢᠨ ᠰᠠᠭᠤᠷᠢᠨ ᠭᠠᠵᠠᠷ ᠢ ᠲᠤᠭᠤᠷᠢᠨ ᠦᠵᠡᠵᠤ᠂ ᠰᠤᠷᠤᠬᠴᠢᠳ ᠤᠨ ᠨᠡᠶᠢᠬᠡᠮ ᠤᠨ ᠦᠢᠯᠡᠳᠤᠯᠬᠡ ᠪᠤᠯᠤᠨ ᠰᠢᠨ᠎ᠡ ᠶᠢ ᠡᠬᠦᠳᠬᠦ ᠲᠤᠷᠰᠢᠯᠳᠠ ᠶᠢᠨ ᠬᠦᠳᠡᠯᠬᠡᠬᠡᠨ ᠦᠷᠨᠢᠬᠦᠯᠵᠤ ᠪᠠᠶᠢᠭ᠎ᠠ ᠪᠠᠶᠢᠳᠠᠯ ᠢ ᠨᠠᠷᠢᠯᠢᠭ ᠤᠶᠢᠯᠠᠭᠠᠵᠤ ᠪᠠᠭᠰᠢ ᠨᠠᠷ ᠲᠠᠢ ᠲᠤᠳᠤᠨᠤ ᠪᠠᠨ ᠶᠠᠷᠢᠯᠴᠠᠪᠠ᠃ ᠸᠠᠩ ᠯᠢ ᠰᠢᠶ᠋ᠨ᠂ ᠬᠦᠸᠧ ᠷᠦᠢ ᠪᠢᠨ ᠲᠠᠢ ᠠᠭᠤᠯᠵᠠᠩᠭᠤᠳᠠ ︽ᠪᠠᠭᠰᠢ ᠶᠢᠨ ᠪᠠᠶᠠᠷ ᠤᠨ ᠡᠳᠤᠷ ᠤᠨ ᠮᠡᠨᠳᠤ ᠲᠡᠪᠰᠢᠬᠦᠯᠤᠶ᠎ᠡ︾ ᠭᠡᠵᠤ ᠪᠠᠶᠠᠷ ᠤᠨ ᠡᠳᠤᠷ ᠤᠨ ᠮᠡᠨᠳᠤ ᠲᠡᠪᠰᠢᠬᠦᠯᠦᠭᠰᠡᠨ ᠪᠦᠬᠡᠳ ᠲᠡᠬᠦᠨ ᠤ ᠠᠮᠢᠳᠤᠷᠠᠯ ᠪᠤᠯᠤᠨ ᠠᠵᠢᠯ   ᠤᠨ ᠪᠠᠶᠢᠳᠠᠯ ᠢ ᠲᠤᠳᠤᠨᠤ ᠪᠠᠷ ᠠᠰᠠᠭᠤᠨ ᠯᠠᠪᠯᠠᠪᠠ᠃ ᠡᠬᠦᠨ ᠤ ᠬᠠᠮᠳᠤ ᠸᠠᠩ ᠯᠢ ᠰᠢᠶ᠋ᠨ ᠴᠢᠬᠤᠯᠠᠴᠢᠯᠠᠬᠰᠠᠨ ᠨᠢ᠂ ᠪᠦᠬᠦ ᠤᠷᠤᠨ ᠤ ᠪᠠᠭᠰᠢ ᠨᠠᠷ ᠰᠢ ᠶᠢᠨ ᠫᠢᠡᠭ ᠶᠡᠷᠤᠩᠭᠡᠢ ᠱᠦᠵᠢ ᠶᠢᠨ ᠵᠠᠬᠢᠶᠠᠰᠤ ᠶᠢ ᠢᠮᠠᠬᠳᠠ ᠪᠠᠳᠤ ᠴᠡᠬᠡᠵᠢᠯᠡᠨ᠂ ᠶᠤᠰᠤ ᠰᠤᠷᠳᠠᠬᠤᠨ ᠢᠶᠠᠷ ᠬᠦᠮᠤᠨ ᠢ ᠬᠦᠮᠤᠵᠢᠬᠦᠯᠬᠦ ᠤᠭ ᠰᠠᠨᠠᠭ᠎ᠠ᠂ ᠨᠠᠮ ᠤᠨ ᠲᠦᠯᠦᠬᠡ ᠬᠦᠮᠦᠨ ᠢ ᠬᠦᠮᠤᠵᠢᠬᠦᠯᠬᠦ᠂ ᠤᠯᠤᠰ ᠤᠨ ᠲᠦᠯᠦᠬᠡ ᠴᠢᠳᠠᠪᠤᠷᠢᠳᠠᠨ ᠢ ᠬᠦᠮᠤᠵᠢᠬᠦᠯᠬᠦ ᠬᠠᠷᠢᠭᠤᠴᠠᠯᠭ᠎ᠠ ᠪᠠᠨ ᠤᠮᠠᠷᠳᠠᠯ ᠦᠬᠡᠢ ᠪᠠᠷ ᠰᠤᠷᠤᠬᠴᠢᠳ  ᠤᠨ ᠶᠡᠷᠤᠩᠭᠡᠶᠢᠯᠡᠭᠰᠡᠨ ᠬᠡᠪ ᠴᠢᠨᠠᠷ ᠢ ᠴᠢᠷᠮᠠᠶᠢᠨ ᠲᠡᠭᠡᠭᠰᠢᠯᠡᠬᠦᠯᠵᠤ᠂ ᠰᠤᠷᠤᠬᠴᠢᠳ ᠤᠨ ᠪᠦᠬᠦ ᠲᠠᠯ᠎ᠠ ᠶᠢᠨ ᠡᠷᠡᠬᠦᠯ ᠦᠰᠤᠨ ᠪᠤᠶᠢᠵᠢᠯᠳᠠ ᠶᠢ ᠠᠬᠢᠭᠤᠯᠬᠤ ᠬᠡᠷᠡᠭᠳᠡᠢ᠃
9 ᠳ᠋ᠤᠬᠡᠷ ᠰᠠᠷ᠎ᠠ ᠶᠢᠨ 8 ᠤ ᠡᠳᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ  ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠠᠷᠤᠭ᠎ᠠ ᠸᠠᠩ ᠯᠢ ᠰᠢᠶ᠋ᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠮᠤᠵᠢ ᠶᠠᠮᠤᠨ ᠤ ᠬᠠᠮᠳᠤ ᠪᠠᠷ ᠪᠠᠶᠢᠭᠤᠯᠤᠬᠰᠠᠨ ᠲᠠᠯ᠎ᠠ ᠨᠤᠳᠤᠭ ᠤᠨ ᠬᠡᠷ ᠤᠨ ᠲᠡᠵᠢᠬᠡᠪᠤᠷᠢ ᠶᠢ ᠲᠤᠬᠢᠷᠠᠭᠤᠯᠤᠨ ᠡᠵᠡᠮᠳᠡᠬᠦ ᠪᠠ ᠦᠷᠡᠵᠢᠬᠦᠯᠬᠦ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠤᠨ ᠬᠠᠷᠢᠭᠤᠴᠠᠯᠭᠠᠳᠠᠨ ᠬᠤ᠋ ᠸᠧᠢ ︵ᠵᠡᠬᠦᠨ ᠬᠤᠶᠠᠳᠤᠭᠠᠷ︶ ᠪᠤᠯᠤᠨ ᠰᠤᠳᠤᠯᠭᠠᠨ ᠤ ᠪᠦᠯᠬᠦᠮ ᠤᠨ ᠪᠤᠰᠤᠳ ᠨᠦᠬᠦᠳ ᠢ ᠪᠤᠯᠭᠤᠭᠠᠨ ᠦᠵᠡᠪᠡ᠃    ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠡᠮᠦᠨ᠎ᠡ ᠲᠤᠭᠤᠷᠢᠭ ᠲᠤ ᠸᠠᠩ ᠯᠢ ᠰᠢᠶ᠋ᠨ ᠮᠤᠵᠢ ᠶᠠᠮᠤᠨ ᠤ ᠬᠠᠮᠳᠤ ᠪᠠᠷ ᠪᠠᠶᠢᠭᠤᠯᠤᠬᠰᠠᠨ ᠲᠠᠯ᠎ᠠ ᠨᠤᠳᠤᠭ ᠤᠨ ᠬᠡᠷ ᠤᠨ ᠲᠡᠵᠢᠬᠡᠪᠤᠷᠢ ᠶᠢ ᠲᠤᠬᠢᠷᠠᠭᠤᠯᠤᠨ ᠡᠵᠡᠮᠳᠡᠬᠦ ᠪᠠ ᠦᠷᠡᠵᠢᠬᠦᠯᠬᠦ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠲᠤ ᠤᠷᠤᠵᠤ᠂ ᠰᠢᠨᠵᠢᠯᠡᠬᠦ ᠮᠡᠷᠬᠡᠵᠢᠯ ᠤᠨ ᠰᠣᠳᠤᠯᠭᠠᠨ ᠤ ᠪᠠᠶᠢᠳᠠᠯ ᠢ ᠨᠠᠷᠢᠯᠢᠭ ᠤᠶᠢᠯᠠᠭᠠᠬᠰᠠᠨ ᠪᠦᠬᠡᠳ ᠬᠤ᠋ ᠸᠧᠢ ᠫᠷᠤᠹᠧᠰᠰᠤᠷ ᠪᠤᠯᠤᠨ ᠰᠢᠨᠵᠢᠯᠡᠬᠦ ᠮᠡᠷᠬᠡᠵᠢᠯ  ᠤᠨ ᠰᠤᠳᠤᠯᠭᠠᠨ ᠤ ᠪᠦᠯᠬᠦᠮ ᠤᠨ ᠪᠤᠰᠤᠳ ᠬᠡᠰᠢᠬᠦᠨ ᠢ ᠪᠤᠯᠭᠤᠭᠠᠨ ᠲᠤᠭᠤᠨᠢᠭᠤᠯᠪᠠ᠃ ᠸᠠᠩ ᠯᠢ ᠰᠢᠶ᠋ᠨ ᠵᠢᠭᠠᠬᠰᠠᠨ ᠨᠢ᠂ ᠲᠡᠬᠡᠳᠤ ᠰᠤᠷᠭᠠᠭᠤᠯᠢ ᠶᠢᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠤ ᠠᠵᠢᠯ ᠨᠢ ᠰᠢ ᠶᠢᠨ ᠫᠢᠡᠭ ᠶᠡᠷᠤᠩᠭᠡᠢ ᠱᠦᠵᠢ ᠪᠤᠯᠤᠨ ᠨᠠᠮ ᠤᠨ ᠲᠦᠪ ᠬᠤᠷᠢᠶᠠᠨ ᠠᠴᠠ ᠦᠪᠤᠷ ᠮᠤᠩᠭᠤᠯ ᠳᠤ ᠲᠤᠬᠳᠠᠭᠠᠵᠤ ᠦᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠪᠤᠯᠤᠨ ᠠᠵᠢᠯᠯᠠᠭᠠᠨ ᠤ ᠬᠦᠳᠤᠯᠪᠤᠷᠢ ᠨᠠᠶᠢᠳᠠᠪᠤᠷᠢᠵᠢᠭᠤᠯᠬᠤ  ᠶᠢᠨ ᠲᠤᠭᠤᠷᠢᠨ ᠳᠤ ᠰᠢᠨᠵᠢᠯᠡᠬᠦ ᠮᠡᠷᠬᠡᠵᠢᠯ ᠤᠨ ᠰᠢᠨ᠎ᠡ ᠶᠢ ᠡᠬᠦᠳᠤᠨ ᠬᠦᠳᠤᠯᠤᠨ ᠲᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠢᠨᠠᠷᠯᠢᠭ ᠬᠦᠭᠵᠢᠯᠳᠡ ᠳᠤ ᠨᠡᠩ ᠰᠠᠶᠢᠳᠤᠷ ᠦᠢᠯᠡᠴᠢᠯᠡᠬᠦ ᠬᠡᠷᠡᠭᠳᠡᠢ᠃  ᠵᠠᠰᠠᠭ ᠤᠨ ᠤᠷᠳᠤᠨ᠂ ᠰᠤᠷᠭᠠᠭᠤᠯᠢ᠂ ᠨᠡᠶᠢᠬᠡᠮ ᠬᠠᠮᠵᠢᠯᠴᠠᠵᠤ ᠦᠢᠯᠡᠳᠪᠤᠷᠢᠯᠡᠯ ᠰᠤᠷᠭᠠᠬᠤ ᠰᠤᠳᠤᠯᠭᠠᠨ ᠢ ᠨᠢᠬᠡ ᠴᠤᠬᠴᠠᠵᠢᠭᠤᠯᠤᠨ ᠠᠬᠢᠭᠤᠯᠵᠤ᠂ ᠰᠢᠨᠵᠢᠯᠡᠬᠦ ᠮᠡᠷᠬᠡᠵᠢᠯ ᠶᠢᠨ ᠰᠤᠳᠤᠯᠭᠠᠨ ᠤ ᠨᠡᠩ ᠤᠯᠠᠨ ᠦᠷ᠎ᠡ ᠪᠦᠳᠦᠮᠵᠢ ᠶᠢ ᠮᠠᠨ ᠤ ᠤᠷᠤᠨ ᠳᠤ ᠦᠨᠳᠤᠰᠤᠯᠡᠬᠦᠯᠵᠤ ᠦᠷ᠎ᠡ ᠵᠢᠮᠢᠰ ᠰᠠᠭᠤᠯᠭᠠᠬᠤ ᠬᠡᠷᠡᠭᠳᠡᠢ᠃ ᠲᠡᠬᠡᠳᠤ ᠰᠤᠷᠭᠠᠭᠤᠯᠢ ᠴᠢᠳᠠᠪᠤᠷᠢᠳᠠᠨ ᠢ ᠲᠠᠳᠠᠵᠤ᠂ ᠴᠢᠳᠠᠪᠤᠷᠢᠳᠠᠨ ᠢ ᠦᠯᠡᠳᠡᠭᠡᠨ᠂ ᠴᠢᠳᠠᠪᠤᠷᠢᠳᠠᠨ ᠢ ᠬᠦᠮᠤᠵᠢᠬᠦᠯᠵᠤ᠂ ᠴᠢᠳᠠᠪᠤᠷᠢᠳᠠᠨ ᠢ ᠰᠠᠶᠢᠳᠤᠷ ᠬᠡᠷᠡᠭᠯᠡᠨ᠂ ᠰᠢᠨᠵᠢᠯᠡᠬᠦ ᠮᠡᠷᠬᠡᠵᠢᠯ ᠤᠨ ᠰᠤᠳᠤᠯᠭᠠᠨ  ᠤ ᠠᠵᠢᠯᠯᠭᠠᠨ ᠤ ᠰᠢᠨᠵᠢᠯᠡᠬᠦ ᠤᠬᠠᠭᠠᠨᠴᠢ ᠬᠠᠮᠢᠶᠠᠷᠤᠯᠳᠠ ᠪᠤᠯᠤᠨ ᠦᠢᠯᠡᠴᠢᠯᠡᠬᠡᠨ ᠤ ᠪᠠᠳᠤᠯᠠᠭ᠎ᠠ ᠶᠢ ᠴᠢᠩᠭᠠᠳᠬᠠᠨ᠂ ᠰᠢᠨᠵᠢᠯᠡᠬᠦ ᠮᠡᠷᠬᠡᠵᠢᠯ ᠤᠨ ᠰᠤᠳᠤᠯᠭᠠᠳᠠᠳ ᠲᠤ ᠰᠢᠨ᠎ᠡ ᠶᠢ ᠡᠬᠦᠳᠬᠦ ᠰᠠᠶᠢᠨ ᠰᠠᠶᠢᠬᠠᠨ ᠤᠷᠴᠢᠮ ᠲᠤᠭᠤᠷᠢᠨ ᠢ ᠪᠦᠷᠢᠯᠳᠤᠬᠦᠯᠬᠦ ᠬᠡᠷᠡᠭᠳᠡᠢ᠃ ᠰᠢᠨᠵᠢᠯᠡᠬᠦ ᠮᠡᠷᠬᠡᠵᠢᠯ ᠤᠨ ᠰᠤᠳᠤᠯᠤᠭᠠᠴᠢᠳ ᠭᠠᠵᠠᠷ ᠤᠷᠤᠨ ᠪᠤᠯᠤᠨ ᠠᠵᠤ ᠦᠢᠯᠡᠰ  ᠤᠨ ᠬᠡᠷᠡᠭᠴᠡᠭᠡ ᠯᠦᠭᠡ ᠬᠦᠳᠡᠯᠤᠩᠭᠦᠢ ᠪᠠᠷ ᠬᠠᠷᠢᠯᠴᠠᠵᠤ᠂ ᠰᠡᠳᠤᠪ ᠤᠨ ᠲᠦᠷᠤᠯ ᠵᠦᠢᠯ ᠬᠠᠶᠢᠵᠤ᠂ ᠮᠡᠷᠬᠡᠵᠢᠯ ᠤᠨ ᠪᠤᠭᠤᠮᠳᠠ ᠰᠢᠪᠳᠤᠯᠤᠯᠳᠠ ᠶᠢ ᠦᠷᠨᠢᠬᠦᠯᠤᠨ᠂ ᠦᠬᠦᠯᠡᠯ ᠢᠶᠠᠨ ᠦᠨᠡᠨ ᠬᠦ ᠡᠬᠡ ᠤᠯᠤᠰ ᠤᠨ ᠠᠭᠤᠤ ᠶᠡᠭᠡ ᠡᠬᠡ ᠭᠠᠵᠠᠷ ᠲᠡᠬᠡᠷ᠎ᠡ  ᠪᠢᠴᠢᠭᠯᠡᠨ᠂ ᠰᠢᠨᠵᠢᠯᠡᠬᠦ ᠮᠡᠷᠬᠡᠵᠢᠯ ᠤᠨ ᠦᠷ᠎ᠡ ᠪᠦᠳᠦᠮᠵᠢ ᠪᠠᠨ ᠤᠳᠤᠬᠢᠴᠢᠯᠠᠬᠰᠠᠨ ᠨᠡᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠠᠭᠤᠤ ᠶᠡᠭᠡ ᠦᠢᠯᠡᠰ ᠲᠤ ᠬᠡᠷᠡᠭᠯᠡᠬᠦ ᠬᠡᠷᠡᠭᠳᠡᠢ᠃   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠬᠦᠬᠡᠬᠤᠳᠠ  ᠶᠢᠨ ᠬᠠᠷᠢᠭᠤᠴᠠᠯᠭᠠᠳᠠᠨ ᠨᠦᠬᠦᠳ ᠠᠵᠢᠯᠯᠠᠭᠠᠨ ᠳᠤ ᠤᠷᠤᠯᠴᠠᠵᠠᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号