ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠠᠷᠠᠳ  ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠴᠢᠩᠭ᠎ᠠ ᠪᠤᠳᠠᠳᠠᠢ ᠰᠠᠶᠢᠳᠤᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2021/9/10
ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠰᠢ ᠶᠢᠨ ᠫᠢᠡᠭ ᠶᠡᠷᠤᠩᠭᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠨ ᠵᠢᠭᠠᠪᠤᠷᠢ ᠴᠤᠬᠤᠯᠠᠪᠤᠷᠢ  ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠨᠠᠶᠢᠳᠠᠪᠤᠷᠢᠵᠢᠭᠤᠯᠵᠤ᠂ ᠪᠦᠬᠦ ᠤᠯᠤᠰ᠂ ᠪᠦᠬᠦ ᠤᠷᠤᠨ ᠤ ᠬᠢᠵᠢᠭ  ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠳᠠ ᠲᠤᠬᠢᠷᠠᠭᠤᠯᠤᠯᠳᠠ ᠶᠢ ᠲᠡᠷᠨ ᠲᠠᠷᠤᠢ ᠳᠤ ᠤᠯᠠᠮᠵᠢᠯᠠᠵᠤ᠂ ᠪᠦᠬᠦ ᠤᠷᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ ᠢ ᠲᠠᠷᠤᠶᠢᠬᠠᠨ ᠬᠤᠷᠠᠯᠳᠤᠭᠤᠯᠵᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ  ᠶᠢ ᠲᠠᠬᠢᠨᠳᠠ ᠪᠠᠳᠤᠳᠬᠠᠨ᠂ ᠨᠠᠶᠢᠳᠠᠪᠤᠷᠢᠵᠢᠭᠤᠯᠬᠤ ᠶᠢ ᠲᠠᠬᠢᠨᠳᠠ ᠱᠠᠭᠠᠷᠳᠠᠵᠤ᠂ ᠡᠬᠦᠷᠬᠡ ᠶᠢ ᠲᠠᠬᠢᠨᠳᠠ ᠪᠠᠶᠢᠷᠢᠯᠠᠭᠤᠯᠵᠤ᠂ ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠮᠤᠷ ᠲᠦᠪᠰᠢᠨ᠂ ᠦᠢᠯᠡᠴᠢᠯᠡᠭᠡ ᠬᠦᠷᠳᠡᠭᠴᠢᠳ ᠤᠨ ᠠᠮᠢ ᠨᠠᠰᠤ ᠡᠷᠡᠬᠦᠯ ᠮᠡᠨᠳᠤ ᠶᠢ ᠴᠢᠷᠮᠠᠶᠢᠨ ᠪᠠᠳᠤᠯᠠᠵᠤ ᠪᠠᠶᠢᠨ᠎ᠠ᠃ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠢᠶᠠᠨ ᠴᠢᠩᠭᠠᠳᠬᠠᠪᠠ᠃ ︽ᠠᠷᠠᠳ ᠤᠨ ᠶᠠᠪᠤᠳᠠᠯ ᠤᠨ ᠰᠢᠰᠲ᠋ᠧᠮ ᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠤᠯᠠᠮ ᠴᠢᠩᠭᠠᠳᠬᠠᠬᠤ ᠲᠤᠬᠠᠢ ᠮᠡᠳᠡᠭᠳᠡᠯ︾ ᠢ ᠲᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠨᠠᠰᠤᠵᠢᠯ ᠤᠨ ᠦᠢᠯᠡᠴᠢᠯᠡᠭᠡ ᠂ ᠬᠡᠤᠬᠡᠳ ᠤᠨ ᠠᠰᠠᠷᠠᠮᠵᠢ᠂ ᠤᠶᠤᠨ ᠤ ᠡᠷᠡᠬᠦᠯ ᠬᠠᠮᠠᠭᠠᠯᠠᠯ᠂ ᠤᠷᠤᠰᠢᠭᠤᠯᠭ᠎ᠠ ᠶᠢᠨ ᠦᠢᠯᠡᠴᠢᠯᠡᠭᠡ ᠵᠡᠷᠬᠡ ᠠᠷᠠᠳ  ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠦᠭᠯᠡᠬᠦᠷ  ᠢ ᠬᠢᠨᠠᠮᠠᠭᠠᠢ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ᠂ ᠠᠷᠠᠳ ᠤᠨ ᠶᠠᠪᠤᠳᠠᠯ ᠤᠨ ᠡᠯ᠎ᠡ ᠲᠦᠷᠤᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠤᠨᠴᠠᠯᠢᠭ ᠤᠨ ᠪᠤᠳᠠᠳᠤ ᠪᠠᠶᠢᠳᠠᠯ ᠢ ᠦᠨᠳᠤᠰᠤᠯᠡᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠠᠷᠭ᠎ᠠ ᠪᠠᠷᠢᠯ ᠢ ᠲᠦᠷᠤᠯ ᠬᠤᠪᠢᠶᠠᠨ ᠲᠤᠬᠳᠠᠭᠠᠨ ᠲᠡᠬᠦᠯᠳᠡᠷᠵᠢᠬᠦᠯᠵᠤ᠂ ᠬᠤᠳᠠ ᠪᠠᠯᠭᠠᠰᠤᠨ ᠤ ᠨᠡᠶᠢᠬᠡᠮ ᠲᠤᠭᠤᠷᠢᠭ ᠤᠨ ᠨᠠᠰᠤᠵᠢᠯ ᠤᠨ ᠦᠢᠯᠡᠴᠢᠯᠡᠬᠡᠨ ᠤ ᠲᠦᠪ᠂ ᠬᠦᠳᠡᠭᠡ ᠲᠤᠰᠬᠤᠨ ᠮᠠᠯᠵᠢᠬᠤ ᠤᠷᠤᠨ ᠤ ᠬᠠᠷᠢᠯᠴᠠᠨ ᠲᠤᠰᠠᠯᠠᠯᠴᠠᠬᠤ ᠵᠤᠯ ᠵᠢᠷᠭᠠᠯᠳᠤ ᠬᠦᠷᠢᠶᠡᠯᠡᠩ ᠵᠡᠷᠬᠡ ᠪᠠᠶᠢᠭᠤᠯᠤᠮᠵᠢ ᠶᠢᠨ ᠲᠦᠪᠯᠡᠷᠡᠭᠰᠡᠨ ᠴᠢᠨᠠᠷᠳᠠᠢ ᠠᠵᠢᠯᠯᠠᠭᠠᠨ ᠪᠤᠯᠤᠨ ᠦᠢᠯᠡᠴᠢᠯᠡᠭᠡ ᠶᠢ ᠲᠦᠷ ᠵᠤᠬᠰᠤᠭᠠᠵᠤ᠂ ᠡᠯ᠎ᠡ ᠱᠠᠳᠤᠨ ᠤ ᠨᠠᠰᠤᠨ ᠳᠤ ᠦᠯᠤ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠦᠢᠯᠡᠳᠤᠯ ᠢ ᠬᠦᠢᠴᠡᠳ ᠪᠠᠳᠠᠷᠠᠭᠤᠯᠵᠤ᠂ ᠬᠠᠷᠢᠶ᠎ᠠ ᠤᠷᠤᠨ ᠤ ᠲᠤᠳᠤᠷᠠᠬᠢ ᠦᠨᠤᠴᠢᠨ ᠬᠡᠤᠬᠡᠳ᠂ ᠠᠪᠤ ᠡᠵᠢ ᠨᠢ ᠲᠡᠵᠢᠬᠡᠬᠦ ᠪᠤᠯᠤᠯᠴᠠᠭ᠎ᠠ ᠦᠬᠡᠢ ᠬᠡᠤᠬᠡᠳ ᠤᠨ ᠬᠠᠷᠠᠭᠠᠯᠵᠠᠨ ᠬᠠᠮᠠᠭᠠᠠᠯᠠᠬᠤ ᠪᠠᠶᠢᠳᠠᠯ ᠢ ᠲᠤᠭᠤᠷᠢᠨ ᠰᠢᠭ᠍ᠰᠢᠵᠤ ᠪᠠᠶᠢᠴᠠᠭᠠᠨ᠂ ᠬᠡᠰᠢᠬᠦᠨ ᠨᠢᠬᠡᠴᠢ ᠶᠢ ᠵᠤᠬᠢᠶᠠᠨ ᠪᠠᠶᠢᠭᠤᠯᠵᠤ ᠪᠠᠶᠢᠭᠠᠳ ᠨᠠᠰᠤᠨ ᠳᠤ ᠦᠯᠤ ᠬᠦᠷᠦᠭᠰᠡᠳ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠬᠠᠯᠠᠮᠵᠢᠯᠠᠨ ᠬᠠᠮᠠᠭᠠᠯᠠᠬᠤ ᠠᠵᠢᠯ ᠢ ᠬᠠᠮᠳᠤ ᠪᠠᠷ ᠬᠢᠭᠰᠡᠨ ᠪᠠᠶᠢᠨ᠎ᠠ᠃ ᠵᠢᠯᠤᠭᠤᠳᠤᠯᠭ᠎ᠠ ᠪᠠ ᠬᠢᠨᠠᠨ ᠱᠠᠭᠠᠷᠳᠠᠬᠤ ᠪᠠᠨ ᠴᠢᠩᠭᠠᠳᠬᠠᠪᠠ᠃ ︽ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠪᠠ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠲᠤᠬᠠᠢ ᠪᠠᠴᠢᠮ ᠮᠡᠳᠡᠭᠳᠡᠯ︾ ᠢ ᠬᠡᠪᠯᠡᠬᠦᠯᠤᠨ ᠲᠠᠷᠬᠠᠭᠠᠵᠤ᠂  ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ  ᠢ ᠰᠡᠷᠬᠡᠶᠢᠯᠡᠨ ᠡᠵᠡᠮᠳᠡᠬᠦ ᠪᠠᠶᠢᠳᠠᠯ ᠤᠨ ᠡᠳᠤᠷ ᠤᠨ ᠮᠡᠳᠡᠬᠦᠯᠤᠯᠳᠡ ᠶᠢᠨ ᠲᠦᠷᠢᠮ ᠢ ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠤᠯᠪᠤᠭᠠᠯᠠᠨ ᠰᠤᠭᠤᠴᠢᠨ ᠪᠠᠶᠢᠴᠠᠭᠠᠵᠤ ᠨᠢᠭᠤᠴᠨ ᠪᠠᠷ ᠪᠠᠶᠢᠴᠠᠭᠠᠬᠤ ᠲᠤᠬᠳᠠᠯᠴᠠᠭ᠎ᠠ ᠶᠢ ᠪᠠᠶᠢᠭᠤᠯᠤᠨ᠂ ᠸᠢᠳᠢᠤ᠋ ᠪᠠᠷ ᠬᠤᠯᠪᠤᠬᠳᠠᠬᠤ ᠪᠤᠯᠤᠨ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠪᠠᠷ 731 ᠨᠠᠰᠤᠵᠢᠯ ᠤᠨ ᠪᠠᠶᠢᠭᠤᠯᠤᠮᠵᠢ᠂ 76 ᠬᠡᠤᠬᠡᠳ ᠤᠨ ᠠᠰᠠᠷᠠᠮᠵᠢ ᠶᠢᠨ ᠭᠠᠵᠠᠷ ᠪᠤᠯᠤᠨ ᠨᠠᠰᠤᠨ ᠳᠤ ᠦᠯᠤ ᠬᠦᠷᠦᠭᠰᠡᠳ ᠢ ᠬᠠᠮᠠᠭᠠᠯᠠᠬᠤ ᠪᠠᠶᠢᠭᠤᠯᠤᠮᠵᠢ᠂ 33 ᠲᠡᠨᠤᠬᠦᠴᠢᠯᠡᠨ ᠭᠤᠶᠢᠷᠠᠨᠴᠢᠯᠠᠭᠰᠠᠳ ᠤᠨ ᠲᠦᠷ ᠴᠠᠭ ᠤᠨ ᠲᠤᠰᠠᠯᠠᠮᠵᠢ᠂ ᠤᠷᠤᠰᠢᠭᠤᠯᠭ᠎ᠠ ᠶᠢᠨ ᠦᠢᠯᠡᠴᠢᠯᠡᠬᠡᠨ ᠤ ᠪᠠᠶᠢᠭᠤᠯᠤᠮᠵᠢ ᠵᠡᠷᠬᠡ ᠶᠢ ᠰᠤᠭᠤᠴᠢᠨ ᠪᠠᠶᠢᠴᠠᠭᠠᠭᠠᠳ᠂ ᠬᠡᠮ ᠰᠤᠭᠤᠭ ᠪᠤᠯᠵᠤ ᠪᠠᠶᠢᠬᠰᠠᠨ 23 ᠠᠰᠠᠭᠤᠳᠠᠯ ᠢ ᠢᠯᠡᠷᠡᠬᠦᠯᠵᠤ᠂ ᠲᠤᠰ ᠲᠤᠰ ᠲᠤ ᠨᠢ ᠵᠠᠰᠠᠨ ᠴᠡᠭᠴᠡᠯᠡᠬᠦ ᠮᠡᠳᠡᠭᠳᠡᠯ ᠪᠠᠭᠤᠯᠭᠠᠬᠰᠠᠨ ᠪᠦᠬᠡᠳ ᠲᠤᠬᠳᠠᠭᠰᠠᠨ ᠬᠤᠭᠤᠴᠠᠭ᠎ᠠ ᠲᠠᠢ ᠪᠠᠷ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠵᠤ ᠪᠠᠶᠢᠨ᠎ᠠ᠃ ᠤᠳᠤᠬᠠᠨ ᠳᠤ ᠪᠠᠶᠢᠴᠠᠭᠠᠵᠤ ᠢᠯᠡᠷᠡᠬᠦᠯᠦᠭᠰᠡᠨ ᠠᠰᠠᠭᠤᠳᠠᠯ ᠢ ᠪᠦᠬᠦᠨ ᠢᠶᠠᠷ ᠨᠢ ᠵᠠᠰᠠᠨ ᠴᠡᠭᠴᠡᠯᠡᠵᠤ ᠲᠠᠭᠤᠰᠴᠠᠢ᠃  ᠸᠠᠺᠼᠢᠨ ᠤ ᠲᠠᠷᠢᠯᠭ᠎ᠠ ᠲᠠᠷᠢᠬᠤ ᠶᠢ ᠲᠦᠷᠬᠡᠳᠬᠡᠪᠡ᠃ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ  ᠤᠨ ᠵᠢᠭᠠᠨ ᠵᠢᠯᠤᠭᠤᠳᠴᠤ ᠪᠠᠶᠢᠭᠠᠳ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠠᠯᠠᠭ᠎ᠠ ᠮᠦᠴᠢᠷ ᠲᠠᠢ ᠬᠦᠳᠡᠯᠤᠩᠭᠦᠢ  ᠪᠠᠷ ᠵᠤᠬᠢᠴᠠᠭᠤᠯᠵᠤ᠂ ᠮᠡᠷᠬᠡᠵᠢᠯ ᠤᠨ ᠲᠡᠮᠵᠢᠯᠬᠡ ᠪᠠ ᠦᠢᠯᠡᠴᠢᠯᠡᠬᠡᠨ ᠤ ᠪᠠᠳᠤᠯᠠᠭ᠎ᠠ ᠤᠯᠵᠤ᠂ ᠠᠷᠠᠳ ᠤᠨ ᠶᠠᠪᠤᠳᠠᠯ  ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠵᠢᠯᠳᠠᠳ ᠤᠨ ᠸᠠᠺᠼᠢᠨ ᠲᠠᠷᠢᠬᠤ ᠠᠵᠢᠯ ᠢ ᠲᠦᠷᠬᠡᠨ ᠠᠬᠢᠭᠤᠯᠵᠠᠢ᠃  ᠪᠦᠬᠦ ᠤᠷᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠸᠠᠺᠼᠢᠨ ᠤ ᠲᠠᠷᠢᠯᠭ᠎ᠠ ᠶᠢ ᠲᠠᠷᠢᠬᠰᠠᠨ ᠨᠤᠷᠮ᠎ᠠ 98% ᠬᠦᠷᠴᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠠᠵᠢᠯᠳᠠᠳ ᠪᠤᠯᠤᠨ ᠦᠢᠯᠡᠴᠢᠯᠡᠭᠡ ᠬᠦᠷᠳᠡᠭᠴᠢᠳ ᠤᠨ ᠪᠦᠬᠡᠮ ᠬᠦᠴᠢᠯ ᠤᠨ ᠪᠠᠶᠢᠴᠠᠭᠠᠯᠳᠠ ᠶᠢ ᠨᠡᠶᠢᠳᠡᠮ ᠳᠤ ᠨᠢ ᠪᠦᠷᠬᠦᠬᠦᠯᠵᠤ ᠴᠢᠳᠠᠬᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号